ᠨᠢᠭᠡ᠂ ᠮᠡᠷᠭᠡᠵᠢᠯ ᠤᠨ ᠣᠨᠴᠠᠯᠢᠭ | ︽ᠰᠠᠭᠤᠷᠢ ᠪᠣᠷᠳᠣᠭᠤᠷ ᠦᠭᠡᠢ︾ ᠪᠠᠷ ᠪᠣᠷᠳᠣᠭᠤᠷ ᠣᠷᠣᠭᠤᠯᠬᠤ ᠮᠡᠷᠭᠡᠵᠢᠯ ᠪᠣᠯ ᠲᠠᠷᠢᠮᠠᠯ ᠤᠨ ᠰᠢᠮ᠎ᠡ ᠲᠡᠵᠢᠭᠡᠯ ᠤᠨ ᠬᠡᠷᠡᠭᠴᠡᠭᠡ ᠱᠠᠭᠠᠷᠳᠠᠯᠭ᠎ᠠ ᠶᠢᠨ | ᠣᠨᠴᠠᠯᠢᠭ ᠢᠶᠠᠷ ᠬᠠᠷᠠᠯᠲᠠ ᠪᠣᠯᠭᠠᠵᠤ᠂ ᠬᠡᠷᠡᠯ ᠵᠢᠭᠰᠠᠯ ᠤᠨ ᠮᠡᠳᠡᠭᠡ ᠵᠠᠩᠭᠢ ᠳᠤ ᠰᠠᠭᠤᠷᠢᠯᠠᠭᠰᠠᠨ ᠲᠠᠷᠢᠮᠠᠯ ᠤᠨ ᠠᠽᠣᠲ ᠡᠳ᠋ ᠤᠨ ᠰᠢᠮ᠎ᠡ ᠲᠡᠵᠢᠭᠡᠯ ᠢ ᠣᠨᠣᠰᠢᠯᠠᠬᠤ | ᠮᠡᠷᠭᠡᠵᠢᠯ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠢ ᠪᠠᠷ ᠪᠣᠷᠳᠣᠭᠤᠷ ᠣᠷᠣᠭᠤᠯᠬᠤ ᠲᠥᠰᠥᠯ ᠢ ᠲᠣᠭᠲᠠᠭᠠᠵᠤ᠂ ᠰᠠᠭᠤᠷᠢ ᠪᠣᠷᠳᠣᠭᠤᠷ ᠣᠷᠣᠭᠤᠯᠬᠤ ᠦᠭᠡᠢ᠂ | ᠨᠡᠮᠡᠯᠲᠡ ᠪᠣᠷᠳᠣᠭᠤᠷ ᠨᠡᠮᠡᠵᠦ᠂ ᠪᠠᠭ᠎ᠠ ᠬᠡᠮᠵᠢᠶ᠎ᠡ ᠪᠠᠷ ᠣᠯᠠᠨ ᠤᠳᠠᠭ᠎ᠠ᠂ ᠬᠡᠷᠡᠭᠴᠡᠭᠡ ᠪᠠᠷ ᠨᠢ ᠬᠠᠩᠭᠠᠵᠤ᠂ ︽ᠬᠥᠷᠥᠰᠥᠨ ᠳᠤ ᠪᠣᠷᠳᠣᠭᠤᠷ ᠣᠷᠣᠭᠤᠯᠬᠤ︾ | ᠪᠠᠶᠢᠭᠰᠠᠨ ᠢ ︽ᠲᠠᠷᠢᠮᠠᠯ ᠳᠤ ᠪᠣᠷᠳᠣᠭᠤᠷ ᠣᠷᠣᠭᠤᠯᠬᠤ︾ ᠪᠣᠯᠭᠠᠨ ᠬᠤᠪᠢᠷᠠᠭᠤᠯᠬᠤ ᠶᠢ ᠬᠡᠯᠡᠵᠦ ᠪᠤᠢ᠃ ᠲᠤᠰ ᠮᠡᠷᠭᠡᠵᠢᠯ ᠨᠢ ᠲᠦᠷᠪᠡᠨ ᠵᠦᠢᠯ ᠤᠨ ᠮᠡᠷᠭᠡᠵᠢᠯ ᠤᠨ | ᠳᠠᠪᠠᠭᠤᠯᠢᠭ ᠲᠠᠢ᠂ ᠨᠢᠭᠡ ᠳᠤ ᠬᠢᠮᠢ ᠶᠢᠨ ᠪᠣᠷᠳᠣᠭᠤᠷ ᠤᠨ ᠣᠷᠣᠭᠤᠯᠤᠯᠲᠠ ᠶᠢ ᠪᠠᠭᠠᠰᠬᠠᠨ᠎ᠠ᠂ ᠬᠤᠶᠠᠷ ᠲᠤ ᠨᠠᠷᠢᠯᠢᠭ ᠪᠣᠷᠳᠣᠭᠤᠷ ᠣᠷᠣᠭᠤᠯᠬᠤ ᠶᠢ ᠪᠡᠶᠡᠯᠡᠭᠦᠯᠦᠨ᠎ᠡ᠂ | ᠭᠤᠷᠪᠠ ᠳᠤ ᠪᠣᠷᠳᠣᠭᠤᠷ ᠣᠷᠣᠭᠤᠯᠬᠤ ᠣᠶᠢᠯᠠᠭᠠᠭᠳᠠᠬᠤᠨ ᠤ ᠲᠠᠯ᠎ᠠ ᠪᠠᠷ ᠰᠢᠨ᠎ᠡ ᠶᠢ ᠡᠭᠦᠳᠦᠨ᠎ᠡ᠂ ᠳᠥᠷᠪᠡ ᠳᠤ ᠤᠨᠠᠯᠲᠠ ᠪᠠᠨ ᠨᠡᠮᠡᠭᠳᠡᠭᠦᠯᠵᠦ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠤᠨ᠎ᠠ᠃ | ᠬᠤᠶᠠᠷ᠂ ᠵᠢᠱᠢᠶ᠎ᠡ ᠦᠵᠡᠭᠦᠯᠦᠨ ᠳᠡᠯᠭᠡᠷᠡᠭᠦᠯᠬᠦ | 2023 ᠣᠨ ᠳᠤ ᠪᠠᠶᠠᠨᠨᠠᠭᠤᠷ᠂ ᠣᠷᠳᠣᠰ᠂ ᠪᠤᠭᠤᠲᠤ᠂ ᠬᠥᠬᠡᠬᠤᠲᠠ᠂ ᠤᠯᠠᠭᠠᠨᠴᠠᠪ᠂ ᠤᠯᠠᠭᠠᠨᠬᠠᠳᠠ᠂ ᠲᠦᠩᠯᠢᠶᠣᠣ ᠵᠡᠷᠭᠡ 7 ᠠᠶᠢᠮᠠᠭ ᠬᠤᠲᠠ ᠳᠤ ︽ | ᠰᠠᠭᠤᠷᠢ ᠪᠣᠷᠳᠣᠭᠤᠷ ᠦᠭᠡᠢ︾ ᠪᠠᠷ ᠪᠣᠷᠳᠣᠭᠤᠷ ᠣᠷᠣᠭᠤᠯᠬᠤ ᠮᠡᠷᠭᠡᠵᠢᠯ ᠤᠨ ᠲᠤᠷᠰᠢᠯᠲᠠ ᠶᠢ ᠪᠠᠶᠢᠷᠢᠯᠠᠭᠤᠯᠤᠨ ᠥᠷᠨᠢᠭᠦᠯᠪᠡ᠂ ᠵᠠᠭᠤᠨ ᠮᠦ ᠲᠤᠷᠰᠢᠯᠲᠠ ᠶᠢᠨ | ᠣᠷᠣᠨ 10 ᠶᠢ ᠪᠠᠭᠲᠠᠭᠠᠵᠤ᠂ ᠡᠭᠦᠨ ᠳᠤ ᠡᠷᠳᠡᠨᠢ ᠰᠢᠰᠢ ᠶᠢᠨ ᠲᠤᠷᠰᠢᠯᠲᠠ ᠶᠢᠨ ᠣᠷᠣᠨ 7 ︵ᠤᠯᠠᠭᠠᠨᠴᠠᠪ 1᠂ ᠪᠠᠶᠠᠨᠨᠠᠭᠤᠷ 3᠂ ᠲᠦᠩᠯᠢᠶᠣᠣ 3︶᠂ | ᠲᠥᠮᠥᠰᠥ ᠶᠢᠨ ᠲᠤᠷᠰᠢᠯᠲᠠ ᠶᠢᠨ ᠣᠷᠣᠨ 1 ︵ᠤᠯᠠᠭᠠᠨᠴᠠᠪ︶᠂ ᠨᠡᠷᠡᠨ ᠬᠤᠸᠠᠷ ᠤᠨ ᠲᠤᠷᠰᠢᠯᠲᠠ ᠶᠢᠨ ᠣᠷᠣᠨ 2 ︵ᠪᠠᠶᠠᠨᠨᠠᠭᠤᠷ︶︔ ᠮᠢᠩᠭᠠᠨ ᠮᠦ ᠶᠢᠨ | ᠵᠢᠱᠢᠶ᠎ᠡ ᠦᠵᠡᠭᠦᠯᠬᠦ ᠣᠷᠣᠨ 11 ᠪᠠᠶᠢᠵᠤ᠂ ᠡᠭᠦᠨ ᠳᠤ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠣᠷᠣᠨ 10 ︵ᠤᠯᠠᠭᠠᠨᠴᠠᠪ 1᠂ ᠬᠥᠬᠡᠬᠤᠲᠠ 1᠂ | ᠤᠯᠠᠭᠠᠨᠬᠠᠳᠠ 3᠂ ᠪᠠᠶᠠᠨᠨᠠᠭᠤᠷ 3᠂ ᠣᠷᠳᠣᠰ 2︶᠂ ᠲᠥᠮᠥᠰᠥ ᠶᠢᠨ ᠵᠢᠱᠢᠶ᠎ᠡ ᠦᠵᠡᠭᠦᠯᠬᠦ ᠣᠷᠣᠨ 1 ︵ᠤᠯᠠᠭᠠᠨᠴᠠᠪ︶︔ ᠡᠷᠳᠡᠨᠢ ᠰᠢᠰᠢ ᠶᠢᠨ ᠲᠦᠮᠡᠨ | ᠮᠦ ᠶᠢᠨ ᠵᠢᠱᠢᠶ᠎ᠡ ᠦᠵᠡᠭᠦᠯᠬᠦ ᠣᠷᠣᠨ 2 ︵ᠤᠯᠠᠭᠠᠨᠴᠠᠪ 1᠂ ᠪᠠᠶᠠᠨᠨᠠᠭᠤᠷ 1︶ ᠪᠣᠯᠤᠨ᠎ᠠ᠃ ᠣᠳᠣᠬᠠᠨ ᠳᠤ ᠡᠯ᠎ᠡ ᠲᠤᠷᠰᠢᠯᠲᠠ ᠶᠢᠨ ᠵᠢᠱᠢᠶ᠎ᠡ ᠦᠵᠡᠭᠦᠯᠬᠦ | ᠣᠷᠣᠨ ᠤ ᠲᠠᠷᠢᠮᠠᠯ ᠤᠨ ᠤᠷᠭᠤᠴᠠ ᠨᠢ ᠴᠥᠮ ᠨᠡᠯᠢᠶᠡᠳ ᠰᠠᠶᠢᠨ ᠪᠠᠶᠢᠵᠤ᠂ ᠡᠷᠳᠡᠨᠢ ᠰᠢᠰᠢ ᠶᠢᠨ ᠶᠡᠬᠡᠩᠬᠢ ᠬᠡᠰᠡᠭ ᠨᠢ ᠮᠢᠨᠳᠠᠰᠤᠯᠠᠬᠤ ᠬᠤᠭᠤᠴᠠᠭ᠎ᠠ ᠠᠴᠠ ᠢᠳᠡᠭᠡ | ᠬᠤᠷᠠᠬᠤ ᠬᠤᠭᠤᠴᠠᠭᠠᠨ ᠳᠤ ᠣᠷᠣᠰᠢᠵᠤ᠂ ᠨᠡᠷᠡᠨ ᠬᠤᠸᠠᠷ ᠴᠣᠮᠣᠷᠯᠢᠭ ᠤᠨ ᠬᠤᠭᠤᠴᠠᠭ᠎ᠠ ᠠᠴᠠ ᠴᠡᠴᠡᠭᠯᠡᠬᠦ ᠬᠤᠭᠤᠴᠠᠭᠠᠨ ᠳᠤ ᠣᠷᠣᠰᠢᠵᠤ᠂ ᠲᠥᠮᠥᠰᠥ ᠨᠢᠭᠡᠨᠲᠡ | ᠴᠡᠴᠡᠭᠯᠡᠬᠦ ᠬᠤᠭᠤᠴᠠᠭᠠᠨ ᠳᠤ ᠣᠷᠣᠭᠰᠠᠨ ᠪᠠᠶᠢᠨ᠎ᠠ᠃ | ᠭᠤᠷᠪᠠ᠂ ᠬᠡᠷᠡᠭᠯᠡᠭᠡᠨ ᠤ ᠦᠷ᠎ᠡ ᠪᠦᠲᠦᠮᠵᠢ | ᠲᠤᠷᠰᠢᠯᠲᠠ ᠪᠠᠷ ᠳᠠᠮᠵᠢᠭᠠᠳ ᠳᠣᠣᠷᠠᠬᠢ ᠮᠡᠲᠦ ᠦᠷ᠎ᠡ ᠪᠦᠲᠦᠮᠵᠢ ᠣᠯᠪᠠ᠄ ᠨᠢᠭᠡ ᠳᠤ ᠤᠷᠭᠤᠴᠠ ᠨᠢ ᠥᠷᠨᠢᠭᠦᠨ ᠪᠠᠶᠢᠵᠤ᠂ ᠪᠣᠷᠳᠣᠭᠤᠷ ᠣᠷᠣᠭᠤᠯᠬᠤ | ᠬᠡᠮᠵᠢᠶ᠎ᠡ ᠶᠢ ᠡᠩ ᠤᠨ ᠪᠠᠶᠢᠳᠠᠯ ᠲᠠᠢ ᠨᠢᠭᠡᠳᠦᠯᠲᠡᠢ ᠪᠠᠶᠢᠯᠭᠠᠬᠤ ᠤᠷᠢᠲᠠᠯ ᠳᠣᠣᠷ᠎ᠠ᠂ ᠰᠠᠭᠤᠷᠢ ᠪᠣᠷᠳᠣᠭᠤᠷ ᠦᠭᠡᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠢ | ᠬᠡᠷᠡᠭᠯᠡᠭᠰᠡᠨ ᠡᠷᠳᠡᠨᠢ ᠰᠢᠰᠢ ᠶᠢᠨ ᠰᠠᠭᠤᠷᠢ ᠶᠢᠨ ᠥᠨᠳᠥᠷ᠂ ᠡᠰᠢ ᠶᠢᠨ ᠨᠢᠷᠤᠭᠤ ᠨᠢ ᠴᠥᠮ ᠡᠩ ᠤᠨ ᠪᠣᠷᠳᠣᠭᠤᠷ ᠠᠴᠠ 7% ᠠᠴᠠ ᠳᠡᠭᠡᠭᠰᠢ ᠨᠡᠮᠡᠭᠳᠡᠪᠡ᠃ | ᠬᠤᠶᠠᠷ ᠲᠤ ᠤᠨᠠᠯᠲᠠ ᠨᠢ ᠳᠡᠭᠡᠭᠰᠢᠯᠡᠪᠡ᠂ ᠰᠠᠭᠤᠷᠢ ᠪᠣᠷᠳᠣᠭᠤᠷ ᠦᠭᠡᠢ ᠮᠡᠷᠭᠡᠵᠢᠯ ᠢ ᠬᠡᠷᠡᠭᠯᠡᠭᠰᠡᠨ ᠡᠷᠳᠡᠨᠢ ᠰᠢᠰᠢ ᠶᠢᠨ ᠲᠦᠷᠦᠭᠦᠤ ᠶᠢᠨ ᠬᠤᠵᠢᠭᠢᠷ ᠦᠵᠦᠭᠦᠷ ᠤᠨ | ᠦᠵᠡᠭᠳᠡᠯ ᠨᠢ ᠡᠩ ᠤᠨ ᠪᠣᠷᠳᠣᠭᠤᠷ ᠣᠷᠣᠭᠤᠯᠤᠭᠰᠠᠨ ᠠᠴᠠ ᠶᠡᠭᠡ ᠬᠡᠮᠵᠢᠶ᠎ᠡ ᠪᠠᠷ ᠪᠠᠭᠤᠷᠠᠵᠤ᠂ ᠲᠦᠷᠦᠭᠦᠤ ᠶᠢᠨ ᠮᠥᠬᠦᠯᠢᠭ ᠤᠨ ᠲᠤᠭ᠎ᠠ ᠨᠢ ᠡᠩ ᠤᠨ ᠪᠣᠷᠳᠣᠭᠤᠷ | ᠣᠷᠣᠭᠤᠯᠤᠭᠰᠠᠨ ᠠᠴᠠ 9% ᠠᠴᠠ ᠳᠡᠭᠡᠭᠰᠢ ᠳᠡᠭᠡᠭᠰᠢᠯᠡᠵᠦ᠂ ᠮᠦ ᠪᠦᠷᠢ ᠶᠢᠨ ᠳᠤᠮᠳᠠᠴᠢ ᠤᠨᠠᠯᠲᠠ ᠨᠢ ᠡᠩ ᠤᠨ ᠪᠣᠷᠳᠣᠭᠤᠷ ᠣᠷᠣᠭᠤᠯᠤᠭᠰᠠᠨ ᠠᠴᠠ | 6%~9% ᠪᠠᠷ ᠳᠡᠭᠡᠭᠰᠢᠯᠡᠵᠦ᠂ ᠬᠠᠮᠤᠭ ᠥᠨᠳᠥᠷ ᠲᠡᠭᠡᠨ 20% ᠠᠴᠠ ᠳᠡᠭᠡᠭᠰᠢ ᠪᠠᠶᠢᠳᠠᠭ᠃ ᠭᠤᠷᠪᠠ ᠳᠤ ᠪᠣᠷᠳᠤᠭᠤᠷ ᠢ ᠪᠠᠭᠠᠰᠬᠠᠵᠤ ᠦᠷ᠎ᠡ ᠠᠰᠢᠭ ᠢ | ᠨᠡᠮᠡᠭᠳᠡᠭᠦᠯᠪᠡ᠂ ᠲᠤᠷᠰᠢᠯᠲᠠ ᠶᠢᠨ ᠳ᠋ᠦᠩ ᠳᠤ ᠢᠯᠡᠷᠡᠭᠦᠯᠦᠭᠰᠡᠨ ᠢᠶᠠᠷ᠂ ᠡᠩ ᠤᠨ ᠪᠣᠷᠳᠣᠭᠤᠷ ᠣᠷᠣᠭᠤᠯᠬᠤ ᠤᠨᠠᠯᠲᠠ ᠲᠠᠢ ᠦᠨᠳᠦᠰᠦᠨ ᠳᠡᠭᠡᠨ ᠠᠳᠠᠯᠢ ᠪᠠᠶᠢᠬᠤ | ᠤᠷᠢᠲᠠᠯ ᠳᠣᠣᠷ᠎ᠠ᠂ ᠰᠠᠭᠤᠷᠢ ᠪᠣᠷᠳᠣᠭᠤᠷ ᠦᠭᠡᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠢ ᠬᠡᠷᠡᠭᠯᠡᠪᠡᠯ ᠪᠣᠷᠳᠣᠭᠤᠷ ︵ᠴᠡᠪᠡᠷ ᠬᠡᠮᠵᠢᠶ᠎ᠡ︶ ᠢ 10%~30% | ᠣᠷᠴᠢᠮ ᠠᠷᠪᠢᠯᠠᠵᠤ ᠪᠣᠯᠣᠨ᠎ᠠ᠂ ᠬᠠᠮᠤᠭ ᠤᠨ ᠥᠨᠳᠥᠷ ᠲᠡᠭᠡᠨ ᠪᠣᠷᠳᠣᠭᠤᠷ ᠢ 50% ᠠᠷᠪᠢᠯᠠᠨ᠎ᠠ᠂ ᠡᠨᠡ ᠨᠢ ᠪᠣᠷᠳᠣᠭᠤᠷ ᠠᠰᠢᠭᠯᠠᠬᠤ ᠨᠣᠷᠮ᠎ᠠ ᠶᠢ ᠪᠦᠲᠦᠮᠵᠢᠲᠡᠶ | ᠳᠡᠭᠡᠭᠰᠢᠯᠡᠭᠦᠯᠵᠦ᠂ ᠰᠢᠮ᠎ᠡ ᠲᠡᠵᠢᠭᠡᠯ ᠤᠨ ᠠᠯᠳᠠᠭᠳᠠᠯ ᠢ ᠪᠠᠭᠠᠰᠬᠠᠨ᠂ ᠮᠦ ᠪᠦᠷᠢ ᠶᠢᠨ ᠳᠤᠮᠳᠠᠴᠢ ᠥᠪᠡᠷ ᠤᠨ ᠥᠷᠲᠡᠭ ᠢ 200~300 ᠲᠥᠭᠦᠷᠢᠭ ᠪᠠᠭᠠᠰᠬᠠᠵᠤ᠂ | ᠥᠪᠡᠷ ᠤᠨ ᠥᠷᠲᠡᠭ ᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠰᠠᠶᠢᠨ ᠦᠷ᠎ᠡ ᠳ᠋ᠦᠩ ᠲᠠᠢ ᠪᠣᠯᠤᠭᠰᠠᠨ ᠪᠠᠶᠢᠨ᠎ᠠ᠃ | |