| ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠣᠯ ᠮᠠᠨ ᠤ ᠤᠯᠤᠰ ᠤᠨ ᠶᠡᠭᠡ ᠲᠡᠭᠡᠳᠦ ᠰᠤᠷᠭᠠᠭᠤᠯᠢ ᠶᠢᠨ ᠲᠡᠳᠬᠦᠨ ᠲᠤᠰᠠᠯᠠᠬᠤ ᠲᠥᠷᠥ ᠶᠢᠨ | ᠪᠣᠳᠣᠯᠭ᠎ᠠ ᠶᠢᠨ ᠰᠢᠰᠲ᠋ᠧᠮ ᠤᠨ ᠴᠢᠬᠤᠯᠠ ᠠᠭᠤᠯᠭ᠎ᠠ ᠮᠥᠨ᠂ ᠰᠤᠷᠭᠠᠨ ᠬᠥᠮᠦᠵᠢᠯ ᠤᠨ ᠭᠤᠤᠯᠴᠢ ᠪᠠᠶᠢᠬᠤ ᠶᠢ ᠠᠬᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ | ᠮᠥᠨ᠃ ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠄ 1999 ᠣᠨ ᠠᠴᠠ ᠣᠲᠣ ᠪᠣᠯᠲᠠᠯ᠎ᠠ ᠨᠢᠭᠡᠨᠲᠡ 4000 ᠭᠠᠷᠤᠶ | ᠳ᠋ᠦᠩᠰᠢᠭᠤᠷ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠲᠠᠯᠪᠢᠵᠤ᠂ ᠬᠡᠷ ᠪᠦᠯᠢ ᠶᠢᠨ ᠠᠮᠢᠳᠤᠷᠠᠯ ᠨᠢ ᠬᠦᠴᠢᠷᠲᠡᠯᠲᠡᠢ ᠤᠶᠤᠳᠠᠨ ᠢ ᠨᠡᠶᠢᠲᠡ | 2000 ᠭᠠᠷᠤᠶ ᠲᠦᠮᠡ ᠲᠤᠰᠠᠯᠠᠭᠰᠠᠨ ᠪᠠᠶᠢᠨ᠎ᠠ᠃ | ᠵᠢᠭᠡᠯᠡᠯᠭᠡ ᠦᠭᠭᠦ ᠲᠤᠭ᠎ᠠ ᠲᠠᠰᠤᠷᠠᠯᠲᠠ ᠦᠭᠡᠢ ᠳᠡᠭᠡᠭᠰᠢᠯᠡᠪᠡ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠡᠬᠢᠨ ᠤ ᠬᠤᠭᠤᠴᠠᠭᠠᠨ ᠳᠤ᠂ ᠪᠦᠬᠦᠯᠢ | ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠶᠤᠳᠠᠨ᠂ ᠠᠰᠫᠢᠷᠠᠨᠲ ᠤᠨ ᠬᠠᠮᠤᠭ ᠤᠨ ᠥᠨᠳᠥᠷ ᠵᠢᠭᠡᠯᠡᠯᠭᠡ ᠶᠢᠨ | ᠲᠤᠭ᠎ᠠ ᠨᠢ ᠬᠥᠮᠦᠨ ᠪᠦᠷᠢ ᠵᠢᠯ ᠳᠤ 6000 ᠲᠥᠭᠦᠷᠢᠭ ᠪᠠᠶᠢᠪᠠ︔ 2014 ᠣᠨ ᠳᠤ ᠵᠢᠭᠡᠯᠡᠯᠭᠡ ᠦᠭᠭᠦ ᠬᠠᠮᠤᠭ ᠤᠨ ᠦᠨᠳᠦᠷ ᠲᠤᠭ᠎ᠠ ᠶᠢ ᠵᠢᠩᠬᠢᠨᠢ ᠠᠩᠭᠢ ᠪᠠ | ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠨᠢᠭᠡ ᠪᠦᠷᠢ ᠳᠤ ᠵᠢᠯ ᠪᠦᠷᠢ 8000 ᠲᠥᠭᠦᠷᠢᠭ᠂ ᠠᠰᠫᠢᠷᠠᠨᠲ ᠨᠢᠭᠡ ᠪᠦᠷᠢ ᠳᠤ ᠵᠢᠯ ᠪᠦᠷᠢ 1.2 ᠲᠦᠮᠡᠨ | ᠲᠥᠭᠦᠷᠢᠭ ᠪᠤᠯᠭᠠᠨ ᠲᠡᠭᠡᠭᠰᠢᠯᠡᠭᠦᠯᠪᠡ︔ 2021 ᠣᠨ ᠳᠤ ᠵᠢᠭᠡᠯᠡᠯᠭᠡ ᠦᠭᠭᠦ ᠬᠠᠮᠤᠭ ᠤᠨ ᠦᠨᠳᠦᠷ ᠲᠤᠭ᠎ᠠ ᠶᠢ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ | ᠠᠩᠭᠢ ᠶᠢᠨ ᠤᠶᠤᠳᠠᠨ ᠨᠢᠭᠡ ᠪᠦᠷᠢ ᠳᠤ ᠵᠢᠯ ᠪᠦᠷᠢ 1.2 ᠲᠦᠮᠡᠨ ᠲᠥᠭᠦᠷᠢᠭ᠂ ᠠᠰᠫᠢᠷᠠᠨᠲ ᠨᠢᠭᠡ ᠪᠦᠷᠢ ᠳᠤ ᠵᠢᠯ ᠪᠦᠷᠢ 1.6 ᠲᠦᠮᠡᠨ ᠲᠥᠭᠦᠷᠢᠭ ᠪᠤᠯᠭᠠᠨ | ᠲᠡᠭᠡᠭᠰᠢᠯᠡᠭᠦᠯᠪᠡ᠃ | ᠵᠢᠭᠡᠯᠡᠯᠭᠡ ᠶᠢᠨ ᠬᠤᠭᠤᠴᠠᠭ᠎ᠠ ᠶᠢ ᠲᠠᠰᠤᠷᠠᠯᠲᠠ ᠦᠭᠡᠢ ᠤᠷᠲᠤᠳᠬᠠᠪᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠡᠬᠢᠨ ᠤ ᠬᠤᠭᠤᠴᠠᠭᠠᠨ ᠳᠤ᠂ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠤᠭᠤᠴᠠᠭ᠎ᠠ ᠨᠢ ᠲᠡᠭᠦᠰᠦᠭᠰᠡᠨ ᠤ ᠳᠠᠷᠠᠭᠠᠬᠢ 6 ᠵᠢᠯ ᠳᠤ ᠵᠢᠭᠡᠯᠡᠯᠭᠡ ᠶᠢᠨ ᠡᠬᠡ ᠬᠦᠦ ᠶᠢ ᠪᠤᠴᠠᠭᠠᠵᠤ | ᠳᠠᠭᠤᠰᠬᠠᠬᠤ ᠬᠡᠷᠡᠭᠲᠡᠶ ᠪᠠᠶᠢᠪᠠ᠂ ᠲᠤᠬᠠᠶᠢᠯᠠᠪᠠᠯ ᠰᠤᠷᠤᠯᠭ᠎ᠠ ᠶᠢᠨ ᠳᠦᠷᠢᠮ ᠤᠨ ᠲᠡᠭᠡᠷ᠎ᠡ 6 ᠵᠢᠯ ᠨᠡᠮᠡᠵᠦ᠂ ᠬᠠᠮᠤᠭ ᠤᠨ ᠤᠷᠲᠤ ᠳᠠᠭᠠᠨ 10 ᠵᠢᠯ ᠠᠴᠠ | ᠬᠡᠲᠦᠷᠡᠭᠦᠯᠵᠦ ᠪᠣᠯᠬᠤ ᠦᠭᠡᠶ ᠪᠠᠶᠢᠪᠠ᠃ 2020 ᠣᠨ ᠳᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠭᠠᠳ ᠰᠤᠷᠤᠯᠭ᠎ᠠ ᠶᠢᠨ | ᠲᠦᠷᠢᠮ ᠤᠨ ᠲᠡᠭᠡᠷ᠎ᠡ 15 ᠵᠢᠯ ᠨᠡᠮᠡᠭᠦ ᠪᠣᠯᠭᠠᠵᠤ᠂ ᠬᠠᠮᠤᠭ ᠤᠨ ᠣᠷᠳᠣ ᠳᠠᠭᠠᠨ 22 ᠵᠢᠯ ᠠᠴᠠ ᠬᠡᠳᠦᠷᠡᠭᠦᠯᠵᠦ ᠪᠤᠯᠬᠤ ᠦᠭᠡᠢ ᠪᠤᠯᠭᠠᠪᠠ᠃ | ᠵᠢᠭᠡᠯᠡᠯᠭᠡ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ 2017 ᠣᠨ ᠳᠤ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠳᠤ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠢᠭᠲᠠᠯᠠᠨ | ᠪᠤᠳᠤᠬᠤ ᠳᠡᠭᠡᠳᠦ ᠰᠤᠷᠭᠠᠭᠤᠯᠢ ᠵᠡᠷᠭᠡ ᠬᠥᠮᠦᠵᠢᠭᠦᠯᠬᠦ ᠨᠢᠭᠡᠴᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ | ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠶᠤᠳᠠᠨ᠂ ᠠᠰᠫᠢᠷᠠᠨᠲ᠂ ᠪᠡᠯᠡᠳᠬᠡᠯ ᠠᠩᠭᠢ ᠶᠢᠨ ᠤᠶᠤᠳᠠᠨ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ | ᠵᠢᠭᠡᠯᠡᠯᠭᠡ ᠶᠢᠨ ᠭᠠᠷᠳᠠᠮ ᠬᠦᠢᠴᠡᠳᠭᠡᠭᠦ ᠳᠤ ᠨᠠᠩ ᠳᠥᠭᠦᠮ ᠪᠣᠯᠪᠠ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠳᠤ ᠤᠷᠢᠳᠴᠢᠯᠠᠨ ᠭᠤᠶᠤᠴᠢᠯᠠᠬᠤ᠂ ︽ᠨᠢᠭᠡ ᠥᠷᠲᠡᠭᠡ ᠮᠠᠶ᠋ᠢᠭ︾ ᠢᠶᠠᠷ ᠭᠦᠢᠴᠡᠳᠭᠡᠭᠦ᠂ ᠰᠦᠯᠵᠢᠶᠡᠨ ᠳᠡᠭᠡᠷ᠎ᠡ ᠭᠦᠢᠴᠡᠳᠭᠡᠭᠦ | ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠤᠶᠤᠳᠠᠳ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠭᠠᠷᠳᠠᠮ ᠬᠦᠢᠴᠡᠳᠭᠡᠭᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠪᠡ᠃ | ︽ᠪᠢᠳᠡ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠡᠷ | ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠤᠶᠤᠳᠠᠳ ᠤᠨ ᠰᠠᠨᠠᠭ᠎ᠠ ᠠᠮᠤᠷ ᠰᠤᠷᠤᠯᠴᠠᠵᠤ ᠦᠰᠦᠨ ᠪᠤᠶᠢᠵᠢᠵᠤ ᠴᠢᠳᠠᠪᠤᠷᠢᠲᠠᠨ ᠪᠤᠯᠬᠤ ᠳᠤ ᠬᠠᠪᠰᠤᠷᠤᠯᠭ᠎ᠠ | ᠦᠵᠡᠭᠦᠯᠦᠨ᠎ᠡ︾ ᠭᠡᠵᠦ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠪᠡ᠃ | | |