ᠪᠤᠭᠤᠳᠠᠢ ᠶᠢ ᠬᠡᠷᠬᠢᠨ ᠬᠠᠭᠤᠷᠠᠢ ᠬᠠᠯᠠᠭᠤᠨ ᠰᠠᠯᠬᠢ ᠠᠴᠠ ᠰᠡᠷᠭᠡᠶᠢᠯᠡᠬᠦ ᠪᠤᠢ
ᠨᠡᠶᠢᠲᠡᠯᠡᠭᠰᠡᠨ ᠴᠠᠭ᠄
2023/9/5
       ᠬᠠᠭᠤᠷᠠᠢ ᠬᠠᠯᠠᠭᠤᠨ ᠰᠠᠯᠬᠢ ᠪᠣᠯ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠨᠢᠭᠡ ᠪᠠᠶᠢᠵᠤ᠂ ᠪᠤᠭᠤᠳᠠᠢ ᠶᠢᠨ ᠰᠦ ᠪᠣᠯᠪᠠᠰᠤᠷᠠᠬᠤ ᠬᠤᠭᠤᠴᠠᠭᠠᠨ ᠳᠤ ᠬᠥᠨᠥᠭᠡᠯ ᠠᠮᠰᠠᠬᠤ ᠨᠢᠭᠡ ᠵᠦᠢᠯ ᠤᠨ ᠬᠠᠭᠤᠷᠠᠢ ᠪᠥᠭᠡᠳ ᠬᠠᠯᠠᠭᠤᠨ ᠰᠠᠯᠬᠢ ᠪᠣᠯᠣᠨ᠎ᠠ᠃ ᠬᠠᠭᠤᠷᠠᠢ ᠬᠠᠯᠠᠭᠤᠨ ᠰᠠᠯᠬᠢ ᠡᠭᠦᠰᠬᠦ ᠦᠶ᠎ᠡ ᠳᠤ᠂ ᠳᠤᠯᠠᠭᠠᠨ ᠤ ᠬᠡᠮᠵᠢᠶ᠎ᠡ ᠮᠡᠳᠡᠭᠳᠡᠮ᠎ᠡ ᠳᠡᠭᠡᠭᠰᠢᠯᠡᠵᠦ᠂ ᠴᠢᠭᠢᠭᠲᠦᠴᠡ ᠮᠡᠳᠡᠭᠳᠡᠮ᠎ᠡ ᠳᠣᠷᠣᠭᠰᠢᠯᠠᠬᠤ ᠶᠢᠨ ᠬᠠᠮᠲᠤ ᠵᠣᠬᠢᠬᠤ ᠬᠡᠮᠵᠢᠶᠡᠨ ᠤ ᠰᠠᠯᠬᠢᠨ ᠤ ᠬᠦᠴᠦ ᠳᠠᠭᠠᠯᠳᠤᠵᠤ᠂ ᠠᠭᠤᠷᠰᠢᠯᠳᠡ ᠨᠢ ᠰᠢᠷᠦᠭᠦᠰᠴᠦ᠂ ᠦᠨᠳᠦᠰᠦ ᠶᠢᠨ ᠰᠢᠰᠲ᠋ᠧᠮ ᠤᠨ ᠤᠰᠤ ᠰᠢᠮᠡᠵᠢᠭᠡᠬᠦ ᠴᠢᠳᠠᠪᠤᠷᠢ ᠨᠢ ᠪᠠᠭᠤᠷᠠᠵᠤ᠂ ᠭᠡᠷᠡᠯ ᠤᠨ ᠨᠡᠶᠢᠯᠡᠯᠭᠡ ᠶᠢᠨ ᠬᠦᠴᠦᠯᠡᠴᠡ ᠨᠢ ᠪᠠᠭᠤᠷᠠᠵᠤ᠂ ᠬᠠᠭᠤᠷᠠᠢ ᠪᠣᠳᠠᠰ ᠤᠨ ᠬᠤᠷᠠᠮᠳᠤᠯ ᠨᠢ ᠤᠷᠢᠳᠴᠢᠯᠠᠨ ᠳᠠᠭᠤᠰᠴᠤ᠂ ᠢᠳᠡᠭᠡ ᠬᠤᠷᠠᠬᠤ ᠴᠠᠭ ᠨᠢ ᠪᠣᠭᠤᠨᠢᠰᠴᠤ᠂ ᠦᠷᠭᠦᠯᠵᠢ ᠪᠤᠭᠤᠳᠠᠢ ᠶᠢᠨ ᠢᠳᠡᠭᠡ ᠬᠤᠷᠠᠬᠤ ᠨᠢ ᠬᠦᠷᠦᠯᠴᠡᠬᠦ ᠦᠭᠡᠢ ᠪᠣᠯᠵᠤ᠂ ᠬᠡᠮᠬᠡᠳᠡᠭ ᠨᠢ ᠬᠦᠨᠳᠦ ᠨᠣᠴᠢᠲᠠᠢ ᠪᠣᠯᠵᠤ᠂ ᠴᠢᠨᠠᠭᠰᠢᠯᠠᠪᠠᠯ ᠬᠤᠷᠪᠤᠶᠢᠨ ᠦᠬᠦᠳᠡᠭ᠃ ᠥᠨᠳᠥᠷ ᠳᠤᠯᠠᠭᠠᠨ ᠨᠢ ᠪᠠᠰᠠ ᠮᠥᠬᠦᠯᠢᠭ ᠤᠨ ᠠᠮᠢᠰᠬᠤᠯ ᠤᠨ ᠦᠢᠯᠡᠳᠦᠯ ᠢ ᠴᠢᠩᠭᠠᠳᠬᠠᠵᠤ᠂ ᠬᠤᠷᠣᠭᠳᠠᠯ ᠢ ᠨᠡᠮᠡᠭᠳᠡᠭᠦᠯᠦᠨ᠂ ᠬᠤᠷᠠᠮᠳᠤᠯ ᠢ ᠪᠠᠭᠠᠰᠬᠠᠵᠤ᠂ ᠮᠥᠬᠦᠯᠢᠭ ᠤᠨ ᠬᠦᠨᠳᠦ ᠶᠢ ᠤᠯᠠᠮ ᠨᠢᠭᠡ ᠠᠯᠬᠤᠮ ᠪᠠᠭᠤᠷᠠᠭᠤᠯᠳᠠᠭ᠃ ᠬᠠᠭᠤᠷᠠᠢ ᠬᠠᠯᠠᠭᠤᠨ ᠰᠠᠯᠬᠢᠨ ᠤ ᠪᠤᠭᠤᠳᠠᠢ ᠳᠤ ᠦᠵᠡᠭᠦᠯᠬᠦ ᠨᠥᠯᠥᠭᠡ ᠮᠠᠰᠢ ᠶᠡᠭᠡ ᠪᠠᠶᠢᠵᠤ᠂ ᠬᠥᠩᠭᠡᠨ ᠪᠣᠯ 5% ᠪᠠᠷ ᠬᠠᠰᠤᠭᠳᠠᠵᠤ᠂ ᠬᠦᠨᠳᠦ ᠪᠣᠯ 10%-20% ᠪᠠᠷ ᠬᠠᠰᠤᠭᠳᠠᠨ᠎ᠠ᠃ 

8.31 小麦.png

        ᠤᠷᠢᠳᠴᠢᠯᠠᠨ ᠰᠡᠷᠭᠡᠶᠢᠯᠡᠬᠦ ᠭᠤᠣᠯ ᠠᠷᠭ᠎ᠠ ᠬᠡᠮᠵᠢᠶ᠎ᠡ᠄ 

       ᠨᠢᠭᠡ ᠳᠤ ᠪᠤᠭᠤᠳᠠᠢ ᠪᠣᠯᠪᠠᠰᠤᠷᠠᠬᠤ ᠠᠴᠠ 10 ᠡᠳᠦᠷ ᠤᠨ ᠡᠮᠦᠨ᠎ᠡ᠂ ᠪᠤᠭᠤᠳᠠᠢ ᠶᠢᠨ ᠤᠷᠭᠤᠴᠠ᠂ ᠴᠠᠭ ᠠᠭᠤᠷ ᠤᠨ ᠪᠠᠶᠢᠳᠠᠯ᠂ ᠬᠥᠷᠥᠰᠥᠨ ᠤ

ᠴᠢᠭᠢᠭ ᠤᠨ ᠪᠠᠶᠢᠳᠠᠯ ᠢ ᠦᠨᠳᠦᠰᠦᠯᠡᠨ᠂ ᠬᠠᠭᠤᠷᠠᠢ ᠬᠠᠯᠠᠭᠤᠨ ᠰᠠᠯᠬᠢ ᠢᠷᠡᠬᠦ ᠠᠴᠠ ᠡᠮᠦᠨ᠎ᠡ ᠰᠦ ᠪᠣᠯᠪᠠᠰᠤᠷᠠᠬᠤ ᠠᠴᠠ ᠯᠠᠳᠠᠵᠤ ᠪᠣᠯᠪᠠᠰᠤᠷᠠᠬᠤ ᠬᠦᠷᠲᠡᠯᠡᠬᠢ

ᠬᠤᠭᠤᠴᠠᠭᠠᠨ ᠳᠤ ᠨᠢᠭᠡ ᠤᠳᠠᠭ᠎ᠠ ᠪᠤᠭᠤᠳᠠᠢ ᠶᠢᠨ ᠰᠢᠷ᠎ᠠ ᠤᠰᠤ ᠶᠢ ᠤᠰᠤᠯᠠᠪᠠᠯ᠂ ᠲᠠᠷᠢᠶᠠᠨ ᠭᠠᠵᠠᠷ ᠤᠨ ᠪᠠᠭ᠎ᠠ ᠠᠭᠤᠷ ᠠᠮᠢᠰᠬᠤᠯ ᠢ ᠢᠯᠡᠳᠲᠡ ᠰᠠᠶᠢᠵᠢᠷᠠᠭᠤᠯᠵᠤ᠂

ᠬᠠᠭᠤᠷᠠᠢ ᠬᠠᠯᠠᠭᠤᠨ ᠰᠠᠯᠬᠢᠨ ᠤ ᠬᠥᠨᠥᠭᠡᠯ ᠢ ᠪᠠᠭᠠᠰᠬᠠᠵᠤ ᠪᠣᠯᠣᠨ᠎ᠠ︔ 

       ᠬᠤᠶᠠᠷ ᠲᠤ ᠪᠤᠭᠤᠳᠠᠢ ᠶᠢᠨ ︽ᠨᠢᠭᠡ ᠰᠦᠷᠴᠢᠵᠦ ᠭᠤᠷᠪᠠ ᠰᠡᠷᠭᠡᠶᠢᠯᠡᠬᠦ︾ ᠲᠠᠢ ᠤᠶᠠᠯᠳᠤᠭᠤᠯᠤᠨ᠂ ᠨᠠᠪᠴᠢᠨ ᠤ ᠭᠠᠳᠠᠷᠭᠤ ᠶᠢᠨ ᠪᠣᠷᠳᠣᠭᠤᠷ ᠹᠣᠰᠹᠣᠷ

ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠰᠦᠷᠴᠢᠨ ᠣᠷᠣᠭᠤᠯᠵᠤ᠂ ᠪᠤᠭᠤᠳᠠᠢ ᠶᠢᠨ ᠰᠦᠷᠡᠯ ᠤᠨ ᠳᠣᠲᠣᠷᠠᠬᠢ ᠹᠣᠰᠹᠣᠷ ᠺᠠᠯᠢ ᠶᠢᠨ ᠠᠭᠤᠯᠤᠭᠳᠠᠴᠠ ᠶᠢ

ᠳᠡᠭᠡᠭᠰᠢᠯᠡᠭᠦᠯᠵᠦ᠂ ᠬᠠᠭᠤᠷᠠᠢ ᠬᠠᠯᠠᠭᠤᠨ ᠰᠠᠯᠬᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃ 

       ᠭᠤᠷᠪᠠ ᠳᠤ ᠲᠠᠷᠢᠵᠦ ᠪᠤᠶᠢᠵᠢᠭᠤᠯᠬᠤ ᠬᠠᠮᠢᠶᠠᠷᠤᠯᠲᠠ ᠶᠢᠨ ᠲᠠᠯ᠎ᠠ ᠪᠠᠷ ᠰᠡᠭᠦᠯᠴᠢ ᠶᠢᠨ ᠬᠤᠭᠤᠴᠠᠭᠠᠨ ᠤ ᠤᠰᠤ ᠢᠯᠡᠭᠦᠳᠡᠬᠦ ᠶᠢ ᠰᠡᠷᠭᠡᠶᠢᠯᠡᠵᠦ᠂ ᠬᠥᠬᠡᠷᠡᠵᠦ

ᠣᠷᠣᠢ ᠪᠣᠯᠪᠠᠰᠤᠷᠠᠬᠤ ᠠᠴᠠ ᠵᠠᠶᠢᠯᠠᠰᠬᠢᠵᠦ᠂ ᠬᠠᠭᠤᠷᠠᠢ ᠬᠠᠯᠠᠭᠤᠨ ᠰᠠᠯᠬᠢᠨ ᠤ ᠬᠥᠨᠥᠭᠡᠯ ᠢ ᠪᠠᠭᠠᠰᠬᠠᠨ᠎ᠠ᠃

  

ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ