ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠤᠶᠢᠯᠠᠭᠠᠭᠰᠠᠨ ᠢᠶᠠᠷ᠂ ᠤᠳᠤ | ᠮᠠᠨ ᠤ ᠣᠷᠣᠨ ᠮᠠᠯ ᠵᠢᠬᠦᠷᠳᠡᠨ ᠤ ᠡᠭᠦᠯᠳᠡᠷ ᠪᠤᠶᠢᠵᠢᠭᠤᠯᠬᠤ 20 ᠭᠤᠣᠯ ᠲᠠᠯᠠᠪᠠᠢ ᠲᠠᠢ ᠪᠠᠶᠢᠵᠤ᠂ ᠦᠬᠡᠷ ᠬᠤᠨᠢᠨ ᠤ ᠡᠭᠦᠯᠳᠡᠷ ᠪᠤᠶᠢᠵᠢᠭᠤᠯᠬᠤ ᠭᠤᠣᠯ | ᠲᠠᠯᠠᠪᠠᠢ ᠶᠢᠨ ᠲᠤᠭ᠎ᠠ ᠪᠠᠷ ᠪᠦᠬᠦ ᠤᠯᠤᠰ ᠲᠤ ᠲᠦᠷᠦᠭᠦᠯᠡᠵᠤ᠂ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ ᠶᠢᠨ ᠶᠡᠷᠦᠩᠬᠡᠢ ᠲᠤᠭ᠎ᠠ ᠪᠠᠷ ᠪᠦᠬᠦ ᠤᠯᠤᠰ ᠲᠤ | ᠲᠡᠳ᠋ᠯᠡᠵᠤ ᠪᠠᠶᠢᠨ᠎ᠠ᠃ | ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ︽ ᠲᠤ ᠮᠧᠩ ᠮᠢᠬᠠᠨ ᠤ ᠬᠤᠨᠢ︾ ᠤᠯᠤᠰ ᠤᠨ ᠰᠢᠨ᠎ᠡ ᠡᠭᠦᠯᠳᠡᠷ ᠤᠨ ᠦᠨᠡᠮᠯᠡᠯ ᠢ ᠬᠦᠷᠳᠡᠵᠤ᠂ | ᠣᠯᠭᠤᠶᠠ ᠶᠢᠨ ᠴᠠ ᠪᠤᠭᠤ ᠶᠢᠨ ᠦᠷ᠎ᠡ ᠶᠢᠨ ᠬᠠᠮᠠᠭᠠᠯᠠᠯᠳᠠ ᠶᠢᠨ ᠲᠠᠯᠠᠪᠠᠢ ᠨᠢ ᠤᠯᠤᠰ ᠤᠨ ᠳᠡᠰ ᠤᠨ ᠦᠷ᠎ᠡ ᠶᠢᠨ ᠬᠠᠮᠠᠭᠠᠯᠠᠯᠳᠠ ᠶᠢᠨ ᠲᠠᠯᠠᠪᠠᠢ ᠪᠤᠯᠵᠤ᠂ ᠥᠪᠥᠷ | ᠮᠣᠩᠭᠤᠯ ᠤᠨ ᠵᠦᠩ ᠨᠦᠩ ᠬᠢᠩᠭᠠᠨ ᠤ ᠦᠷ᠎ᠠ ᠶᠢᠨ ᠦᠬᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠤ | ᠮᠧᠢ ᠮᠠᠯ ᠠᠵᠤ ᠠᠬᠤᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠯᠢ ᠰᠢᠨ ᠠᠵᠤ | ᠦᠢᠯᠡᠰ ᠤᠨ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠤᠯᠤᠰ ᠤᠨ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ ᠪᠠᠷ ᠰᠢᠨ᠎ᠡ ᠪᠠᠷ ᠰᠤᠩᠭᠤᠭᠳᠠᠵᠤ᠂ ᠰᠠᠢ | ᠺᠧ ᠰᠢᠩ ᠪᠤᠯᠤᠨ ᠲᠦᠩᠯᠢᠶᠣᠣ ᠶᠢᠨ ᠵᠢᠩ ᠶᠤᠸᠠᠨ ᠪᠤᠬ᠎ᠠ ᠲᠠᠵᠢᠬᠡᠬᠦ ᠥᠷᠲᠡᠭᠡ 10 ᠵᠢᠯ ᠳᠠᠷᠠᠭᠠᠯᠠᠨ ᠢᠴᠡᠭᠡᠯ ᠦᠷ᠎ᠡ ᠶᠢᠨ ᠰᠤᠭᠤᠴᠢᠨ ᠪᠠᠶᠢᠴᠠᠭᠠᠯᠳᠠ ᠳᠤ ᠬᠢᠷᠢ | ᠲᠡᠩᠴᠡᠪᠡ᠃ | ᠣᠶᠢᠷ᠎ᠠ ᠶᠢᠨ ᠵᠢᠯ ᠳᠤ ᠮᠠᠨ ᠤ ᠤᠷᠤᠨ ᠮᠠᠯ ᠵᠢᠭᠦᠷᠲᠡᠨ ᠤ ᠦᠷ᠎ᠡ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠪᠠᠷ ᠦᠷᠭᠦᠯᠵᠢᠯᠡᠨ ᠬᠦᠴᠦᠯᠡᠵᠦ᠂ ᠦᠬᠡᠷ | ᠬᠤᠨᠢᠨ ᠤ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠴᠢᠳᠠᠪᠤᠷᠢ ᠪᠣᠯᠤᠨ ᠦᠷ᠎ᠡ ᠶᠢᠨ ᠢᠷᠡᠯᠲᠡ ᠶᠢᠨ ᠬᠠᠩᠭᠠᠯᠭ᠎ᠠ ᠶᠢᠨ ᠴᠢᠳᠠᠪᠤᠷᠢ ᠨᠢ ᠪᠦᠬᠦ ᠤᠯᠤᠰ ᠤᠨ | ᠲᠦᠷᠦᠭᠦᠤ ᠪᠠᠶᠢᠷᠢᠨ ᠳᠤ ᠣᠷᠣᠵᠤ᠂ ᠮᠠᠯ ᠠᠵᠤ ᠠᠬᠤᠢ ᠲᠠᠷᠢᠶᠠᠯᠠᠩ ᠤᠨ ᠲᠣᠭᠲᠠᠭᠤᠨ ᠢᠶᠠᠷ ᠬᠥᠭᠵᠢᠬᠦ ᠳᠤ ᠦᠷ᠎ᠡ ᠶᠢᠨ ᠦᠢᠯᠡᠰ ᠤᠨ ᠰᠠᠭᠤᠷᠢ ᠶᠢ ᠪᠠᠲᠤᠳᠬᠠᠪᠠ᠃ | ᠣᠳᠣᠬᠠᠨ ᠪᠤᠯᠳᠠᠯ᠎ᠠ ᠮᠠᠨ ᠤ ᠤᠷᠤᠨ ᠨᠢᠭᠡᠨᠲᠡ 23 ᠮᠢᠬᠠᠨ ᠤ ᠦᠬᠡᠷ ᠬᠤᠨᠢ ᠶᠢᠨ ᠡᠭᠦᠯᠳᠡᠷ ᠢ ᠪᠤᠶᠢᠵᠢᠭᠤᠯᠵᠤ᠂ ᠪᠦᠬᠦ ᠤᠯᠤᠰ ᠤᠨ ᠮᠢᠬᠠᠨ ᠤ ᠦᠬᠡᠷ ᠬᠤᠨᠢ ᠶᠢᠨ | ᠡᠬᠦᠯᠳᠡᠷ ᠢ ᠬᠠᠮᠤᠭ ᠤᠨ ᠣᠯᠠᠨ ᠪᠤᠶᠢᠵᠢᠭᠤᠯᠤᠭᠰᠠᠨ ᠮᠣᠵᠢ ᠣᠷᠣᠨ ᠪᠣᠯᠵᠠᠢ᠃ ᠮᠠᠨ ᠤ ᠤᠷᠤᠨ ᠳᠤ 11 ᠤᠯᠤᠰ ᠤᠨ ᠳᠡᠰ ᠤᠨ ᠮᠠᠯ ᠵᠢᠭᠦᠷᠲᠡᠨ ᠤ ᠦᠷ᠎ᠡ ᠶᠢᠨ | ᠬᠠᠮᠠᠭᠠᠯᠠᠯᠳᠠ ᠶᠢᠨ ᠲᠠᠯᠠᠪᠠᠢ ᠲᠠᠢ ᠪᠣᠯᠵᠤ᠂ ᠲᠤᠭ᠎ᠠ ᠬᠡᠮᠵᠢᠶ᠎ᠡ ᠪᠠᠷ ᠪᠦᠬᠦ ᠤᠯᠤᠰ ᠤᠨ ᠳᠥᠷᠪᠡᠳᠦᠭᠡᠷ ᠲᠤ ᠣᠷᠣᠵᠤ ᠪᠤᠢ᠃ ᠮᠠᠨ ᠤ ᠤᠷᠤᠨ ᠨᠢᠭᠡᠨᠲᠡ ᠵᠢᠯ ᠳᠤ ᠴᠢᠨᠠᠷ | ᠰᠠᠶᠢᠳᠠᠢ 800 ᠲᠦᠮᠡᠨ ᠰᠢᠷᠭᠡᠭ ᠮᠢᠬᠠᠨ ᠤ ᠦᠬᠡᠷ ᠤᠨ ᠢᠴᠡᠭᠡᠯ ᠦᠷ᠎ᠡ ᠪᠠ 200 ᠲᠦᠮᠡᠨ ᠰᠢᠷᠭᠡᠭ ᠰᠠᠭᠠᠯᠢ ᠶᠢᠨ ᠦᠨᠢᠶ᠎ᠡ ᠶᠢᠨ ᠢᠴᠡᠭᠡᠯ ᠦᠷ᠎ᠡ ᠬᠠᠩᠭᠠᠬᠤ | ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠪᠦᠷᠢᠯᠳᠦᠭᠦᠯᠵᠦ᠂ ᠣᠷᠣᠨ ᠤ ᠳᠣᠲᠣᠷᠠᠬᠢ ᠬᠡᠷᠡᠭᠴᠡᠭᠡ ᠱᠠᠭᠠᠷᠳᠠᠯᠭ᠎ᠠ ᠶᠢ ᠪᠦᠷᠢᠮᠦᠰᠤᠨ ᠬᠠᠩᠭᠠᠵᠤ | ᠳᠡᠶᠢᠯᠬᠦ ᠪᠠᠷ ᠪᠠᠷᠠᠬᠤ ᠥᠬᠡᠢ ᠪᠠᠰᠠ ᠣᠷᠣᠨ ᠤ ᠭᠠᠳᠠᠨ᠎ᠠ ᠬᠠᠩᠭᠠᠨ ᠦᠭᠴᠦ ᠪᠠᠶᠢᠨ᠎ᠠ᠃ | | |