ᠳ᠋ᠦ᠋ ᠬᠤᠢ ᠯᠢᠶᠠᠩ ᠣᠲᠤᠭ ᠬᠤᠰᠢᠭᠤᠨ ᠳᠤ ᠠᠶᠤᠯ ᠦᠭᠡᠢ ᠦᠢᠯᠡᠳᠪᠦᠷᠢᠯᠡᠯ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2023/9/25
     9 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠣᠲᠤᠭ ᠬᠤᠰᠢᠭᠤᠨ ᠳᠤ ᠠᠶᠤᠯ ᠦᠭᠡᠢ ᠦᠢᠯᠡᠳᠪᠦᠷᠢᠯᠡᠯ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯ ᠵᠡᠷᠭᠡ ᠠᠵᠢᠯ ᠢ ᠱᠠᠯᠠᠪᠳᠠᠭᠤᠯᠤᠨ ᠬᠢᠨᠠᠨ ᠵᠢᠯᠤᠭᠤᠳᠪᠠ᠃     ᠵᠢᠶᠠᠨ ᠶᠤᠸᠠᠨ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ᠂ ᠤᠷᠳᠤᠰ ᠤᠨ ᠴᠠᠬᠢᠯᠭᠠᠨ ᠢᠶᠠᠷ ᠬᠠᠶᠢᠯᠤᠭᠤᠯᠬᠤ  ᠪᠦᠯᠦᠭᠯᠡᠯ ᠤᠨ ᠾᠯᠣᠷᠲᠤ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠤᠷᠳᠤᠰ ᠤᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠳᠤ ᠳ᠋ᠦ᠋ ᠬᠤᠢ ᠯᠢᠶᠠᠩ ᠠᠵᠤ ᠠᠬᠤᠶᠢᠯᠠᠯ ᠤᠨ ᠭᠤᠣᠯᠳᠠᠯᠭ᠎ᠠ ᠲᠠᠢ ᠣᠷᠣᠨ ᠪᠠᠶᠢᠷᠢ ᠶᠢ ᠬᠠᠮᠢᠶᠠᠷᠤᠨ ᠡᠵᠡᠮᠳᠡᠬᠦ᠂ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠬᠠᠮᠲᠤ ᠳᠠᠭᠠᠵᠤ ᠶᠠᠪᠤᠭ᠎ᠠ ᠲᠤᠰᠬᠠᠢ ᠮᠡᠷᠭᠡᠵᠢᠯᠲᠡᠳ ᠲᠠᠢ ᠬᠠᠮᠲᠤᠪᠠᠷ ᠬᠡᠮ ᠰᠣᠭᠤᠭ ᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠠ ᠶᠢ ᠰᠤᠳᠤᠯᠪᠠ᠃ ᠲᠡᠷᠡ᠂ ᠠᠵᠤ ᠠᠬᠤᠶᠢᠯᠠᠯ ᠤᠨ ᠬᠢᠨ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠤᠬᠳᠠᠯᠴᠠᠭ᠎ᠠ ᠪᠣᠯᠤᠨ ᠠᠵᠢᠯᠯᠠᠬᠤ ᠳᠦᠷᠢᠮᠵᠢᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠬᠦᠰᠡᠯ ᠵᠤᠷᠢᠯᠳᠠ ᠶᠢ ᠵᠣᠷᠢᠭᠵᠢᠭᠤᠯᠵᠤ᠂ ᠳᠠᠯᠳᠠ ᠭᠡᠮ ᠢ ᠬᠠᠯᠠᠨ ᠰᠠᠶᠢᠵᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠠᠶᠤᠯ ᠦᠭᠡᠢ ᠦᠢᠯᠡᠳᠪᠦᠷᠢᠯᠡᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ ᠎ᠠ ᠶᠢ ᠨᠢᠭᠡᠳᠦᠯᠲᠡᠢ ᠲᠦᠯᠦᠪᠵᠢᠬᠦᠯᠦᠨ ᠰᠠᠶᠢᠲᠤᠷ ᠬᠡᠷᠡᠭᠯᠡᠵᠦ᠂ ᠡᠯ᠎ᠡ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠬᠡᠮ ᠰᠣᠭᠤᠭ ᠢ ᠰᠠᠶ᠋ᠢ ᠪᠤᠢ ᠪᠤᠯᠵᠤ ᠪᠠᠶᠢᠭ᠎ᠠ ᠦᠶ᠎ᠠ ᠳᠤᠨᠢ ᠦᠨᠡᠨ ᠬᠦ ᠠᠷᠢᠯᠭᠠᠬᠤ ᠬᠡᠷᠡᠭᠲᠡᠢ ᠭᠡᠪᠡ᠃     ᠤᠨᠴᠠ ᠵᠠᠷᠢᠮ ᠠᠵᠤ ᠠᠬᠤᠶᠢᠯᠠᠯ ᠤᠨ ᠠᠮᠤᠷ ᠲᠦᠪᠰᠢᠨ ᠤ ᠭᠢᠨᠠᠨ ᠭᠡᠮᠵᠢᠯᠳᠠ ᠶᠢᠨ ᠰᠢᠰᠲ᠋ᠧᠮ ᠤᠨ ᠭᠡᠪ ᠤᠨ ᠪᠤᠰᠤ ᠪᠠᠶᠢᠳᠠᠯ ᠢ ᠪᠠᠶᠢᠡᠭᠭᠤ ᠮᠡᠳᠡᠭᠦᠯᠭᠦ ᠠᠰᠠᠭᠤᠳᠠᠯ ᠳᠤ ᠴᠢᠭᠯᠡᠬᠦᠯᠦᠨ᠂ ᠳ᠋ᠦ᠋ ᠬᠤᠢ ᠯᠢᠶᠠᠩ ᠴᠠᠭ ᠢᠮᠠᠬᠳᠠ ᠰᠠᠨᠠᠭ᠎ᠠ ᠠᠮᠠᠷ ᠦᠭᠡᠢ ᠪᠠᠶᠢᠬᠤ᠂ ᠤᠴᠢᠷ ᠪᠦᠭᠦᠨ ᠳᠤ ᠰᠠᠨᠠᠭ᠎ᠠ ᠠᠮᠠᠷ ᠦᠭᠡᠢ ᠪᠠᠶᠢᠬᠤ ᠶᠢ ᠪᠠᠷᠢᠮᠳᠠᠯᠠᠵᠤ᠂ ᠤᠴᠢᠷ ᠰᠢᠯᠳᠠᠭᠠᠨ ᠢ ᠲᠠᠷᠤᠢ ᠲᠦᠷᠭᠡᠨ ᠪᠠᠶᠢᠴᠠᠭᠠᠨ ᠭᠠᠷᠭᠠᠵᠤ᠂ ᠠᠰᠠᠭᠤᠳᠠᠯ ᠢ ᠴᠠᠭ ᠲᠤᠬᠠᠢ ᠳᠤᠨᠢ ᠰᠶᠢᠳᠪᠤᠷᠢᠯᠠᠭᠦ ᠶᠢᠨ ᠬᠠᠮᠳᠤ ᠮᠡᠷᠭᠡᠵᠢᠯ ᠤᠨ ᠲᠡᠰ ᠲᠠᠷᠠᠭᠠᠯᠠᠯ ᠢ ᠲᠤᠬᠳᠠᠭᠠᠯ ᠶᠤᠰᠤᠭᠠᠷ ᠰᠢᠯᠢᠳᠡᠭᠵᠢᠭᠦᠯᠵᠤ᠂ ᠪᠠᠶᠢᠡᠭᠭᠤ ᠮᠡᠳᠡᠭᠦᠯᠭᠦ ᠠᠴᠠ ᠪᠤᠯᠵᠤ ᠠᠵᠢᠯᠳᠠᠳ ᠤᠨ ᠦᠵᠠᠯ ᠰᠠᠨᠠᠭ᠎ᠠ ᠮᠡᠨᠡᠭᠰᠢᠭᠦ ᠠᠴᠠ ᠰᠡᠷᠭᠡᠶᠢᠯᠡᠭᠦ ᠭᠡᠷᠡᠭᠳᠡᠢ ᠭᠡᠵᠤ ᠲᠦᠪ ᠴᠢᠩᠭ᠎ᠠ ᠵᠢᠭᠠᠵᠤ ᠭᠠᠷᠭᠠᠪᠠ᠃     ᠤᠷᠢᠶᠠᠮᠠᠭ ᠵᠠᠮᠠᠭ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠷᠳᠤᠰ ᠤᠨ ᠴᠠᠬᠢᠭᠤᠷ ᠢᠶᠠᠷ ᠰᠠᠭᠤᠷᠢ ᠪᠣᠯᠭᠠᠭᠰᠠᠨ ᠬᠠᠶᠢᠯᠤᠰᠢ ᠶᠢᠨ ᠤᠶᠤᠨᠴᠢᠯᠠᠬᠰᠠᠨ ᠮᠡᠷᠭᠡᠵᠢᠯ ᠢ ᠲᠡᠰ ᠳᠡᠪᠰᠢᠭᠦᠯᠵᠦ ᠰᠢᠨ᠎ᠡ ᠶᠢ ᠡᠭᠦᠳᠬᠦ ᠦᠢᠯᠡᠳᠪᠦᠷᠢ᠂ ᠵᠢᠶᠠᠨ ᠶᠤᠸᠠᠨ ᠨᠡᠭᠦᠷᠡᠰᠦ ᠬᠡᠦᠷᠰᠢᠭᠦᠯᠭᠦ 120 ᠲᠦᠮᠡᠨ ᠲᠣᠨ ᠤ ᠬᠦᠬᠦᠷ ᠥᠬᠡᠶᠢᠳᠡᠭᠦᠯᠬᠦ ᠨᠡᠭᠦᠷᠡᠰᠦᠲᠥ᠋ᠷᠥᠭᠴᠢ ᠥᠬᠡᠶᠢᠳᠡᠭᠦᠯᠬᠦ   ᠵᠢᠱᠢᠶ᠎ᠡ ᠦᠵᠡᠭᠦᠯᠬᠦ ᠲᠦᠷᠦᠯ ᠵᠦᠢᠯ᠂ ᠪᠦᠦ ᠰᠢᠨ ᠰᠢᠨ᠎ᠡ ᠡᠨᠧᠷᠭᠢ ᠶᠢᠨ ᠳᠡᠭᠡᠳᠦ ᠲᠡᠰ ᠤᠨ ᠣᠶᠤᠨᠴᠢ ᠦᠢᠯᠡᠳᠬᠦ ᠲᠦᠷᠦᠯ ᠵᠦᠢᠯ ᠤᠨ ᠠᠬᠤᠢ ᠲᠠᠯᠠᠪᠠᠢ  ᠳᠤ᠂ ᠳ᠋ᠦ᠋ ᠬᠤᠢ ᠯᠢᠶᠠᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠮᠤᠷ ᠲᠦᠪᠰᠢᠨ ᠤ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠ ᠰᠢᠨ᠎ᠡ ᠶᠢ ᠡᠭᠦᠳᠬᠦ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠭᠰᠡᠨ ᠪᠠᠶᠢᠳᠠᠯ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠪᠡ᠃ ᠲᠡᠷᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠵᠤ  ᠦᠢᠯᠡᠰ  ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠪᠠ ᠮᠡᠷᠭᠡᠵᠢᠯ ᠤᠨ ᠪᠤᠭᠤᠮᠳᠠ ᠰᠢᠪᠳᠤᠯᠬᠤ ᠶᠢ ᠴᠢᠩᠭᠠᠳᠬᠠᠵᠤ᠂ ᠨᠢᠭᠡ  ᠪᠦᠯᠦᠭ ᠵᠢᠱᠢᠶ᠎ᠡ ᠦᠵᠡᠭᠦᠯᠵᠦ  ᠬᠦᠳᠦᠯᠦᠨ ᠳᠠᠭᠠᠭᠤᠯᠬᠤ  ᠦᠢᠯᠡᠳᠦᠯ ᠲᠠᠢ ᠠᠵᠤ ᠠᠬᠤᠶᠢᠯᠠᠯ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠯᠠᠨ ᠤᠯᠤᠰ ᠤᠨ ᠪᠠᠷᠢᠮᠵᠢᠶ᠎ᠠ ᠶᠢ ᠪᠣᠶ ᠪᠣᠯᠭᠠᠵᠤ᠂ ᠠᠵᠤ ᠠᠬᠤᠶᠢᠯᠠᠯ ᠤᠨ ᠨᠦᠯᠦᠬᠡᠯᠡᠬᠦ ᠬᠦᠴᠦᠨ ᠪᠠ  ᠭᠤᠤᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ ᠭᠡᠪᠡ᠃      ︽ᠲᠠᠪᠤᠨ ᠰᠠᠭᠤᠷᠢ︾ ᠬᠠᠮᠵᠢᠯᠴᠠᠭᠰᠠᠨ ᠪᠣᠰᠤᠭ᠎ᠠ ᠴᠣᠭᠴᠠᠲᠤ ᠬᠢᠨᠠᠨ ᠬᠠᠮᠢᠶᠠᠷᠤᠯᠲᠠ ᠶᠢᠨ ᠲᠠᠪᠴᠠᠩ ᠳᠤ᠂ ᠳ᠋ᠦ᠋ ᠬᠤᠢ ᠯᠢᠶᠠᠩ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠴᠢ ᠫᠠᠨ ᠵᠢᠩ ᠮᠸᠡᠭ ᠰᠢ ᠣᠷᠣᠨ ᠤ ᠠᠭᠠᠷ ᠮᠠᠨᠳᠠᠯ ᠣᠷᠴᠢᠨ ᠲᠣᠭᠤᠷᠢᠨ ᠤ ᠴᠢᠨᠠᠷᠵᠢᠯ ᠢ ᠲᠡᠬᠡᠭᠰᠢᠯᠡᠬᠦᠯᠦᠭᠰᠡᠨ ᠦᠷ᠎ᠡ ᠪᠦᠲᠦᠮᠵᠢ ᠶᠢ ᠨᠤᠲᠠᠯᠠᠪᠠ᠃ ᠲᠡᠷᠡ ᠣᠶᠤᠨᠴᠢ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯᠲᠠ ᠪᠣᠯᠤᠨ ᠬᠤᠯᠪᠣᠭᠠᠯᠠᠨ ᠬᠦᠳᠡᠯᠦᠯᠴᠡᠵᠤ ᠬᠠᠤᠯᠢ ᠬᠡᠷᠡᠭᠵᠢᠭᠦᠯᠬᠦ ᠶᠢ ᠴᠢᠨᠠᠭᠰᠢᠳᠠ ᠴᠢᠩᠭᠠᠳᠬᠠᠵᠤ᠂ ᠠᠭᠠᠷ ᠮᠠᠨᠳᠠᠯ ᠣᠷᠴᠢᠨ ᠲᠣᠭᠤᠷᠢᠨ ᠤ ᠵᠥᠪ ᠲᠠᠯ᠎ᠠ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃  
ᠢᠷᠡᠯᠲᠡ᠄ ᠤᠷᠳᠤᠰ ᠤᠨ ᠡᠳᠦᠷ ᠤᠨ ᠰᠤᠨᠢᠨ