ᠦᠬᠡᠷ ᠲᠡᠵᠢᠭᠡᠬᠦ ᠳᠤ ᠦᠷᠭᠦᠯᠵᠢ ᠬᠡᠷᠡᠭᠯᠡᠳᠡᠭ ᠠᠷᠢᠭᠤᠳᠬᠠᠬᠤ ᠠᠷᠭ᠎ᠠ
ᠨᠡᠶᠢᠲᠡᠯᠡᠭᠰᠡᠨ ᠴᠠᠭ᠄
2023/9/5
        1. ᠮᠧᠬᠠᠨᠢᠭ ᠢᠶᠠᠷ ᠴᠡᠪᠡᠷᠯᠡᠬᠦ ᠠᠷᠭ᠎ᠠ᠄ ᠭᠤᠣᠯᠳᠠᠭᠤ ᠴᠡᠪᠡᠷᠯᠡᠬᠦ᠂ ᠤᠬᠢᠶᠠᠬᠤ᠂ ᠰᠠᠯᠬᠢ ᠨᠡᠪᠲᠡᠷᠡᠭᠦᠯᠬᠦ᠂ ᠱᠦᠭᠦᠬᠦ ᠵᠡᠷᠭᠡ ᠮᠧᠬᠠᠨᠢᠭ ᠠᠷᠭ᠎ᠠ ᠪᠠᠷ ᠡᠪᠡᠳᠴᠢᠨ ᠡᠭᠦᠰᠬᠡᠭᠴᠢ ᠶᠢ ᠴᠡᠪᠡᠷᠯᠡᠨ᠎ᠡ᠃ ᠡᠨᠡ ᠬᠦ ᠠᠷᠭ᠎ᠠ ᠨᠢ ᠬᠡᠳᠦ᠋ᠢᠪᠡᠷ ᠡᠩ ᠤᠨ ᠪᠥᠭᠡᠳ ᠦᠷᠭᠦᠯᠵᠢ ᠬᠡᠷᠡᠭᠯᠡᠭᠳᠡᠳᠡᠭ ᠪᠣᠯᠪᠠᠴᠤ ᠲᠦᠢᠯᠪᠤᠷᠢᠲᠠᠢ ᠠᠷᠢᠭᠤᠳᠬᠠᠬᠤ ᠵᠣᠷᠢᠯᠭ᠎ᠠ ᠳᠤ ᠬᠦᠷᠴᠦ ᠳᠡᠶᠢᠯᠬᠦ ᠦᠭᠡᠢ ᠲᠤᠯᠠ ᠨᠢᠭᠡ ᠵᠦᠢᠯ ᠤᠨ ᠲᠤᠰᠠᠯᠠᠬᠤ ᠠᠷᠭ᠎ᠠ ᠪᠣᠯᠭᠠᠵᠤ᠂ ᠡᠷᠬᠡᠪᠰᠢ ᠪᠤᠰᠤᠳ ᠠᠷᠢᠭᠤᠳᠬᠠᠬᠤ ᠠᠷᠭ᠎ᠠ ᠲᠠᠢ ᠬᠠᠪᠰᠤᠷᠤᠭᠤᠯᠤᠨ ᠬᠢᠬᠦ ᠬᠡᠷᠡᠭᠲᠡᠢ ᠶᠤᠮ᠃        2. ᠹᠢᠽᠢᠺ ᠤᠨ ᠠᠷᠭ᠎ᠠ᠄ ᠨᠡᠷᠡᠨ ᠤ ᠭᠡᠷᠡᠯ᠂ ᠬᠦᠷᠢᠨ ᠤ ᠭᠠᠳᠠᠨᠠᠬᠢ ᠲᠤᠶᠠᠭ᠎ᠠ᠂ ᠬᠠᠭᠤᠷᠠᠢ᠂ ᠥᠨᠳᠥᠷ ᠳᠤᠯᠠᠭᠠᠨ᠂ ᠵᠢᠩᠨᠡᠵᠦ ᠴᠢᠨᠠᠬᠤ ᠵᠡᠷᠭᠡ ᠠᠷᠭ᠎ᠠ ᠪᠠᠷ ᠪᠠᠺᠲ᠋ᠧᠷᠢ ᠪᠣᠯᠣᠨ ᠸᠢᠷᠦ᠋ᠰ ᠢ ᠤᠰᠠᠳᠬᠠᠨ᠎ᠠ᠃        3. ᠬᠢᠮᠢ ᠶᠢᠨ ᠠᠷᠭ᠎ᠠ᠄ ᠬᠢᠮᠢ ᠶᠢᠨ ᠡᠮ ᠢᠶᠠᠷ ᠡᠪᠡᠳᠴᠢᠨ ᠡᠭᠦᠰᠬᠡᠭᠴᠢ ᠶᠢ ᠤᠰᠠᠳᠬᠠᠬᠤ ᠪᠣᠯ ᠬᠠᠮᠤᠭ ᠤᠨ ᠦᠷᠭᠦᠯᠵᠢ ᠬᠡᠷᠡᠭᠯᠡᠳᠡᠭ ᠠᠷᠭ᠎ᠠ ᠪᠣᠯᠣᠨ᠎ᠠ᠃ ᠠᠷᠢᠭᠤᠳᠬᠠᠬᠤ ᠡᠮ ᠢ ᠰᠣᠩᠭᠤᠨ ᠬᠡᠷᠡᠭᠯᠡᠬᠦ ᠳᠡᠭᠡᠨ ᠪᠠᠺᠲ᠋ᠧᠷᠢ ᠠᠯᠠᠬᠤ ᠥᠷᠭᠡᠨ ᠵᠢᠭᠰᠠᠯ ᠢ ᠪᠣᠳᠣᠯᠬᠢᠯᠠᠵᠤ᠂ ᠠᠰᠢᠭᠲᠤ ᠥᠳᠬᠡᠴᠡ ᠨᠢ ᠳᠣᠣᠷ᠎ᠠ᠂ ᠦᠢᠯᠡᠳᠦᠯ ᠨᠢ ᠲᠦᠷᠭᠡᠨ᠂ ᠦᠢᠯᠡᠳᠦᠯ  ᠨᠢ ᠰᠠᠶᠢᠨ᠃ ᠬᠤᠶᠠᠷ ᠲᠤ᠂ ᠬᠥᠮᠥᠨ ᠮᠠᠯ ᠳᠤ ᠬᠤᠣᠷ ᠦᠭᠡᠢ︔ ᠭᠤᠷᠪᠠ ᠳᠤ᠂ ᠰᠢᠨᠵᠢ ᠴᠢᠨᠠᠷ ᠨᠢ ᠲᠣᠭᠲᠠᠭᠤᠨ᠂ ᠤᠰᠤᠨ ᠳᠤ ᠠᠮᠠᠷᠬᠠᠨ ᠠᠭᠤᠰᠴᠤ᠂ ᠣᠷᠭᠠᠨᠢᠭ ᠪᠣᠳᠠᠰ ᠪᠠ ᠪᠤᠰᠤᠳ ᠹᠢᠽᠢᠺ ᠬᠢᠮᠢ ᠶᠢᠨ ᠡᠯᠧᠮᠧᠨ᠋ᠲ ᠤᠨ ᠨᠥᠯᠥᠭᠡ ᠶᠢ ᠬᠦᠷᠲᠡᠬᠦ ᠦᠭᠡᠢ ᠪᠠᠶᠢᠳᠠᠭ︔ ᠳᠥᠷᠪᠡ ᠳᠤ ᠬᠡᠷᠡᠭᠯᠡᠬᠦ ᠳᠤ ᠲᠦᠭᠦᠮ᠂ ᠦᠨ᠎ᠡ ᠨᠢ ᠬᠢᠮᠳᠠ᠂ ᠳᠡᠯᠭᠡᠷᠡᠭᠦᠯᠬᠦ ᠳᠤ ᠲᠦᠭᠦᠮ︔ ᠲᠠᠪᠤ ᠳᠤ᠂ ᠦᠨᠦᠷ ᠦᠭᠡᠢ᠂ ᠦᠮᠡᠬᠡᠢ ᠪᠢᠰᠢ᠂ ᠠᠷᠢᠭᠤᠳᠬᠠᠭᠰᠠᠨ ᠡᠳ᠋ ᠪᠣᠳᠠᠰ ᠢ ᠡᠪᠳᠡᠬᠦ ᠦᠭᠡᠢ︔ ᠵᠢᠷᠭᠤᠭ᠎ᠠ ᠳᠤ᠂ ᠬᠡᠷᠡᠭᠯᠡᠭᠰᠡᠨ ᠤ ᠳᠠᠷᠠᠭ᠎ᠠ ᠦᠯᠡᠳᠡᠭᠳᠡᠯ ᠤᠨ ᠬᠡᠮᠵᠢᠶ᠎ᠡ ᠨᠢ ᠪᠠᠭ᠎ᠠ ᠪᠤᠶᠤ ᠭᠠᠵᠢᠭᠤ ᠦᠢᠯᠡᠳᠦᠯ ᠨᠢ ᠪᠠᠭ᠎ᠠ ᠵᠡᠷᠭᠡ᠃        4. ᠠᠮᠢᠳᠤ ᠪᠣᠳᠠᠰ ᠢᠶᠠᠷ ᠠᠷᠢᠭᠤᠳᠬᠠᠬᠤ ᠠᠷᠭ᠎ᠠ᠄ ᠶᠡᠷᠦ ᠳᠡᠭᠡᠨ ᠲᠤᠰ ᠠᠷᠭ᠎ᠠ ᠪᠠᠷ ᠪᠣᠬᠢᠷᠲᠤᠭᠰᠠᠨ ᠪᠠᠭᠠᠰᠤ ᠶᠢ ᠣᠪᠣᠭᠠᠯᠠᠨ ᠢᠰᠬᠡᠵᠦ᠂ ᠬᠠᠯᠠᠭᠤᠨ ᠳᠤ ᠳᠤᠷᠠᠲᠠᠢ ᠪᠠᠺᠲ᠋ᠧᠷᠢ ᠶᠢᠨ ᠦᠷᠡᠵᠢᠯ ᠤᠨ ᠦᠶ᠎ᠡ ᠳᠤ 70℃ ᠠᠴᠠ ᠳᠡᠭᠡᠭᠰᠢ ᠥᠨᠳᠥᠷ ᠬᠠᠯᠠᠭᠤᠨ ᠢ ᠡᠭᠦᠰᠬᠡᠨ᠎ᠡ᠂ 1 — 2 ᠰᠠᠷ᠎ᠠ ᠥᠩᠭᠡᠷᠡᠪᠡᠯ ᠸᠢᠷᠦ᠋ᠰ᠂ ᠪᠠᠺᠲ᠋ᠧᠷᠢ᠂ ᠰᠢᠮᠡᠭᠦᠷ ᠬᠤᠷᠣᠬᠠᠢ ᠶᠢᠨ ᠥᠨᠳᠡᠭᠡ ᠵᠡᠷᠭᠡ ᠡᠪᠡᠳᠴᠢᠨ ᠡᠭᠦᠰᠬᠡᠭᠴᠢ ᠶᠢ ᠠᠯᠠᠵᠤ ᠴᠢᠳᠠᠨ᠎ᠠ᠃ ᠭᠡᠪᠡᠴᠦ ᠡᠨᠡ ᠠᠷᠭ᠎ᠠ ᠶᠢ ᠪᠣᠭᠤᠮ᠎ᠠ ᠡᠪᠡᠳᠴᠢᠨ᠂ ᠬᠡᠢ ᠬᠠᠪᠤᠩ ᠵᠡᠷᠭᠡ ᠰᠫᠣᠷ ᠤᠨ ᠡᠪᠡᠳᠴᠢᠨ ᠡᠭᠦᠰᠬᠡᠭᠴᠢ ᠠᠴᠠ ᠪᠣᠯᠤᠭᠰᠠᠨ ᠬᠢᠵᠢᠭ ᠡᠪᠡᠳᠴᠢᠨ ᠳᠤ ᠬᠡᠷᠡᠭᠯᠡᠬᠦ ᠦᠭᠡᠢ᠂ ᠡᠶᠢᠮᠦᠷᠬᠦᠦ ᠬᠢᠵᠢᠭ ᠡᠪᠡᠳᠴᠢᠨ ᠤ ᠪᠠᠭᠠᠰᠤ ᠶᠢ ᠰᠢᠲᠠᠭᠠᠬᠤ ᠪᠤᠶᠤ ᠭᠦᠨ ᠪᠤᠯᠠᠬᠤ ᠬᠡᠷᠡᠭᠲᠡᠢ᠃      
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ