| 1. ᠲᠦᠮᠦᠰᠦ ᠠᠮᠤ ᠶᠢ ᠠᠯᠠᠭᠯᠠᠨ ᠲᠠᠷᠢᠬᠤ ᠡᠷᠳᠡᠨᠢ ᠰᠢᠰᠢ ᠪᠠᠷ ᠲᠣᠯᠣᠭᠠᠶᠢᠯᠠᠭᠤᠯᠵᠤ᠂ ᠳᠠᠷᠠᠭᠠᠯᠠᠪᠠᠯ ᠰᠢᠰᠢ ᠪᠠ ᠠᠮᠲᠠᠲᠤ ᠲᠥᠮᠥᠰᠥ ᠪᠣᠯᠣᠨ᠎ᠠ᠂ ᠲᠥᠮᠥᠰᠥ | ᠪᠠ ᠡᠷᠳᠡᠨᠢ ᠰᠢᠰᠢ ᠶᠢ ᠠᠯᠠᠭᠯᠠᠨ ᠳᠠᠷᠢᠬᠤ ᠨᠢ ᠲᠠᠷᠢᠶᠠᠨ ᠤ ᠬᠠᠮᠢᠶᠠᠷᠤᠯᠲᠠ ᠳᠥᠭᠦᠮ᠂ ᠲᠠᠷᠢᠶᠠᠴᠢᠳ ᠡᠵᠡᠮᠰᠢᠬᠦ ᠳᠤ ᠬᠢᠯᠪᠠᠷ ᠤᠴᠢᠷ ᠠᠴᠠ ᠣᠳᠣᠬᠠᠨ ᠳᠤ | ᠬᠠᠮᠤᠭ ᠤᠨ ᠥᠷᠭᠡᠨ ᠲᠦᠭᠡᠮᠡᠯᠵᠢᠵᠦ ᠪᠠᠶᠢᠭ᠎ᠠ ᠬᠡᠯᠪᠡᠷᠢ ᠤᠨ ᠨᠢᠭᠡ ᠨᠢ ᠪᠣᠯᠵᠤ ᠪᠠᠶᠢᠨ᠎ᠠ᠃ | 2. ᠲᠥᠮᠥᠰᠥ ᠬᠥᠪᠥᠩ ᠢ ᠠᠯᠠᠭᠯᠠᠨ ᠲᠠᠷᠢᠬᠤ ᠡᠨᠡ ᠪᠣᠯ ᠬᠥᠪᠥᠩ ᠤᠨ ᠣᠷᠣᠨ ᠤ ᠨᠢᠭᠡ ᠵᠦᠢᠯ ᠤᠨ ᠥᠨᠳᠥᠷ ᠪᠦᠲᠦᠮᠵᠢᠲᠡᠶ ᠠᠯᠠᠭᠯᠠᠨ ᠲᠠᠷᠢᠬᠤ ᠬᠡᠯᠪᠡᠷᠢ | ᠮᠥᠨ᠂ ᠡᠨᠡ ᠨᠢ ᠬᠥᠪᠥᠩ ᠤᠨ ᠬᠤᠷᠢᠶᠠᠯᠲᠠ ᠶᠢᠨ ᠨᠡᠮᠡᠭᠳᠡᠭᠦᠯᠬᠦ ᠶᠢ ᠠᠬᠢᠭᠤᠯᠵᠤ᠂ ᠬᠥᠪᠥᠩ ᠤᠨ ᠤᠨᠠᠯᠳᠠ ᠶᠢ ᠪᠠᠭᠤᠷᠠᠭᠤᠯᠬᠤ ᠦᠭᠡᠢ ᠮᠦᠷᠳᠡᠭᠡᠨ ᠨᠢᠭᠡ | ᠤᠯᠠᠷᠢᠯ ᠤᠨ ᠲᠥᠮᠥᠰᠥ ᠢᠯᠡᠭᠦᠦ ᠬᠤᠷᠢᠶᠠᠬᠤ ᠪᠤᠯᠤᠨ᠎ᠠ᠃ | 3. ᠲᠥᠮᠥᠰᠥ ᠢᠳᠡᠰᠢᠨ ᠨᠣᠭᠤᠭ᠎ᠠ ᠶᠢ ᠠᠯᠠᠭᠯᠠᠨ ᠳᠠᠷᠢᠬᠤ ᠠᠯᠠᠭᠯᠠᠨ ᠳᠠᠷᠢᠵᠤ ᠪᠣᠯᠬᠤ ᠢᠳᠡᠰᠢᠨ ᠨᠣᠭᠤᠭ᠎ᠠ ᠶᠢᠨ ᠲᠥᠷᠥᠯ ᠵᠦᠢᠯ ᠮᠠᠰᠢ ᠣᠯᠠᠨ ᠪᠠᠶᠢᠳᠠᠭ᠂ | ᠡᠭᠦᠨ ᠳᠤ ᠳᠤᠯᠠᠭᠠᠨᠰᠠᠭ ᠵᠡᠯᠡᠲᠦ ᠬᠡᠮᠬᠡ ᠶᠢᠨ ᠵᠦᠢᠯ ᠪᠠᠭᠲᠠᠨ᠎ᠠ᠂ ᠵᠢᠱᠢᠶᠡᠯᠡᠪᠡᠯ ᠯᠠᠩᠭᠤᠸᠠ᠂ ᠳ᠋ᠦᠩᠭᠤᠸᠠ ᠵᠡᠷᠭᠡ ᠪᠣᠢ᠂ ᠪᠣᠰᠤᠭ᠎ᠠ ᠬᠡᠯᠪᠡᠷᠢ ᠶᠢᠨ ᠢᠳᠡᠰᠢᠨ | ᠨᠣᠭᠤᠭ᠎ᠠ ᠵᠢᠱᠢᠶᠡᠯᠡᠪᠡᠯ ᠴᠤᠯᠤ ᠰᠠᠷᠠᠨ᠎ᠠ᠂ ᠭᠠ ᠵᠡᠷᠭᠡ ᠪᠣᠢ᠂ ᠬᠦᠢᠲᠡᠨ ᠳᠤ ᠲᠡᠰᠪᠦᠷᠢᠲᠡᠢ ᠲᠦᠷᠭᠡᠨ ᠤᠷᠭᠤᠬᠤ ᠢᠳᠡᠰᠢᠨ ᠨᠣᠭᠤᠭ᠎ᠠ᠂ ᠵᠢᠱᠢᠶᠡᠯᠡᠪᠡᠯ ᠥᠷᠭᠡᠰᠦᠲᠦ | ᠨᠣᠭᠤᠭ᠎ᠠ᠂ ᠳᠡᠯᠪᠡᠭᠡᠷ ᠨᠣᠭᠤᠭ᠎ᠠ ᠵᠡᠷᠭᠡ ᠪᠠ ᠤᠷᠭᠤᠯᠲᠠ ᠶᠢᠨ ᠬᠤᠭᠤᠴᠠᠭ᠎ᠠ ᠤᠷᠲᠤ ᠢᠳᠡᠰᠢᠨ ᠨᠣᠭᠤᠭ᠎ᠠ᠂ ᠵᠢᠱᠢᠶᠡᠯᠡᠪᠡᠯ ᠰᠣᠩᠭᠢᠨ᠎ᠠ᠂ ᠪᠥᠭᠡᠷᠡᠩᠬᠡᠢ ᠴᠠᠭᠠᠨ | ᠨᠣᠭᠤᠭ᠎ᠠ ᠵᠡᠷᠭᠡ ᠪᠤᠶ᠃ | 4. ᠵᠢᠮᠢᠰ ᠤᠨ ᠮᠣᠳᠣ ᠲᠠᠢ ᠠᠯᠠᠭᠯᠠᠨ ᠲᠠᠷᠢᠬᠤ ᠲᠥᠮᠥᠰᠥ ᠶᠢ ᠨᠢᠯᠬ᠎ᠠ ᠵᠢᠮᠢᠰ ᠤᠨ ᠮᠣᠳᠣᠨ ᠤ ᠬᠤᠭᠤᠷᠣᠨᠳᠤ ᠠᠯᠠᠭᠯᠠᠨ ᠲᠠᠷᠢᠪᠠᠯ ᠮᠠᠰᠢ ᠰᠠᠶᠢᠨ ᠠᠵᠤ | ᠠᠬᠤᠢ ᠶᠢᠨ ᠦᠷ᠎ᠡ ᠠᠰᠢᠭ ᠣᠯᠵᠤ ᠴᠢᠳᠠᠨ᠎ᠠ᠃ | |