ᠳᠠᠯᠠᠳ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠶ 279 ᠲᠦᠮᠡᠨ ᠮᠥ ᠪᠠᠶᠢᠵᠤ᠂ ᠡᠭᠦᠨ ᠳᠤ ᠬᠤᠵᠢᠷᠰᠢᠭᠰᠠᠨ ᠲᠠᠷᠢᠶᠠᠨ ᠭᠠᠵᠠᠷ ᠤᠨ ᠲᠠᠯᠠᠪᠠᠶ 85. | 86 ᠲᠦᠮᠡᠨ ᠮᠥ ᠪᠠᠶᠢᠵᠤ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠶ ᠶᠢᠨ 30.8% ᠶᠢ ᠡᠵᠡᠯᠡᠳᠡᠭ᠃ ᠬᠤᠵᠢᠷᠯᠢᠬ ᠭᠠᠵᠠᠷ ᠲᠤ ᠠᠮᠤ ᠪᠤᠳᠠᠭ᠎ᠠ | ᠲᠠᠷᠢᠬᠤ ᠳᠤ ᠬᠦᠴᠢᠷ ᠪᠠᠶᠢᠬᠤ ᠨᠢ ᠳᠠᠯᠠᠳ ᠬᠤᠰᠢᠭᠤᠨ ᠤ ᠠᠮᠤ ᠪᠤᠳᠠᠭᠠᠨ ᠤ ᠦᠢᠯᠡᠳᠪᠦᠷᠢᠯᠡᠯ ᠢ ᠬᠢᠵᠠᠭᠠᠷᠯᠠᠵᠤ ᠪᠠᠶᠢᠭᠰᠠᠨ ᠨᠢᠭᠡ ᠶᠡᠭᠡ ᠬᠦᠴᠢᠷ ᠠᠰᠠᠭᠤᠳᠠᠯ ᠪᠤᠯᠵᠤ | ᠪᠠᠶᠢᠵᠡᠢ᠃ ᠬᠤᠵᠢᠷᠯᠢᠭ ᠭᠠᠵᠠᠷ ᠤᠨ ᠡᠬᠢ ᠪᠠᠶᠠᠯᠢᠭ ᠢ ᠠᠰᠢᠭᠯᠠᠵᠤ᠂ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠦᠷ᠎ᠠ | ᠠᠰᠢᠭ ᠢ ᠡᠭᠦᠳᠬᠦ ᠶᠢᠨ ᠲᠦᠯᠦᠬᠡ᠂ ᠲᠠᠯᠠᠳ ᠬᠤᠰᠢᠭᠤ ᠬᠤᠵᠢᠷᠯᠢᠬ ᠭᠠᠵᠠᠷ ᠢ ᠵᠠᠰᠠᠵᠤ ᠰᠠᠶᠢᠵᠢᠷᠠᠭᠤᠯᠬᠤ ᠠᠵᠢᠯ ᠢ ᠲᠥᠷᠥᠯ ᠬᠤᠪᠢᠶᠠᠨ ᠦᠷᠨᠢᠬᠦᠯᠦᠭᠰᠡᠨ ᠪᠠᠶᠢᠨ᠎ᠡ᠃ | | | | | ᠱᠠᠭᠵᠠᠮᠤᠨᠢ ᠪᠠᠯᠭᠠᠰᠤ ᠶᠢᠨ ᠳ᠋ᠦᠩ ᠬᠠᠢ ᠰᠢᠨ ᠲᠣᠰᠬᠤᠨ ᠳᠤ ᠬᠦᠷᠪᠡᠯ᠂ ᠬᠠᠮᠠᠷ ᠬᠠᠳᠬᠤᠬᠤ ᠡᠪᠡᠰᠦ ᠤᠷᠭᠤᠬᠤ ᠦᠭᠡᠢ ᠪᠠᠶᠢᠭᠰᠠᠨ ᠬᠤᠵᠢᠷᠯᠢᠬ ᠭᠠᠵᠠᠷ | ᠤᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠠᠷᠢᠶᠠᠨ ᠭᠠᠵᠠᠷ ᠤᠨ ᠡᠷᠳᠡᠨᠢ ᠰᠢᠰᠢ᠂ ᠨᠡᠷᠡᠨ ᠬᠤᠸᠠᠷ ᠵᠡᠷᠭᠡ ᠲᠠᠷᠢᠮᠠᠯ ᠤᠨ ᠤᠷᠭᠤᠴᠠ ᠬᠥᠮᠦᠰ ᠢ ᠪᠠᠶᠠᠰᠬᠠᠨ᠎ᠠ᠃ | ᠡᠨᠡ ᠬᠦ ᠬᠤᠪᠢᠷᠠᠯᠲᠠ ᠨᠢ ᠥᠪᠥᠷ ᠮᠣᠩᠭᠤᠯ ᠤᠨ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠳᠠᠭᠤᠷᠢᠶᠠᠯ ᠦᠵᠡᠭᠦᠯᠬᠦ ᠲᠦᠷᠦᠯ ᠵᠦᠢᠯ ᠠᠴᠠ | ᠢᠷᠡᠯᠲᠡ ᠲᠠᠢ ᠶᠤᠮ᠃ ᠲᠠᠯᠠᠳ ᠬᠤᠰᠢᠭᠤ ᠳᠠᠭᠤᠷᠢᠶᠠᠯ ᠦᠵᠡᠭᠦᠯᠬᠦ ᠬᠤᠰᠢᠭᠤ ᠶᠢᠨ ᠨᠢᠭᠡ ᠪᠣᠯᠤᠭᠰᠠᠨ ᠤ ᠬᠤᠪᠢ ᠳᠤ᠂ 2020 ᠣᠨ ᠠᠴᠠ ᠡᠬᠢᠯᠡᠨ᠂ ᠭᠤᠷᠪᠠᠨ | ᠵᠢᠯ ᠳᠠᠷᠠᠭᠠᠯᠠᠨ 2.13 ᠲᠦᠮᠡᠨ ᠮᠥ ᠬᠤᠵᠢᠷᠯᠢᠬ ᠭᠠᠵᠠᠷ ᠢ ᠰᠠᠶᠢᠵᠢᠷᠠᠭᠤᠯᠤᠭᠰᠠᠨ ᠪᠠᠶᠢᠨ᠎ᠠ᠃ ᠭᠤᠷᠪᠠᠨ ᠵᠢᠯ ᠳᠠᠷᠠᠭᠠᠯᠠᠨ ᠴᠢᠨᠠᠷ ᠰᠠᠶᠢᠲᠠᠶ ᠠᠬᠢᠭᠤᠯᠬᠤ ᠪᠠᠷ | ᠳᠠᠮᠵᠢᠭᠤᠯᠤᠨ᠂ ᠬᠤᠵᠢᠷᠯᠢᠬ ᠭᠠᠵᠠᠷ ᠢ ᠰᠠᠶᠢᠵᠢᠷᠠᠭᠤᠯᠤᠨ ᠠᠰᠢᠭᠯᠠᠬᠤ ᠦᠷ᠎ᠡ ᠪᠦᠲᠦᠮᠵᠢ ᠢᠯᠡᠳᠲᠡ ᠪᠣᠯᠵᠣ᠂ ᠲᠥᠷᠥᠯ ᠵᠦᠶ᠋ᠯ ᠤᠨ ᠣᠷᠣᠨ ᠤ ᠬᠥᠷᠥᠰᠥ | ᠰᠢᠷᠣᠶ ᠶᠢᠨ ᠪᠠᠶᠢᠳᠠᠯ ᠶᠡᠭᠡ ᠪᠠᠷ ᠰᠠᠶᠢᠵᠢᠷᠠᠨ᠂ ᠬᠥᠷᠥᠰᠥ ᠰᠢᠷᠣᠶ ᠶᠢᠨ PH ᠠᠭᠤᠯᠤᠭᠳᠠᠴᠠ ᠶᠢ 0.3 ᠨᠢᠭᠡᠴᠢ ᠪᠠᠭᠤᠷᠠᠭᠤᠯᠵᠤ᠂ ᠳᠠᠪᠤᠰᠤᠨ ᠤ | ᠠᠭᠤᠯᠤᠭᠳᠠᠴᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 0.3 ᠪᠠᠭᠤᠷᠠᠭᠤᠯᠤᠨ᠂ ᠣᠷᠭᠠᠨᠢᠭ ᠪᠣᠳᠠᠰ ᠤᠨ ᠠᠭᠤᠯᠤᠭᠳᠠᠴᠠ ᠶᠢ 5% ᠠᠴᠠ ᠳᠡᠭᠡᠭᠰᠢ | ᠳᠡᠭᠡᠭᠰᠢᠯᠡᠭᠦᠯᠵᠤ᠂ ᠲᠠᠷᠢᠮᠠᠯ ᠤᠨ ᠤᠨᠠᠯᠲᠠ ᠶᠢ 20% ᠠᠴᠠ ᠳᠡᠭᠡᠭᠰᠢ ᠨᠡᠮᠡᠭᠳᠡᠭᠦᠯᠪᠡ᠃ | | | | | ᠳᠠᠯᠠᠳ ᠬᠤᠰᠢᠭᠤᠨ ᠤ ᠳᠤᠮᠳᠠ ᠵᠡᠷᠭᠡ ᠶᠢᠨ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠮᠡᠷᠭᠡᠵᠢᠯ ᠤᠨ ᠵᠠᠭᠪᠤᠷ ᠨᠢ ᠯᠠᠪᠯᠠᠯᠲᠠ ᠪᠣᠯᠬᠤ᠂ | ᠳᠡᠯᠭᠡᠷᠡᠭᠦᠯᠵᠦ ᠪᠤᠯᠬᠤ ᠪᠦᠭᠡᠳ ᠬᠤᠵᠢᠷᠯᠢᠬ ᠭᠠᠵᠠᠷ ᠢ ᠶᠡᠷᠦᠩᠬᠡᠶᠢᠯᠡᠨ ᠠᠰᠢᠭᠯᠠᠬᠤ ᠣᠯᠠᠨ ᠤᠯᠤᠰ ᠤᠨ ᠶᠡᠭᠡ ᠬᠤᠷᠠᠯ ᠳᠡᠭᠡᠷ᠎ᠡ ᠬᠦᠳᠡᠭᠡ ᠠᠵᠤ ᠠᠬᠤᠢ ᠬᠦᠳᠡᠭᠡ | ᠲᠤᠰᠬᠤᠨ ᠤ ᠶᠠᠮᠤᠨ ᠳᠤ ᠰᠣᠩᠭᠤᠭᠳᠠᠨ ᠳᠡᠯᠭᠡᠨ ᠦᠵᠡᠬᠦᠯᠦᠭᠳᠡᠵᠤ᠂ ᠪᠥᠬᠦ ᠬᠤᠲᠠ ᠶᠢᠨ 195 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠢ | ᠰᠠᠶᠢᠵᠢᠷᠠᠭᠤᠯᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | | | | | ᠣᠲᠣ ᠶᠢᠨ ᠪᠠᠶᠢᠭ᠎ᠠ ᠮᠡᠷᠭᠡᠵᠢᠯ ᠤᠨ ᠵᠠᠭᠪᠤᠷ ᠲᠠᠢ ᠤᠶᠠᠯᠳᠤᠭᠤᠯᠤᠨ᠂ ᠲᠠᠯᠠᠳ ᠬᠤᠰᠢᠭᠤ ᠲᠥᠷᠥᠯ ᠵᠦᠢᠯ ᠤᠨ ᠣᠷᠣᠨ ᠤ ᠬᠥᠷᠥᠰᠥ ᠰᠢᠷᠣᠶ ᠶᠢᠨ ᠪᠠᠶᠢᠳᠠᠯ᠂ | ᠬᠤᠵᠢᠷᠰᠢᠭᠰᠠᠨ ᠬᠡᠮᠵᠢᠶ᠎ᠡ᠂ ᠲᠠᠷᠢᠮᠠᠯ ᠤᠨ ᠲᠥᠷᠥᠯ ᠵᠦᠢᠯ᠂ ᠤᠰᠤᠯᠠᠯᠲᠠ ᠶᠢᠨ ᠠᠷᠭ᠎ᠠ ᠮᠠᠶ᠋ᠢᠭ ᠪᠠ ᠪᠣᠷᠲᠣᠭᠤᠷ ᠣᠷᠣᠭᠤᠯᠬᠤ ᠲᠦᠷᠢᠮ ᠵᠢᠴᠢ ᠮᠠᠯᠴᠢᠨ | ᠲᠠᠷᠢᠶᠠᠴᠢᠨ ᠤ ᠬᠦᠰᠡᠯ ᠡᠷᠡᠮᠡᠯᠵᠡᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠤᠷᠢᠲᠠᠯ ᠲᠤᠤᠷ᠎ᠠ᠂ ᠣᠷᠣᠨ ᠬᠤᠪᠢᠶᠠᠨ ᠵᠠᠰᠠᠬᠤ ᠠᠵᠢᠯ ᠢ | ᠥᠷᠨᠢᠭᠦᠯᠪᠠ᠃ | ︽ᠳᠠᠪᠤᠰᠤᠨ ᠳᠤ ᠲᠡᠰᠪᠦᠷᠢᠲᠡᠶ ᠲᠠᠷᠢᠮᠠᠯ ᠳᠠᠷᠢᠬᠤ ᠶᠢ ᠬᠥᠭᠵᠢᠭᠦᠯᠬᠦ ᠪᠤᠯ ᠦᠨᠳᠦᠰᠦᠨ ᠠᠷᠭ᠎ᠠ ᠵᠠᠮ ᠮᠥᠨ᠃ ᠬᠥᠩᠭᠡᠨ᠂ ᠳᠤᠮᠳᠠ ᠵᠡᠷᠭᠡ ᠶᠢᠨ ᠬᠤᠵᠢᠷᠯᠢᠬ | ᠭᠠᠵᠠᠷ ᠲᠤ ᠴᠢᠭᠯᠡᠬᠦᠯᠦᠨ᠂ ᠪᠤᠭᠤᠳᠠᠶ᠂ ᠡᠷᠳᠡᠨᠢ ᠰᠢᠰᠢ᠂ ᠰᠢᠯᠢᠮᠳᠡᠭ᠂ ᠰᠢᠷ᠎ᠠ ᠪᠤᠷᠴᠠᠭ᠂ ᠴᠠᠷᠭᠠᠰᠤ ᠵᠡᠷᠭᠡ ᠲᠠᠷᠢᠮᠠᠯ ᠤᠨ ᠬᠤᠵᠢᠷ ᠲᠤ ᠲᠡᠰᠪᠦᠷᠢᠲᠡᠶ ᠦᠷ᠎ᠡ ᠶᠢ | ᠰᠢᠯᠢᠨ ᠰᠣᠩᠭᠤᠬᠤ ᠠᠵᠢᠯ ᠢ ᠭᠤᠤᠯᠳᠠᠯᠭ᠎ᠠ ᠲᠠᠢ ᠥᠷᠨᠢᠭᠦᠯᠵᠦ᠂ ᠬᠤᠵᠢᠷ ᠲᠤ ᠲᠡᠰᠪᠦᠷᠢᠲᠡᠶ᠂ ᠥᠨᠳᠥᠷ ᠤᠨᠠᠯᠲᠠ ᠲᠠᠢ᠂ ᠴᠢᠨᠠᠷ ᠰᠠᠶᠢᠲᠠᠶ ᠰᠢᠨ᠎ᠡ ᠲᠦᠷᠦᠯ | ᠵᠦᠢᠯ ᠢ ᠪᠤᠶᠢᠵᠢᠭᠤᠯᠤᠨ᠎ᠠ︔ ᠬᠦᠨᠳᠦ ᠬᠡᠮᠵᠢᠶᠡᠨ ᠤ ᠬᠤᠵᠢᠷᠯᠢᠬ ᠭᠠᠵᠠᠷ ᠲᠤ ᠴᠢᠭᠯᠡᠬᠦᠯᠦᠨ᠂ ᠬᠤᠵᠢᠷ ᠲᠤ ᠲᠡᠰᠪᠦᠷᠢᠲᠡᠶ᠂ ᠠᠵᠤ ᠠᠬᠤᠶ ᠶᠢᠨ ᠦᠨ᠎ᠡ | ᠥᠷᠲᠡᠭ ᠢᠶᠠᠷ ᠥᠨᠳᠥᠷ ᠥᠪᠡᠷᠮᠢᠴᠡ ᠣᠨᠴᠠᠯᠢᠭ ᠪᠥᠬᠦᠶ ᠬᠤᠵᠢᠷᠯᠢᠬ ᠤᠷᠭᠤᠮᠠᠯ ᠢ ᠰᠢᠯᠢᠨ ᠰᠣᠩᠭᠤᠵᠤ ᠲᠠᠷᠢᠨ᠎ᠡ︾ ᠭᠡᠵᠤ ᠳᠤᠮᠳᠠᠳᠤ ᠤᠯᠤᠰ ᠤᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠡᠬᠢ ᠪᠠᠶᠠᠯᠢᠭ ᠬᠢᠭᠡᠳ ᠲᠠᠷᠢᠶᠠᠯᠠᠩ ᠤᠨ ᠣᠷᠣᠨ ᠤ ᠬᠤᠪᠢᠶᠠᠷᠢᠯᠠᠯ ᠤᠨ ᠰᠤᠳᠤᠯᠭᠠᠨ ᠤ ᠭᠠᠵᠠᠷ ᠤᠨ | ᠰᠤᠳᠤᠯᠤᠭᠴᠢ ᠯᠢ ᠢᠦᠶ ᠢ ᠶᠠᠷᠢᠨ᠎ᠡ᠃ | 2023 ᠣᠨ ᠳᠤ᠂ ᠳᠠᠯᠠᠳ ᠬᠤᠰᠢᠭᠤ ᠸᠠᠩ ᠤᠨ ᠵᠤᠤ ᠪᠠᠯᠭᠠᠰᠤ ᠶᠢᠨ ᠰᠢ ᠱᠧ ᠲᠣᠰᠬᠤᠨ ᠳᠤ 1 ᠲᠦᠮᠡᠨ ᠮᠦ ᠬᠤᠵᠢᠷᠰᠢᠭᠰᠠᠨ ᠲᠠᠷᠢᠶᠠᠨ ᠭᠠᠵᠠᠷ ᠢ | ᠶᠡᠷᠦᠩᠬᠡᠶᠢᠯᠡᠨ ᠠᠰᠢᠭᠯᠠᠬᠤ ᠳᠠᠭᠤᠷᠢᠶᠠᠯ ᠦᠵᠡᠭᠦᠯᠬᠦ ᠣᠷᠣᠨ ᠢ ᠪᠠᠶᠢᠭᠤᠯᠪᠠ᠃ ᠬᠤᠵᠢᠷᠯᠢᠬ ᠭᠠᠵᠠᠷ ᠢ ᠶᠡᠷᠦᠩᠬᠡᠶᠢᠯᠡᠨ ᠠᠰᠢᠭᠯᠠᠬᠤ ᠶᠠᠪᠤᠴᠠ ᠳᠤ᠂ ᠲᠣᠰ | ᠲᠣᠰᠬᠤᠨ ᠨᠢ ᠤᠷᠤᠨ ᠬᠤᠪᠢᠶᠠᠨ ᠲᠥᠷᠥᠯ ᠬᠤᠪᠢᠶᠠᠵᠤ ᠵᠠᠰᠠᠭᠰᠠᠨ ᠰᠠᠭᠤᠷᠢᠨ ᠳᠡᠭᠡᠷ᠎ᠡ᠂ ᠰᠢᠯᠵᠢᠮᠡᠯ ᠮᠠᠶ᠋ᠢᠭ ᠤᠨ ᠨᠠᠷᠢᠯᠢᠭ ᠣᠨᠣᠴᠠᠲᠠᠶ ᠪᠠᠷ ᠤᠰᠤᠯᠠᠬᠤ | ᠰᠢᠰᠲ᠋ᠧᠮ ᠢ ᠬᠡᠷᠡᠭᠯᠡᠬᠦ ᠪᠠᠷ ᠳᠠᠮᠵᠢᠭᠤᠯᠤᠨ᠂ ᠲᠠᠷᠢᠮᠠᠯ ᠤᠨ ᠤᠰᠤ ᠬᠡᠷᠡᠭᠰᠡᠬᠦ ᠥᠪᠡᠷᠮᠢᠴᠡ ᠴᠢᠨᠠᠷ ᠢ ᠦᠨᠳᠦᠰᠦᠯᠡᠨ᠂ ᠨᠠᠷᠢᠯᠢᠭ ᠣᠨᠣᠴᠠᠲᠠᠶ ᠪᠠᠷ ᠤᠰᠤᠯᠠᠬᠤ ᠶᠢ | ᠪᠡᠶᠡᠯᠡᠭᠦᠯᠤᠨ᠂ ᠭᠦᠨ ᠳᠠᠪᠬᠤᠷᠭ᠎ᠠ ᠶᠢᠨ ᠨᠡᠪᠴᠢᠵᠦ ᠭᠤᠭᠤᠵᠢᠬᠤ ᠵᠢᠴᠢ ᠭᠠᠵᠠᠷ ᠤᠨ ᠭᠠᠳᠠᠷᠭᠤ ᠶᠢᠨ ᠤᠷᠤᠰᠤᠮᠠᠯ ᠡᠭᠦᠰᠭᠦ ᠠᠴᠠ ᠵᠠᠶᠢᠯᠠᠰᠭᠢᠵᠦ᠂ | 40%-70% ᠶᠢᠨ ᠤᠰᠤ ᠠᠷᠪᠢᠯᠠᠬᠤ ᠶᠢ ᠪᠡᠶᠡᠯᠡᠭᠦᠯᠤᠨ᠂ 600 ᠮᠥ ᠭᠠᠵᠠᠷ ᠲᠤ ᠵᠥᠪᠬᠡᠨ 1 ᠠᠵᠢᠯᠴᠢᠨ ᠬᠡᠷᠡᠭᠯᠡᠵᠤ᠂ ᠤᠰᠤ ᠠᠷᠪᠢᠯᠠᠬᠤ᠂ ᠴᠠᠬᠢᠯᠭᠠᠨ | ᠠᠷᠪᠢᠯᠠᠬᠤ ᠶᠢ ᠪᠡᠶᠡᠯᠡᠬᠦᠯᠦᠭᠰᠡᠨ ᠮᠥᠷᠲᠡᠭᠡᠨ ᠪᠠᠰᠠ ᠬᠥᠮᠦᠨ ᠤ ᠬᠦᠴᠦᠨ ᠤ ᠣᠷᠣᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠪᠠ᠃ ᠰᠠᠶᠢᠵᠢᠷᠠᠭᠤᠯᠬᠤ ᠪᠠᠷ | ᠳᠠᠮᠵᠢᠭᠤᠯᠤᠨ᠂ ᠲᠥᠷᠥᠯ ᠵᠦᠢᠯ ᠤᠨ ᠣᠷᠣᠨ ᠤ ᠳᠤᠮᠳᠠ ᠵᠡᠷᠭᠡ ᠶᠢᠨ ᠬᠤᠵᠢᠷᠰᠢᠭᠰᠠᠨ ᠲᠠᠷᠢᠶᠠᠨ ᠭᠠᠵᠠᠷ ᠤᠨ PH ᠠᠭᠤᠯᠤᠭᠳᠠᠴᠠ ᠶᠢ 0.4-0.9 ᠨᠢᠭᠡᠴᠢ | ᠪᠠᠭᠠᠰᠬᠠᠵᠤ᠂ ᠳᠠᠪᠤᠰᠤᠨ ᠤ ᠠᠭᠤᠯᠤᠭᠳᠠᠴᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 0.3 - 0.4 ᠪᠠᠭᠠᠰᠬᠠᠵᠤ᠂ ᠣᠷᠭᠠᠨᠢᠭ ᠪᠣᠳᠠᠰ ᠤᠨ ᠠᠭᠤᠯᠤᠭᠳᠠᠴᠠ ᠶᠢ | 3%-37% ᠪᠠᠷ ᠳᠡᠭᠡᠭᠰᠢᠯᠡᠭᠦᠯᠪᠠ︔ ᠬᠦᠨᠳᠦ ᠨᠤᠴᠢᠳᠠᠢ ᠬᠤᠵᠢᠷᠰᠢᠭᠰᠠᠨ ᠲᠠᠷᠢᠶᠠᠨ ᠭᠠᠵᠠᠷ ᠤᠨ PH ᠠᠭᠤᠯᠤᠭᠳᠠᠴᠠ ᠶᠢ 0.6 ᠨᠢᠭᠡᠴᠢ ᠪᠠᠭᠠᠰᠬᠠᠵᠤ᠂ | ᠳᠠᠪᠤᠰᠤᠨ ᠤ ᠠᠭᠤᠯᠤᠭᠳᠠᠴᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 2.2 ᠪᠠᠭᠠᠰᠬᠠᠵᠤ᠂ ᠣᠷᠭᠠᠨᠢᠭ ᠪᠣᠳᠠᠰ ᠤᠨ ᠠᠭᠤᠯᠤᠭᠳᠠᠴᠠ ᠶᠢ 20% ᠪᠠᠷ | ᠳᠡᠭᠡᠭᠰᠢᠯᠡᠭᠦᠯᠪᠠ᠃ | |