2023 ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2023/9/4
      9 ᠰᠠᠷ᠎ᠠ ᠶᠢᠨ 2 ᠤᠨ ᠡᠳᠦᠷ᠂ 2023 ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠡᠬᠢᠯᠡᠪᠡ᠃ ᠲᠥᠪ ᠤᠨ ᠤᠬᠠᠭᠤᠯᠬᠤ ᠬᠡᠯᠲᠡᠰ ᠤᠨ ᠡᠳᠦᠷ ᠲᠤᠳᠤᠮ ᠤᠨ ᠠᠵᠢᠯ ᠢ ᠬᠠᠮᠢᠶᠠᠷᠴᠤ ᠪᠠᠶᠢᠭ᠎ᠠ ᠳᠡᠳ᠋ ᠰᠠᠶᠢᠳ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠣ᠋ ᠾᠧ ᠫᠢᠩ᠂ ᠰᠢᠨᠬᠤᠸᠠ ᠴᠢᠮᠡᠭᠡᠯᠡᠯ ᠤᠨ ᠬᠤᠷᠢᠶ᠎ᠠ ᠶᠢᠨ ᠶᠡᠷᠦᠩᠬᠡᠢ ᠨᠠᠶᠢᠷᠠᠭᠤᠯᠤᠭᠴᠢ ᠯᠢᠦᠢ ᠶᠠᠨ ᠰᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃      ᠡᠬᠢᠯᠡᠯᠲᠡ ᠶᠢᠨ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠣᠷᠣᠯᠴᠠᠵᠠᠢ᠃ ᠰᠣᠶᠣᠯ ᠪᠠ ᠵᠢᠭᠤᠯᠴᠢᠯᠠᠯ ᠤᠨ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠰᠢᠨᠬᠤᠸᠠ ᠴᠢᠮᠡᠭᠡᠯᠡᠯ ᠤᠨ ᠬᠤᠷᠢᠶ᠎ᠠ ᠵᠢᠴᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠯᠪᠣᠭᠳᠠᠯ ᠪᠥᠬᠦᠶ ᠣᠷᠣᠨ ᠨᠤᠲᠤᠭ ᠪᠣᠯᠤᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠤᠯᠤᠰ ᠤᠨ ᠳᠣᠲᠣᠭᠠᠳᠤ ᠶᠢᠨ ᠨᠠᠷᠠᠲᠤ ᠤᠷᠠᠯᠢᠭ ᠤᠨ ᠶᠡᠭᠡ ᠳᠡᠭᠡᠳᠦ ᠰᠤᠷᠭᠠᠭᠤᠯᠢ᠂ ᠨᠠᠷᠠᠲᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠦᠯᠦᠭᠡᠯᠡᠭᠴᠢ ᠶᠡᠭᠡ ᠬᠤᠷᠠᠯ ᠳᠤ ᠣᠷᠣᠯᠴᠠᠪᠠ᠃      ᠬᠣ᠋ ᠾᠧ ᠫᠢᠩ᠂ ᠲᠣᠰ ᠤᠳᠠᠭ᠎ᠠ ᠶᠢᠨ ᠶᠡᠭᠡ ᠬᠤᠷᠠᠯ ᠢ ᠡᠷᠭᠢᠯᠡᠭᠰᠡᠨ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠶ ᠠᠷᠭ᠎ᠠ ᠬᠡᠮᠵᠢᠶ᠎ᠡ ᠮᠥᠨ᠂ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ᠂ ᠠᠵᠢᠯ ᠲᠥᠷᠥᠯ ᠤᠨ ᠬᠥᠭᠵᠢᠯᠲᠡ ᠪᠠᠨ ᠰᠡᠷᠭᠦᠭᠡᠬᠦ ᠳᠤ ᠬᠦᠴᠦᠨ ᠨᠡᠮᠡᠷᠢᠯᠡᠬᠦ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠬᠥᠳᠡᠭᠡ ᠲᠣᠰᠬᠤᠨ ᠢ ᠬᠦᠭᠵᠢᠭᠦᠯᠤᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠴᠢᠬᠤᠯᠠ ᠠᠵᠢᠯᠯᠠᠭ᠎ᠠ ᠮᠥᠨ᠃ ᠣᠳᠣᠬᠠᠨ ᠳᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠦᠭᠵᠢᠶᠡᠨᠲᠡᠢ ᠪᠤᠯᠵᠤ᠂ ᠵᠢᠭᠤᠯᠴᠢᠯᠠᠯ ᠤᠨ ᠦᠢᠯᠡᠰ ᠶᠡᠭᠡ ᠪᠠᠷ ᠰᠡᠷᠭᠦᠵᠦ᠂ ᠵᠢᠭᠤᠯᠴᠢᠯᠠᠯ ᠤᠨ ᠨᠡᠮᠡᠭᠳᠡᠯ ᠢ ᠲᠤᠭᠲᠠᠭᠤᠨ ᠪᠠᠶᠢᠯᠭᠠᠬᠤ᠂ ᠳᠣᠲᠣᠭᠠᠳᠤ ᠬᠡᠷᠡᠭᠴᠡᠭᠡ ᠶᠢ ᠦᠷᠭᠡᠳᠭᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠴᠢᠬᠤᠯᠠ ᠦᠢᠯᠡᠳᠦᠯ ᠨᠠᠩ ᠲᠣᠪᠤᠶᠢᠮ᠎ᠠ ᠪᠣᠯᠪᠠ᠃ ᠥᠷᠭᠡᠨ ᠣᠯᠠᠨ ᠰᠣᠶᠣᠯ ᠪᠠ ᠵᠢᠭᠤᠯᠴᠢᠯᠠᠯ ᠤᠨ ᠠᠵᠢᠯᠲᠠᠨ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠲᠤ ᠠᠩᠬᠠᠷᠤᠯ ᠢᠶᠠᠨ ᠲᠦᠪᠯᠡᠷᠡᠭᠦᠯᠤᠨ᠂ ᠵᠢᠭᠤᠯᠴᠢᠯᠠᠯ ᠢᠶᠠᠷ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠵᠢᠭᠤᠯᠴᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠵᠢᠭᠤᠯᠴᠢᠯᠠᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠠᠵᠤ ᠠᠬᠤᠶᠢᠯᠠᠯ ᠤᠨ ᠬᠦᠴᠢᠷᠳᠡᠯ ᠢ ᠨᠢ  ᠰᠢᠢᠳᠪᠤᠷᠢᠯᠡᠨ ᠥᠭᠴᠦ᠂ ᠵᠢᠭᠤᠯᠴᠢᠯᠠᠯ ᠤᠨ ᠠᠵᠢᠯ ᠲᠥᠷᠥᠯ ᠤᠨ ᠠᠮᠢ ᠠᠬᠤᠶ ᠶᠢ ᠰᠢᠯᠢᠳᠡᠭᠵᠢᠭᠦᠯᠤᠨ᠂ ᠴᠢᠨᠠᠷ ᠰᠠᠶᠢᠲᠠᠶ ᠦᠢᠯᠡᠳᠭᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠣᠯᠠᠨ ᠨᠡᠶᠢᠲᠡ ᠶᠢᠨ ᠵᠢᠭᠤᠯᠴᠢᠯᠠᠯ᠂ ᠣᠶᠤᠨᠴᠢ ᠵᠢᠭᠤᠯᠴᠢᠯᠠᠯ᠂ ᠪᠣᠬᠢᠷᠲᠤᠯ ᠥᠬᠡᠶ ᠵᠢᠭᠤᠯᠴᠢᠯᠠᠯ᠂ ᠪᠣᠯᠪᠠᠰᠤᠨ ᠵᠢᠭᠤᠯᠴᠢᠯᠠᠯ ᠢ ᠶᠡᠭᠡ ᠪᠠᠷ ᠬᠥᠭᠵᠢᠭᠦᠯᠬᠦ ᠬᠡᠷᠡᠭᠲᠡᠶ ᠭᠡᠵᠦ ᠢᠯᠡᠳᠭᠡᠪᠡ᠃      ᠯᠢᠦᠶ ᠶᠠᠨ ᠰᠥᠩ᠂ ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠭᠰᠠᠨ ᠥᠯᠢᠭᠡᠷ ᠢ ᠰᠠᠶᠢᠲᠤᠷ ᠶᠠᠷᠢᠬᠤ ᠳᠤ ᠵᠠᠭᠤᠴᠢᠯᠠᠭᠤᠷ ᠤᠨ ᠢᠳᠡᠪᠬᠢᠲᠡᠶ ᠣᠷᠣᠯᠴᠠᠯᠭ᠎ᠠ ᠠᠴᠠ ᠰᠠᠯᠵᠤ ᠴᠢᠳᠠᠬᠤ ᠥᠬᠡᠶ ᠶᠤᠮ᠃ ᠨᠠᠮ ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠴᠢᠬᠤᠯᠠ ᠭᠠᠵᠠᠷ᠂ ᠤᠯᠤᠰ ᠤᠨ ᠴᠢᠮᠡᠭᠡᠯᠡᠯ ᠤᠨ ᠬᠤᠷᠢᠶ᠎ᠠ ᠪᠣᠯᠤᠭᠰᠠᠨ ᠤ ᠬᠤᠪᠢ ᠳᠤ᠂ ᠰᠢᠨᠬᠤᠸᠠ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠤᠬᠠᠢ ᠴᠢᠬᠤᠯᠠ ᠥᠭᠦᠯᠡᠯᠲᠡ ᠶᠢᠨ ᠵᠢᠯᠤᠭᠤᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ ᠶᠢᠨ ᠳᠠᠭᠤᠨ ᠬᠤᠭᠤᠯᠠᠢ᠂ ᠨᠢᠳᠦ ᠴᠢᠬᠢ᠂ ᠤᠶᠤᠨ ᠤ ᠬᠥᠮᠥᠷᠭᠡ ᠶᠢᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠮᠠᠨ ᠤ ᠤᠯᠤᠰ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠬᠢ ᠠᠷᠭ᠎ᠠ ᠬᠡᠮᠵᠢᠶ᠎ᠡ ᠦᠷ᠎ᠡ ᠪᠦᠲᠦᠮᠵᠢ ᠶᠢ ᠦᠷᠭᠦᠯᠵᠢᠯᠡᠨ ᠢᠯᠡᠷᠡᠭᠦᠯᠵᠦ᠂ ︽ᠰᠠᠷᠠᠭᠤᠯ ᠢᠷᠡᠭᠡᠳᠦᠢ︾ ᠶᠢ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠳᠤᠮᠳᠠ ᠠᠶᠠᠨᠳᠠᠭᠠᠨ ᠠᠭᠤᠰᠤᠯᠴᠠᠭᠤᠯᠵᠤ᠂ ᠵᠣᠬᠢᠴᠠᠩᠭᠤᠢ ᠠᠭᠤᠰᠤᠯᠴᠠᠭᠤᠯᠬᠤ ᠶᠢ ᠠᠬᠢᠭᠤᠯᠬᠤ ᠪᠣᠯᠤᠨ᠎ᠠ᠃ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠦᠯᠢᠭᠡᠷ ᠢ ᠰᠠᠶᠢᠲᠤᠷ ᠶᠠᠷᠢᠬᠤ ᠳᠤ᠂ ᠰᠣᠶᠣᠯ ᠤᠨ ᠲᠠᠯ᠎ᠠ ᠪᠠᠷ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ ᠶᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠤᠶᠤᠨ ᠰᠠᠨᠠᠭᠠᠨ ᠤ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ︔ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠢᠲᠡᠭᠡᠯ ᠢ ᠳᠠᠮᠵᠢᠭᠤᠯᠬᠤ ᠬᠡᠷᠡᠭᠲᠡᠢ︔ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠬᠦᠴᠦᠷᠬᠡᠭ ᠲᠠᠭᠤᠨ ᠢ ᠴᠤᠤᠷᠢᠶᠠᠳᠤᠭᠤᠯᠬᠤ ᠬᠡᠷᠡᠭᠲᠡᠢ ᠭᠡᠵᠦ ᠢᠯᠡᠳᠭᠡᠪᠡ᠃      ᠸᠠᠩ ᠯᠢ ᠰᠢᠶᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠂ ᠲᠡᠷᠡ᠂ ᠥᠪᠥᠷ ᠮᠣᠩᠭᠤᠯ ᠳᠤ ᠬᠦᠷᠦᠯᠴᠡᠨ ᠢᠷᠡᠪᠡᠯ᠂ ᠦᠩᠭᠡ ᠦᠵᠡᠮᠵᠢ ᠶᠢᠨ ᠰᠦᠷᠯᠢᠭ ᠰᠠᠶᠢᠬᠠᠨ᠂ ᠰᠣᠶᠣᠯ ᠤᠨ ᠭᠤᠴᠣ ᠰᠠᠶᠢᠬᠠᠨ᠂ ᠦᠨᠳᠦᠰᠦᠲᠡᠨ ᠤ ᠵᠤᠬᠢᠴᠠᠩᠭᠤᠢ ᠰᠠᠶᠢᠬᠠᠨ᠂ ᠪᠠᠶᠢᠭᠠᠯᠢ ᠶᠢᠨ ᠦᠵᠡᠰᠭᠦᠯᠡᠩᠲᠤ ᠰᠠᠶᠢᠬᠠᠨ᠂ ᠵᠠᠩ ᠦᠢᠯᠡ ᠶᠢᠨ ᠰᠠᠶᠢᠨ ᠰᠠᠶᠢᠬᠠᠨ ᠢ ᠭᠦᠢᠴᠡᠳ ᠪᠠᠭ᠋ᠠᠷᠬᠠᠵᠤ ᠴᠢᠳᠠᠨ᠎ᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠦᠷᠪᠡᠨ ᠵᠦᠭ ᠤᠨ ᠵᠣᠴᠢᠳ ᠨᠠᠶᠢᠵᠠ ᠨᠠᠷ ᠲᠠᠢ ᠪᠠᠨ ᠲᠠᠯ᠎ᠠ ᠨᠤᠲᠤᠭ ᠤᠨ ᠪᠣᠯᠵᠤᠭ᠎ᠠ ᠪᠠᠷ ᠵᠤᠯᠭᠠᠬᠤ ᠶᠢ ᠬᠡᠵᠢᠶᠡᠳᠡ ᠪᠠᠶᠠᠷᠯᠠᠨ ᠤᠭᠲᠤᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠨᠡ ᠤᠳᠠᠭ᠎ᠠ ᠶᠢᠨ ᠶᠡᠭᠡ ᠬᠤᠷᠠᠯ ᠤᠨ ᠠᠵᠠ ᠲᠣᠬᠢᠶᠠᠯ ᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭ ᠢ ᠰᠠᠶᠢᠳᠤᠷ ᠱᠤᠭᠤᠵᠤ᠂ ᠥᠪᠡᠷ ᠢᠶᠠᠨ ᠮᠠᠰᠢᠨ ᠵᠢᠯᠣᠭᠤᠳᠴᠤ ᠵᠢᠭᠤᠯᠴᠢᠯᠠᠬᠤ ᠲᠦᠷᠦᠭᠦᠦ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠢᠯᠢᠳᠡᠭ ᠰᠣᠩᠭᠤᠯᠲᠠ ᠶᠢᠨ ᠭᠠᠵᠠᠷ᠂ ᠴᠡᠩᠭᠡᠵᠦ ᠰᠡᠯᠡᠭᠦᠴᠡᠨ ᠵᠢᠭᠤᠯᠴᠢᠯᠠᠬᠤ ᠳᠤ ᠵᠠᠪᠠᠯ ᠰᠣᠩᠭᠤᠬᠤ ᠭᠠᠵᠠᠷ᠂ ᠡᠷᠡᠭᠦᠯᠵᠢᠵᠦ ᠰᠤᠪᠢᠯᠠᠨ ᠵᠢᠭᠤᠯᠴᠢᠯᠠᠬᠤ ᠰᠢᠯᠢᠳᠡᠭ ᠰᠣᠩᠭᠤᠯᠲᠠ ᠶᠢᠨ ᠭᠠᠵᠠᠷ ᠢ ᠪᠣᠶ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠡᠬᠡ ᠤᠯᠤᠰ ᠤᠨ ᠤᠮᠠᠷᠠᠲᠤ ᠬᠢᠯᠢ ᠶᠢᠨ ᠭᠠᠵᠠᠷ ᠪᠤᠯᠭᠠᠨ ᠳᠤ ᠨᠡᠶᠢᠳᠡᠮ ᠲᠡᠯᠭᠡᠷᠡᠭᠦᠯᠵᠦ᠂ ᠭᠢᠯᠠᠯᠵᠠᠮ᠎ᠠ ᠦᠷ᠎ᠡ ᠪᠦᠲᠦᠮᠵᠢ ᠭᠠᠷᠭᠠᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ᠂ ᠰᠢᠨᠬᠤᠸᠠ ᠬᠤᠷᠢᠶ᠎ᠠ᠂ ᠠᠬ᠎ᠠ ᠳᠡᠭᠦᠦ ᠮᠤᠵᠢ ᠣᠷᠣᠨ ᠬᠤᠲᠠ ᠪᠣᠯᠤᠨ ᠡᠯ᠎ᠡ ᠡᠲᠡᠭᠡᠳ ᠤᠨ ᠨᠠᠶᠢᠵᠠ ᠨᠠᠷ ᠤᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠬᠠᠮᠲᠤ ᠪᠠᠷ ᠨᠢᠭᠡ ᠤᠳᠠᠭᠠᠨ ᠤ ᠴᠤᠭᠯᠠᠭᠠᠨ ᠳᠤ ᠣᠷᠣᠯᠴᠠᠵᠤ᠂ ᠬᠠᠮᠲᠤ ᠪᠠᠷ ᠨᠢᠭᠡ ᠤᠳᠠᠭᠠᠨ ᠤ ᠡᠷᠬᠢᠴᠡᠭᠦᠯᠤᠯ ᠬᠢᠵᠦ᠂ ᠬᠠᠮᠲᠤ ᠪᠠᠷ ᠮᠣᠷᠳᠠᠵᠤ᠂ ᠡᠬᠡ ᠤᠯᠤᠰ ᠤᠨ ᠤᠮᠠᠷᠠᠲᠤ ᠶᠢᠨ ︽ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ︾ ᠢ ᠣᠶᠢᠯᠠᠭᠠᠬᠤ ᠶᠢ ᠴᠢᠩ ᠰᠡᠳᠭᠢᠯ ᠠᠴᠠ ᠪᠠᠨ ᠬᠦᠰᠡᠵᠦ ᠪᠠᠶᠢᠨ᠎ᠠ ᠭᠡᠵᠡᠢ᠃      ᠶᠡᠭᠡ ᠬᠤᠷᠠᠯ ᠤᠨ ᠬᠤᠭᠤᠴᠠᠭᠠᠨ ᠳᠤ ᠬᠣ᠋ ᠾᠧ ᠫᠢᠩ᠂ ᠯᠢᠦᠶ ᠶᠠᠨ ᠰᠥᠩ᠂ ᠸᠠᠩ ᠯᠢ ᠰᠢᠶᠠ ︽ᠮᠢᠩᠭᠠᠨ ᠲᠡᠷᠭᠡ ᠲᠦᠮᠡᠨ ᠬᠥᠮᠦᠨ︾ ᠶᠡᠭᠡ ᠬᠢᠩᠭᠠᠨ ᠳᠠᠪᠠᠭ᠎ᠠ ᠶᠢ ᠳᠤᠭᠤᠯᠬᠤ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠠᠵᠢᠯᠯᠠᠭ᠎ᠠ ᠶᠢᠨ ᠲᠡᠷᠭᠡ ᠮᠤᠷᠳᠠᠬᠤ ᠶᠣᠰᠣᠯᠠᠯ ᠳᠤ ᠣᠷᠣᠯᠴᠠᠵᠤ᠂ ᠭᠡᠷᠲᠤ ᠲᠡᠷᠭᠡᠨ ᠤ ᠬᠤᠸᠠᠷᠠᠨ ᠤ ᠪᠥᠲᠥᠭᠡᠨ ᠪᠠᠶᠢᠭᠤᠯᠤᠯᠲᠠ᠂ ᠲᠣᠰᠬᠤᠨ ᠤ ᠤᠷᠠᠯᠢᠭ ᠤᠨ ᠴᠤᠭᠯᠠᠭᠠᠨ ᠤ ᠠᠵᠢᠯᠯᠠᠭ᠎ᠠ᠂ ᠲᠠᠯ᠎ᠠ ᠨᠤᠲᠤᠭ ᠤᠨ ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ ᠤᠨ ᠰᠦᠷᠦᠭᠵᠢᠯ ᠤᠨ ᠡᠵᠡᠩᠨᠡᠯᠲᠡ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠠ᠃      ᠲᠤᠰ ᠤᠳᠠᠭ᠎ᠠ ᠶᠢᠨ ᠶᠡᠭᠡ ᠬᠤᠷᠠᠯ ᠨᠢ ︽ᠰᠣᠶᠣᠯ ᠵᠢᠭᠤᠯᠴᠢᠯᠠᠯ ᠢ ᠠᠭᠤᠰᠤᠯᠴᠠᠭᠤᠯᠵᠤ ᠪᠣᠬᠢᠷᠲᠤᠯ ᠦᠭᠡᠢ ᠬᠥᠭᠵᠢᠭᠦᠯᠬᠦ︾ ᠪᠠᠷ ᠭᠤᠣᠯ ᠰᠡᠳᠦᠪ ᠪᠣᠯᠭᠠᠵᠤ᠂ 9 ᠭᠤᠣᠯ ᠠᠵᠢᠯᠯᠠᠭ᠎ᠠ ᠲᠤᠬᠢᠷᠠᠭᠤᠯᠵᠤ᠂ ︽ᠲᠤᠭᠯᠠᠯᠲᠠ︾᠂ ︽ᠴᠤᠭᠯᠠᠭᠠᠨ︾᠂ ︽ᠦᠵᠡᠭᠦᠯᠭᠡ︾᠂ ︽ᠨᠠᠶᠢᠷ︾ ᠵᠡᠷᠭᠡ ᠬᠡᠯᠪᠡᠷᠢ ᠪᠠᠷ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠠᠬᠤᠢ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠲᠠᠰ ᠤᠨ ᠴᠡᠨᠡᠯᠡᠯᠲᠡ ᠶᠢᠨ ᠵᠢᠭᠤᠯᠴᠢᠯᠠᠯ ᠤᠨ ᠠᠮᠠᠷᠠᠨ ᠰᠡᠯᠡᠭᠦᠴᠡᠬᠦ ᠭᠠᠵᠠᠷ᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤᠨ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ︽ᠪᠢ ᠬᠥᠳᠡᠭᠡ ᠲᠣᠰᠬᠤᠨ ᠳᠤ ᠵᠢᠷᠤᠭ ᠲᠦᠯᠦᠪᠯᠡᠭᠡ ᠬᠢᠵᠦ ᠥᠭᠬᠦ︾ ᠠᠵᠢᠯᠯᠠᠭ᠎ᠠ ᠶᠢ ᠡᠬᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠤᠬᠠᠢ ᠲᠠᠨᠢᠯᠴᠠᠭᠤᠯᠭ᠎ᠠ ᠬᠢᠵᠦ᠂ ᠰᠣᠶᠣᠯ ᠵᠢᠭᠤᠯᠴᠢᠯᠠᠯ ᠤᠨ 12 ᠲᠠᠭᠠᠭᠤᠯᠤᠭᠴᠢ ᠠᠵᠤ ᠠᠬᠤᠶᠢᠯᠠᠯ ︽ᠷᠠᠰᠢᠶᠠᠨ ᠤ ᠵᠢᠭᠤᠯᠴᠢᠯᠠᠯ ᠤᠨ ᠦᠷᠨᠢᠨ ᠬᠦᠭᠵᠢᠬᠦ ᠳᠤ ᠭᠠᠷ ᠬᠤᠯᠪᠣᠨ ᠬᠦᠴᠦᠨ ᠨᠡᠮᠡᠷᠢᠯᠡᠬᠦ︾ ᠬᠠᠮᠲᠤᠷᠠᠭᠰᠠᠨ ᠰᠠᠨᠠᠭᠠᠴᠢᠯᠠᠭ᠎ᠠ ᠶᠢ ᠨᠡᠶᠢᠲᠡᠯᠡᠪᠡ᠃ ᠶᠡᠭᠡ ᠬᠤᠷᠠᠯ ᠤᠨ ᠬᠤᠭᠤᠴᠠᠭᠠᠨ ᠳᠤ ᠪᠠᠰᠠ ᠵᠢᠭᠤᠯᠴᠢᠯᠠᠯ ᠤᠨ ᠨᠠᠭᠠᠳᠤᠮ᠂ ᠰᠢᠺᠸᠤ ᠲᠣᠰᠬᠤᠨ ᠤ ᠤᠷᠠᠯᠢᠭ ᠤᠨ ᠴᠤᠭᠯᠠᠭᠠᠨ᠂ ︽ᠪᠣᠳᠠᠰ ᠤᠨ ᠪᠤᠰᠤ ᠰᠣᠶᠣᠯ ᠤᠨ ᠥᠪ + ᠵᠢᠭᠤᠯᠴᠢᠯᠠᠯ︾ ᠤᠨ ᠲᠦᠷᠦᠯ ᠵᠦᠢᠯ ᠢ ᠪᠡᠶᠡᠴᠢᠯᠡᠨ ᠣᠶᠢᠯᠠᠭᠠᠬᠤ ᠦᠵᠡᠰᠭᠦᠯᠡᠩ᠂ ᠰᠣᠶᠣᠯ ᠵᠢᠭᠤᠯᠴᠢᠯᠠᠯ ᠤᠨ ᠶᠠᠷᠢᠶᠠᠨ ᠤ ᠲᠠᠪᠴᠠᠩ᠂ ᠵᠢᠭᠤᠯᠴᠢᠯᠠᠯ ᠢᠶᠠᠷ ᠬᠥᠳᠡᠭᠡ ᠲᠣᠰᠬᠤᠨ ᠢ ᠬᠦᠭᠵᠢᠭᠦᠯᠤᠨ ᠮᠠᠨᠳᠤᠭᠤᠯᠬᠤ ᠶᠢ ᠠᠬᠢᠭᠤᠯᠵᠤ ᠬᠠᠮᠲᠤ ᠪᠠᠷ ᠪᠠᠶᠠᠵᠢᠬᠤ ᠳᠤ ᠬᠦᠴᠦᠨ ᠨᠡᠮᠡᠷᠢᠯᠡᠬᠦ ᠶᠠᠷᠢᠶᠠᠨ ᠤ ᠲᠠᠪᠴᠠᠩ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠠᠮᠲᠤ ᠪᠠᠷ ᠡᠳ᠋ᠯᠡᠬᠦ ᠬᠤᠷᠠᠯ ᠵᠡᠷᠭᠡ ᠠᠵᠢᠯᠯᠠᠭ᠎ᠠ ᠶᠢ ᠡᠷᠬᠢᠯᠡᠵᠦ᠂ ᠵᠢᠭᠤᠯᠴᠢᠯᠠᠭᠰᠡᠳ ᠲᠤ ᠬᠡᠭᠡᠷ᠎ᠡ ᠪᠠᠭᠤᠳᠠᠯᠯᠠᠬᠤ ᠶᠡᠭᠡ ᠬᠤᠷᠠᠯ᠂ ᠤᠢ ᠰᠢᠭᠤᠢ ᠶᠢᠨ ᠳᠠᠭᠤᠤ ᠬᠥᠭᠵᠢᠮ ᠤᠨ ᠨᠠᠶᠢᠷ᠂ ᠳᠤᠮᠳᠠᠳᠤ ᠤᠷᠤᠰ ᠮᠣᠩᠭᠤᠯ ᠤᠨ ᠠᠮᠲᠠᠲᠤ ᠢᠳᠡᠭᠡᠨ ᠤ ᠨᠠᠶᠢᠷ᠂ ᠨᠠᠷᠢᠯᠢᠭ ᠨᠡᠷᠡᠭᠰᠡᠨ ᠫᠢᠸᠤ᠋ ᠶᠢᠨ ᠨᠠᠶᠢᠷ᠂ ᠤᠷᠤᠰᠬᠠᠯ ᠳᠠᠭᠠᠭᠰᠠᠨ ᠴᠤᠭᠯᠠᠭ᠎ᠠ ᠮᠠᠶᠢᠮᠠᠢ᠂ ᠴᠡᠴᠡᠭᠲᠦ ᠲᠡᠷᠭᠡ ᠪᠠᠷ ᠲᠣᠭᠤᠷᠢᠨ ᠵᠢᠭᠤᠯᠴᠢᠯᠠᠬᠤ ᠵᠡᠷᠭᠡ ᠭᠦᠨᠵᠡᠭᠡᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠲᠤᠬᠢᠷᠠᠭᠤᠯᠤᠬᠰᠡᠨ ᠪᠠᠶᠢᠨ᠎ᠠ᠃     
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ