ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 108 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ ︵ᠰᠢᠨ᠎ᠡ ᠲᠤᠭ᠎ᠠ ᠪᠠᠷᠢᠮᠲᠠ ᠰᠢᠨ᠎ᠡ ᠬᠢᠯᠠᠰᠵᠢᠯ︶
ᠨᠡᠶᠢᠲᠡᠯᠡᠭᠰᠡᠨ ᠴᠠᠭ᠄
2023/9/25
     ᠳᠤᠮᠳᠠᠳᠤ ᠤᠯᠤᠰ ᠤᠨ ᠠᠵᠤ ᠠᠬᠤᠶᠢᠯᠠᠯ ᠤᠨ  ᠬᠤᠯᠪᠣᠭᠠᠲᠤ  ᠬᠤᠷᠠᠯ᠂  ᠳᠤᠮᠳᠠᠳᠤ  ᠤᠯᠤᠰ  ᠤᠨ  ᠠᠵᠤ‌ᠠᠬᠤᠶᠢᠯᠠᠯᠲᠠᠳ ᠤᠨ ᠨᠡᠶᠢᠭᠡᠮᠯᠢᠭ 20 ᠤ ᠡᠳᠦᠷ ᠠᠨᠾᠦ᠋ᠢ ᠶᠢᠨ ᠾᠧᠹᠸᠢ ᠳᠤ 2023  ᠳᠤᠮᠳᠠᠳᠤ ᠤᠯᠤᠰ  ᠤᠨ 500 ᠬᠦᠴᠦᠷᠬᠡᠭ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠨᠡᠷᠡᠰ ᠤᠨ ᠵᠢᠭᠰᠠᠭᠠᠯᠲᠠ ᠳᠤ 2022  ᠣᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠠᠷ ᠪᠠᠷᠢᠮᠵᠢᠶ᠎ᠠ ᠪᠣᠯᠭᠠᠵᠤ ᠂ 264 ᠦᠶᠯᠡᠳᠬᠦ ᠦᠶᠯᠡᠰ ᠤᠨ ᠠᠵᠤ ᠠᠬᠤᠶᠢᠯᠠᠯ ᠨᠡᠷᠡᠰ ᠤᠨ ᠵᠢᠭᠰᠠᠭᠠᠯᠲᠠ ᠳᠤ ᠣᠷᠣᠵᠤ᠂ ᠲᠦᠷᠦᠭᠦᠦ ᠵᠢᠯ ᠤᠨ  ᠬᠢ ᠠᠴᠠ ᠪᠠᠨ  8  ᠨᠡᠮᠡᠭᠳᠡᠵᠦ᠂  ᠭᠤᠷᠪᠠᠨ  ᠵᠢᠯ ᠳᠠᠷᠠᠭᠠᠯᠠᠨ ᠨᠡᠮᠡᠭᠳᠡᠯ ᠢᠶᠠᠨ ᠪᠠᠲᠤᠯᠠᠪᠠ᠃ ᠨᠡᠷᠡᠰ ᠤᠨ ᠵᠢᠭᠰᠠᠭᠠᠯᠲᠠ ᠠᠴᠠ ᠦᠵᠡᠪᠡᠯ᠂ ᠡᠨᠡ ᠵᠢᠯ ᠤᠨ ︽500  ᠬᠦᠴᠦᠷᠬᠡᠭ︾ ᠤᠨ ᠬᠡᠪᠴᠢᠶ᠎ᠡ ᠦᠷᠭᠦᠯᠵᠢᠯᠡᠨ ᠨᠡᠮᠡᠭᠳᠡᠬᠦ ᠬᠠᠨᠳᠤᠰᠢ ᠪᠠᠨ ᠪᠠᠲᠤᠯᠠᠵᠤ᠂ ᠡᠵᠡᠩᠨᠡᠯᠲᠡ ᠶᠢᠨ ᠣᠷᠣᠯᠭ᠎ᠠ ᠶᠢᠨ ᠶᠡᠷᠦᠩᠬᠡᠶ ᠲᠤᠭ᠎ᠠ 108. 36 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ︽500 ᠬᠦᠴᠦᠷᠬᠡᠭ︾ ᠤᠨ ᠬᠢ ᠠᠴᠠ 5.74 % ᠪᠠᠷ ᠨᠡᠮᠡᠭᠳᠡᠪᠡ︔ ᠡᠳ᠋ ᠬᠦᠷᠦᠩᠭᠡ ᠶᠢᠨ ᠪᠦᠬᠦ ᠲᠤᠭ᠎ᠠ  399.77 ᠲᠦᠮᠡᠨ ᠳ᠋ᠦᠩᠰᠢᠭᠤᠷ  ᠲᠥᠭᠦᠷᠢᠭ  ᠲᠤ ᠬᠦᠷᠴᠦ᠂ ᠲᠦᠷᠦᠭᠦᠦ ᠵᠢᠯ ᠤᠨ ︽500 ᠬᠦᠴᠦᠷᠬᠡᠭ︾ ᠤᠨ ᠬᠢ ᠠᠴᠠ  27.  24  ᠲᠦᠮᠡᠨ  ᠳ᠋ᠦᠩᠰᠢᠭᠤᠷ  ᠲᠥᠭᠦᠷᠢᠭ ᠨᠡᠮᠡᠭᠳᠡᠵᠦ᠂ 7.31 % ᠪᠠᠷ ᠨᠡᠮᠡᠭᠳᠡᠪᠡ︔ ᠰᠢᠯᠢᠭᠳᠡᠬᠦ ᠪᠠᠷᠢᠮᠵᠢᠶ᠎ᠠ 21 ᠵᠢᠯ  ᠳᠠᠷᠠᠭᠠᠯᠠᠨ  ᠳᠡᠭᠡᠭᠰᠢᠯᠡᠵᠦ᠂  ᠡᠨᠡ  ᠵᠢᠯ  ᠤᠨ︽500 ᠬᠦᠴᠦᠷᠬᠡᠭ︾ ᠤᠨ ᠰᠢᠯᠢᠭᠳᠡᠬᠦ ᠪᠠᠷᠢᠮᠵᠢᠶ᠎ᠠ 469.98 ᠳ᠋ᠦᠩᠰᠢᠭᠤᠷ ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ 23.73 ᠳ᠋ᠦᠩᠰᠢᠭᠤᠷ ᠲᠥᠭᠦᠷᠢᠭ ᠨᠡᠮᠡᠭᠳᠡᠪᠡ᠃             ᠮᠢᠩᠭᠠᠨ ᠳ᠋ᠦᠩᠰᠢᠭᠤᠷ ᠲᠠᠰ ᠤᠨ ᠠᠵᠤ ᠠᠬᠤᠶᠢᠯᠠᠯ ᠠᠩᠬ᠎ᠠ ᠤᠳᠠᠭ᠎ᠠ ᠬᠠᠭᠠᠰ ᠢ ᠳᠠᠪᠠᠪᠠ᠃ ︽500 ᠬᠦᠴᠦᠷᠬᠡᠭ︾ ᠲᠤ ᠡᠵᠡᠩᠨᠡᠯᠲᠡ ᠶᠢᠨ ᠣᠷᠣᠯᠭ᠎ᠠ ᠨᠢ 1000 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠤᠨ ᠲᠤᠭ᠎ᠠ  254 ᠪᠣᠯᠤᠨ ᠨᠡᠮᠡᠭᠳᠡᠵᠦ᠂ 10 ᠠᠵᠤ ᠠᠬᠤᠶᠢᠯᠠᠯ ᠴᠡᠪᠡᠷ ᠨᠡᠮᠡᠭᠳᠡᠪᠡ᠃ ᠡᠭᠦᠨ ᠳᠤ 16 ᠠᠵᠤ ᠠᠬᠤᠶᠢᠯᠠᠯ  ᠤᠨ ᠡᠵᠡᠩᠨᠡᠯᠲᠡ ᠶᠢᠨ ᠣᠷᠣᠯᠭ᠎ᠠ 1 ᠲᠦᠮᠡᠨ ᠳ᠋ᠦᠩᠰᠢᠭᠤᠷ ᠲᠥᠭᠦᠷᠢᠭ ᠢ ᠳᠠᠪᠠᠵᠡᠢ᠃              ᠰᠤᠳᠤᠯᠤᠨ ᠨᠡᠭᠡᠭᠡᠬᠦ ᠣᠷᠣᠭᠤᠯᠤᠯᠲᠠ ᠬᠢᠭᠡᠳ ᠰᠤᠳᠤᠯᠤᠨ ᠨᠡᠭᠡᠭᠡᠬᠦ ᠬᠦᠴᠦᠯᠡᠴᠡ ᠨᠢ ᠦᠷᠭᠦᠯᠵᠢᠯᠡᠨ ᠳᠡᠭᠡᠭᠰᠢᠯᠡᠪᠡ᠃ ︽500 ᠬᠦᠴᠦᠷᠬᠡᠭ︾ ᠲᠤ ᠨᠡᠶᠢᠳᠡ  15786.88 ᠳ᠋ᠦᠩᠰᠢᠭᠤᠷ ᠲᠥᠭᠦᠷᠢᠭ ᠤᠨ ᠰᠤᠳᠤᠯᠤᠨ  ᠨᠡᠭᠡᠭᠡᠬᠦ  ᠵᠠᠷᠤᠳᠠᠯ ᠣᠷᠣᠭᠤᠯᠵᠤ᠂ ᠲᠦᠷᠦᠭᠦᠦ ᠵᠢᠯ ᠤᠨ ᠬᠢ ᠠᠴᠠ  1312.21  ᠳ᠋ᠦᠩᠰᠢᠭᠤᠷ  ᠲᠥᠭᠦᠷᠢᠭ  ᠨᠡᠮᠡᠭᠳᠡᠵᠦ᠂  9.07%  ᠪᠠᠷ ᠨᠡᠮᠡᠭᠳᠡᠵᠡᠢ᠃ ᠰᠤᠳᠤᠯᠤᠨ ᠨᠡᠭᠡᠭᠡᠬᠦ ᠳᠤᠮᠳᠠᠴᠢ ᠡᠷᠴᠢᠮ ᠦᠷᠭᠦᠯᠵᠢᠯᠡᠨ ᠳᠡᠭᠡᠭᠰᠢᠯᠡᠬᠦ ᠬᠠᠨᠳᠤᠰᠢ ᠲᠠᠢ ᠪᠣᠯᠵᠣ᠂ 1.85 % ᠶᠢᠨ ᠰᠢᠨ᠎ᠡ ᠲᠡᠮᠳᠡᠭᠯᠡᠯ ᠢ ᠡᠭᠦᠳᠴᠦ᠂ ᠲᠦᠷᠦᠭᠦᠦ ᠵᠢᠯ ᠤᠨ ︽500 ᠬᠦᠴᠦᠷᠬᠡᠭ︾ ᠲᠠᠢ  ᠬᠠᠷᠢᠴᠠᠭᠤᠯᠪᠠᠯ  0.04  ᠵᠠᠭᠤᠨ  ᠤ ᠬᠤᠪᠢ ᠶᠢᠨ ᠴᠡᠭ ᠳᠡᠭᠡᠭᠰᠢᠯᠡᠵᠡᠢ᠃             ᠲᠤᠰᠬᠠᠶ ᠠᠰᠢᠭ  ᠤᠨ  ᠲᠤᠭ᠎ᠠ  ᠬᠡᠮᠵᠢᠶ᠎ᠡ  ᠪᠠ  ᠶᠠᠰᠤ  ᠴᠢᠨᠠᠷ  ᠨᠢ  ᠦᠷᠭᠦᠯᠵᠢᠯᠡᠨ  ᠳᠡᠭᠡᠭᠰᠢᠯᠡᠪᠡ᠃  ︽500ᠬᠦᠴᠦᠷᠬᠡᠭ︾ ᠠᠵᠤ ᠠᠬᠤᠶᠢᠯᠠᠯ ᠨᠢ ᠨᠡᠶᠢᠲᠡ 188.53ᠲᠦᠮᠡᠨ ᠬᠤᠪᠢ ᠲᠤᠰᠬᠠᠶ ᠠᠰᠢᠭ ᠭᠤᠶᠤᠴᠢᠯᠠᠨ  ᠮᠡᠳᠡᠭᠦᠯᠵᠡᠶ︔ ᠲᠤᠰᠬᠠᠶ ᠠᠰᠢᠭ ᠮᠡᠳᠡᠭᠦᠯᠦᠭᠰᠡᠨ ᠲᠤᠭ᠎ᠠ ᠬᠡᠮᠵᠢᠶ᠎ᠡ ᠨᠢ ᠲᠦᠷᠦᠭᠦᠦ ᠵᠢᠯ ᠤᠨ ︽500 ᠬᠦᠴᠦᠷᠬᠡᠭ︾ ᠠᠴᠠ 21.73 ᠲᠦᠮᠡᠨ ᠬᠤᠪᠢ ᠨᠡᠮᠡᠭᠳᠡᠵᠦ᠂ 13.03 % ᠪᠠᠷ ᠨᠡᠮᠡᠭᠳᠡᠵᠡᠶ᠃ ᠡᠭᠦᠨ ᠳᠤ 74.34 ᠲᠦᠮᠡᠨ ᠬᠤᠪᠢ  ᠡᠭᠦᠳᠦᠯᠲᠡ  ᠶᠢᠨ  ᠲᠤᠰᠬᠠᠶ ᠠᠰᠢᠭ ᠭᠤᠶᠤᠴᠢᠯᠠᠨ ᠮᠡᠳᠡᠭᠦᠯᠪᠡ᠂ ᠡᠨᠡ ᠨᠢ ᠲᠦᠷᠦᠭᠦᠦ ᠵᠢᠯ ᠤᠨ ︽500 ᠬᠦᠴᠦᠷᠬᠡᠭ︾ ᠤᠨ ᠬᠢ ᠠᠴᠠ 10.48 % ᠪᠠᠷ ᠨᠡᠮᠡᠭᠳᠡᠵᠦ᠂ ᠡᠭᠦᠳᠦᠯᠲᠡ ᠶᠢᠨ ᠲᠤᠰᠬᠠᠶ ᠠᠰᠢᠭ ᠤᠨ ᠲᠤᠭ᠎ᠠ ᠬᠡᠮᠵᠢᠶ᠎ᠡ ᠨᠢ 5 ᠵᠢᠯ ᠳᠠᠷᠠᠭᠠᠯᠠᠨ  ᠨᠡᠮᠡᠭᠳᠡᠵᠦ᠂  ᠲᠤᠰᠬᠠᠶ  ᠠᠰᠢᠭ ᠤᠨ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 39.43 % ᠳᠤ ᠬᠦᠷᠴᠡᠶ᠃              ᠪᠠᠷᠢᠮᠵᠢᠶ᠎ᠠ ᠲᠣᠭᠲᠠᠭᠠᠬᠤ ᠳᠤ ᠣᠷᠣᠯᠴᠠᠬᠤ ᠢᠳᠡᠪᠬᠢᠵᠢᠯ ᠨᠢ ᠳᠡᠭᠡᠭᠰᠢᠯᠡᠪᠡ᠃ ︽500 ᠬᠦᠴᠦᠷᠬᠡᠭ︾ ᠨᠢ  ᠨᠡᠶᠢᠲᠡ75110 ᠵᠦᠶᠯ ᠤᠨ ᠪᠠᠷᠢᠮᠵᠢᠶ᠎ᠠ ᠲᠣᠭᠲᠠᠭᠠᠬᠤ ᠳᠤ ᠣᠷᠣᠯᠴᠠᠬᠤ ᠪᠠᠷ ᠭᠤᠶᠤᠴᠢᠯᠠᠨ ᠮᠡᠳᠡᠭᠦᠯᠪᠡ᠂ ᠡᠨᠡ  ᠨᠢ ᠲᠦᠷᠦᠭᠦᠦ  ᠵᠢᠯ ᠤᠨ ︽500 ᠬᠦᠴᠦᠷᠬᠡᠭ︾ ᠤᠨ ᠭᠤᠶᠤᠴᠢᠯᠠᠨ ᠮᠡᠳᠡᠭᠦᠯᠦᠭᠰᠡᠨ ᠲᠤᠭ᠎ᠠ ᠠᠴᠠ 171 ᠵᠦᠶᠯ ᠨᠡᠮᠡᠭᠳᠡᠵᠦ᠂  ᠠᠵᠤ  ᠠᠬᠤᠶᠢᠯᠠᠯ ᠤᠨ ᠭᠤᠶᠤᠴᠢᠯᠠᠨ ᠮᠡᠳᠡᠭᠦᠯᠬᠦ ᠣᠷᠣᠯᠴᠠᠬᠤ ᠪᠠᠷᠢᠮᠵᠢᠶ᠎ᠠ ᠲᠣᠭᠲᠠᠭᠠᠬᠤ ᠲᠤᠭ᠎ᠠ ᠪᠠᠷᠢᠮᠲᠠ  4  ᠵᠢᠯ  ᠳᠠᠷᠠᠭᠠᠯᠠᠨ  ᠳᠡᠭᠡᠭᠰᠢᠯᠡᠪᠡ᠃ ᠤᠯᠠᠨ ᠤᠯᠤᠰ ᠤᠨ ᠪᠠᠷᠢᠮᠵᠢᠶ᠎ᠠ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠠᠵᠤ ᠠᠬᠤᠶᠢᠯᠠᠯ ᠨᠡᠶᠢᠳᠡ 4992 ᠵᠦᠢᠯ ‍ᠦᠨ‌ᠤᠯᠠᠨ ᠤᠯᠤᠰ ᠤᠨ ᠪᠠᠷᠢᠮᠵᠢᠶ᠎ᠠ ᠲᠣᠭᠲᠠᠭᠠᠬᠤ ᠳᠤ ᠣᠷᠣᠯᠴᠠᠬᠤ ᠪᠠᠷ ᠭᠤᠶᠤᠴᠢᠯᠠᠨ ᠮᠡᠳᠡᠭᠦᠯᠵᠡᠢ᠃              ᠬᠥᠮᠦᠨ ᠳᠤᠮᠳᠠᠴᠢ ᠶᠢᠨ ᠡᠵᠡᠩᠨᠡᠯᠲᠡ ᠶᠢᠨ ᠣᠷᠣᠯᠭ᠎ᠠ ᠨᠢ ᠦᠷᠭᠦᠯᠵᠢᠯᠡᠨ ᠨᠡᠮᠡᠭᠳᠡᠪᠡ᠃ ︽500 ᠬᠦᠴᠦᠷᠬᠡᠭ︾ ᠤᠨ ᠬᠥᠮᠦᠨ ᠳᠤᠮᠳᠠᠴᠢ ᠶᠢᠨ ᠡᠵᠡᠩᠨᠡᠯᠲᠡ ᠶᠢᠨ ᠣᠷᠣᠯᠭ᠎ᠠ 330.22 ᠲᠦᠮᠡᠨ ᠲᠥᠭᠦᠷᠢᠭ ᠲᠤ ᠬᠦᠷᠴᠦ᠂ ᠲᠦᠷᠦᠭᠦᠦ  ᠵᠢᠯ  ᠤᠨ︽500 ᠬᠦᠴᠦᠷᠬᠡᠭ︾ ᠤᠨ ᠬᠢ ᠠᠴᠠ 14.26 ᠲᠦᠮᠡᠨ ᠲᠥᠭᠦᠷᠢᠭ ᠨᠡᠮᠡᠭᠳᠡᠵᠠᠢ᠃   
ᠢᠷᠡᠯᠲᠡ᠄ ᠠᠷᠠᠳ ᠤᠨ ᠰᠦᠯᠵᠢᠶ᠎ᠡ