​ᠰᠢᠷ᠎ᠠ ᠪᠤᠷᠴᠠᠭ ᠤᠨ ᠬᠤᠩᠭᠤᠷᠴᠤᠭ ᠤᠨ ᠬᠤᠭᠤᠴᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠤᠨ ᠭᠤᠣᠯᠳᠠᠯᠭ᠎ᠠ
ᠨᠡᠶᠢᠲᠡᠯᠡᠭᠰᠡᠨ ᠴᠠᠭ᠄
2023/9/5
           ᠰᠢᠷ᠎ᠠ ᠪᠤᠷᠴᠠᠭ ᠤᠨ ᠴᠡᠴᠡᠭᠯᠡᠵᠦ ᠬᠤᠩᠭᠤᠷᠴᠣᠭᠯᠠᠬᠤ ᠬᠤᠭᠤᠴᠠᠭ᠎ᠠ ᠪᠣᠯ ᠤᠨᠠᠯᠲᠠ ᠪᠦᠷᠢᠯᠳᠦᠬᠦ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ᠂ ᠲᠠᠷᠢᠶᠠᠨ ᠭᠠᠵᠠᠷ ᠤᠨ ᠬᠠᠮᠢᠶᠠᠷᠤᠯᠲᠠ ᠳᠤ ᠳᠣᠣᠷᠠᠬᠢ ᠭᠤᠷᠪᠠᠨ ᠲᠠᠯ᠎ᠠ ᠶᠢ ᠠᠩᠬᠠᠷᠬᠤ ᠬᠡᠷᠡᠭᠲᠡᠢ᠃       ᠨᠢᠭᠡ ᠳᠤ ᠨᠠᠪᠴᠢᠨ ᠤ ᠭᠠᠳᠠᠷᠭᠤ ᠳᠤ ᠪᠣᠷᠳᠣᠭᠤᠷ ᠨᠡᠮᠡᠬᠦ ᠬᠡᠷᠡᠭᠲᠡᠢ᠃ ᠰᠢᠷ᠎ᠠ ᠪᠤᠷᠴᠠᠭ ᠴᠡᠴᠡᠭᠯᠡᠵᠦ ᠬᠤᠩᠭᠤᠷᠴᠣᠭᠯᠠᠬᠤ ᠦᠶ᠎ᠡ ᠳᠤ ᠰᠢᠮ᠎ᠡ ᠲᠡᠵᠢᠭᠡᠯ ᠤᠨ ᠬᠡᠷᠡᠭᠴᠡᠭᠡ ᠨᠡᠯᠢᠶᠡᠳ ᠶᠡᠭᠡ ᠪᠠᠶᠢᠳᠠᠭ᠂ ᠬᠡᠷᠪᠡ ᠡᠨᠡ ᠬᠤᠭᠤᠴᠠᠭᠠᠨ ᠳᠤ ᠰᠢᠮ᠎ᠡ ᠲᠡᠵᠢᠭᠡᠯ ᠤᠨ ᠬᠠᠩᠭᠠᠯᠭ᠎ᠠ ᠬᠦᠷᠦᠯᠴᠡᠬᠦ ᠦᠭᠡᠢ ᠪᠣᠯ ᠰᠢᠷ᠎ᠠ ᠪᠤᠷᠴᠠᠭ ᠤᠨ ᠴᠡᠴᠡᠭ ᠬᠤᠩᠭᠤᠷᠴᠤᠭ ᠨᠢ ᠵᠤᠯᠭᠠᠷᠠᠨ᠂ ᠤᠷᠭᠤᠮᠠᠯ ᠤᠨ ᠰᠠᠭᠤᠷᠢ ᠨᠢ ᠪᠠᠭᠤᠷᠠᠢ ᠪᠣᠯᠵᠤ᠂ ᠤᠨᠠᠯᠲᠠ ᠪᠠ ᠡᠭᠦᠯᠳᠡᠷ ᠲᠤ ᠨᠡᠯᠢᠶᠡᠳ ᠶᠡᠭᠡ ᠨᠥᠯᠥᠭᠡ ᠦᠵᠡᠭᠦᠯᠳᠡᠭ᠃ ᠬᠤᠩᠭᠤᠷᠴᠤᠭ ᠤᠨ ᠬᠤᠭᠤᠴᠠᠭᠠᠨ ᠳᠤ ᠰᠢᠷ᠎ᠠ ᠪᠤᠷᠴᠠᠭ ᠤᠨ ᠤᠷᠭᠤᠯᠲᠠ ᠶᠢᠨ ᠪᠠᠶᠢᠳᠠᠯ ᠢ ᠦᠨᠳᠦᠰᠦᠯᠡᠨ ᠲᠣᠬᠢᠷᠠᠮᠵᠢᠲᠠᠢ ᠦᠶ᠎ᠡ ᠳᠤ ᠰᠢᠭᠡᠰᠦᠯᠢᠭ ᠡᠳ᠋ + ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ + ᠮᠤᠯᠢᠪᠳᠧᠨ ᠬᠦᠴᠢᠯ ᠤᠨ ᠠᠮᠮᠤᠨᠢ ᠶᠢ ᠨᠢᠭᠡ ᠤᠳᠠᠭ᠎ᠠ ᠰᠦᠷᠴᠢᠨ ᠣᠷᠣᠭᠤᠯᠵᠤ᠂ ᠰᠢᠷ᠎ᠠ ᠪᠤᠷᠴᠠᠭ ᠤᠨ ᠴᠡᠴᠡᠭᠯᠡᠨ ᠬᠤᠩᠭᠤᠷᠴᠣᠭᠯᠠᠬᠤ ᠶᠢ ᠪᠦᠲᠦᠮᠵᠢᠲᠡᠶ ᠠᠬᠢᠭᠤᠯᠤᠨ᠎ᠠ᠃

8.31 黄豆2.png

      ᠬᠤᠶᠠᠷ ᠲᠤ ᠭᠠᠩ ᠬᠠᠭᠰᠠᠷᠠᠭᠠᠨ ᠲᠠᠢ ᠲᠡᠮᠡᠴᠡᠵᠦ ᠤᠰᠤᠲᠤᠯ ᠢ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠷ᠎ᠠ ᠪᠤᠷᠴᠠᠭ ᠤᠨ ᠴᠡᠴᠡᠭᠯᠡᠵᠦ

ᠬᠤᠩᠭᠤᠷᠴᠠᠭ ᠰᠠᠭᠤᠬᠤ ᠬᠤᠭᠤᠴᠠᠭ᠎ᠠ ᠪᠣᠯ ᠭᠤᠣᠯ ᠭᠠᠷᠤᠯᠲᠠ ᠶᠢᠨ ᠣᠷᠣᠨ ᠤ ᠥᠨᠳᠥᠷ ᠳᠤᠯᠠᠭᠠᠨ ᠪᠣᠷᠣᠭᠠᠨ ᠡᠯᠪᠡᠭ ᠴᠠᠭ ᠬᠤᠭᠤᠴᠠᠭ᠎ᠠ ᠪᠣᠯᠣᠨ᠎ᠠ᠂

ᠦᠷᠭᠦᠯᠵᠢᠯᠡᠭᠰᠡᠨ ᠥᠨᠳᠥᠷ ᠳᠤᠯᠠᠭᠠᠨ ᠨᠢ ᠤᠷᠭᠤᠮᠠᠯ ᠤᠨ ᠨᠠᠪᠴᠢ ᠶᠢ ᠭᠤᠯᠵᠢᠢᠯᠭᠠᠵᠤ᠂ ᠴᠠᠭ ᠲᠤᠬᠠᠢ ᠳᠤᠨᠢ ᠤᠰᠤᠯᠠᠬᠤ ᠴᠢᠬᠤᠯᠠᠲᠠᠢ ᠪᠠᠶᠢᠳᠠᠭ᠃ ᠤᠰᠤᠯᠠᠯᠲᠠ ᠶᠢ

ᠶᠡᠷᠦ ᠳᠡᠭᠡᠨ ᠦᠳᠡ ᠶᠢᠨ ᠬᠤᠶᠢᠨ᠎ᠠ ᠶᠢᠨ 4 ᠴᠠᠭ ᠠᠴᠠ ᠬᠤᠶᠢᠰᠢ ᠪᠤᠶᠤ ᠰᠥᠨᠢ ᠪᠠᠷ ᠬᠢᠵᠦ᠂ ᠥᠨᠳᠥᠷ ᠬᠠᠯᠠᠭᠤᠨ ᠠᠴᠠ ᠵᠠᠶᠢᠯᠠᠬᠤ ᠬᠡᠷᠡᠭᠲᠡᠢ᠃ ᠬᠡᠷᠪᠡ ᠶᠡᠭᠡ

ᠪᠣᠷᠣᠭᠠᠨ ᠥᠩᠭᠡᠷᠡᠭᠰᠡᠨ ᠤ ᠳᠠᠷᠠᠭ᠎ᠠ ᠲᠠᠷᠢᠶᠠᠨ ᠳᠤ ᠬᠡᠲᠦᠷᠬᠡᠢ ᠠᠷᠪᠢᠨ ᠤᠰᠤ ᠬᠤᠷᠠᠪᠠᠯ ᠴᠠᠭ ᠲᠤᠬᠠᠢ ᠳᠤᠨᠢ ᠤᠰᠤ ᠶᠢ ᠭᠠᠳᠠᠭᠰᠢᠯᠠᠭᠤᠯᠬᠤ ᠬᠡᠷᠡᠭᠲᠡᠢ᠃

ᠤᠰᠤᠨ ᠳᠤ ᠠᠪᠲᠠᠭᠳᠠᠭᠰᠠᠨ ᠭᠠᠵᠠᠷ ᠲᠤ ᠴᠢᠭᠯᠡᠭᠦᠯᠦᠨ᠂ ᠬᠤᠷᠠᠭᠰᠠᠨ ᠤᠰᠤ ᠶᠢ ᠭᠠᠳᠠᠭᠰᠢᠯᠠᠭᠤᠯᠤᠭᠰᠠᠨ ᠤ ᠳᠠᠷᠠᠭ᠎ᠠ ᠴᠠᠭ ᠲᠤᠬᠠᠢ  ᠳᠤᠨᠢ ᠠᠽᠣᠲ ᠪᠣᠷᠳᠣᠭᠤᠷ

ᠣᠷᠣᠭᠤᠯᠤᠨ ᠰᠢᠮ᠎ᠡ ᠲᠡᠵᠢᠭᠡᠯ ᠨᠥᠬᠦᠪᠦᠷᠢᠯᠡᠵᠦ᠂ ᠰᠢᠷ᠎ᠠ ᠪᠤᠷᠴᠠᠭ ᠤᠨ ᠤᠷᠭᠤᠯᠲᠠ ᠶᠢ ᠠᠬᠢᠭᠤᠯᠤᠨ᠎ᠠ᠃

      ᠭᠤᠷᠪᠠ ᠳᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠬᠦ ᠬᠡᠷᠡᠭᠲᠡᠢ᠃ ᠬᠤᠩᠭᠤᠷᠴᠤᠭ ᠤᠨ ᠬᠤᠭᠤᠴᠠᠭᠠᠨ ᠳᠤ ᠲᠠᠷᠢᠶᠠᠨ ᠭᠠᠵᠠᠷ ᠢ ᠦᠷᠭᠦᠯᠵᠢ

ᠪᠠᠶᠢᠴᠠᠭᠠᠵᠤ᠂ ᠡᠷᠲᠡ ᠮᠠᠳᠡᠨ᠂ ᠡᠷᠲᠡ ᠰᠡᠷᠭᠡᠶᠢᠯᠡᠨ ᠵᠠᠰᠠᠬᠤ ᠬᠡᠷᠡᠭᠲᠡᠢ᠃ ᠦᠨᠳᠦᠰᠦ ᠢᠯᠵᠢᠷᠡᠬᠦ ᠡᠪᠡᠳᠴᠢᠨ ᠪᠠ ᠰᠢᠷ᠎ᠠ ᠪᠤᠷᠴᠠᠭ ᠤᠨ ᠢᠳᠡᠰᠢᠲᠦ ᠬᠤᠷᠣᠬᠠᠢ ᠶᠢ

ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠶᠢᠨ ᠬᠠᠮᠲᠤ ᠪᠠᠭᠠᠷᠠᠩ ᠬᠤᠷᠣᠬᠠᠢ ᠪᠠ ᠬᠤᠣᠰ ᠲᠣᠯᠪᠣᠲᠤ ᠴᠣᠬᠤ ᠶᠢᠨ ᠡᠭᠦᠰᠬᠦ ᠶᠢ ᠠᠩᠬᠠᠷᠴᠤ᠂ ᠪᠠᠶᠢᠳᠠᠯ ᠢ ᠨᠢ ᠦᠵᠡᠵᠦ

ᠴᠠᠭ ᠲᠤᠬᠠᠢ ᠳᠤᠨᠢ ᠰᠡᠷᠭᠡᠶᠢᠯᠡᠨ ᠵᠠᠰᠠᠬᠤ ᠬᠡᠷᠡᠭᠲᠡᠢ᠃ ᠡᠪᠡᠳᠴᠢᠨ ᠬᠤᠷᠣᠬᠠᠢ ᠶᠢ ᠰᠡᠷᠭᠡᠶᠢᠯᠡᠨ ᠵᠠᠰᠠᠬᠤ ᠳᠤ ᠨᠠᠪᠴᠢᠨ ᠤ ᠪᠣᠷᠳᠣᠭᠤᠷ᠂ ᠲᠣᠬᠢᠷᠠᠭᠤᠯᠬᠤ ᠡᠳ᠋ ᠲᠠᠢ

ᠬᠠᠮᠲᠤ ᠳᠤᠨᠢ ᠰᠦᠷᠴᠢᠨ ᠣᠷᠣᠭᠤᠯᠵᠤ᠂ ︽ᠨᠢᠭᠡ ᠰᠦᠷᠴᠢᠪᠡᠯ ᠣᠯᠠᠨ ᠠᠬᠢᠭᠤᠯᠬᠤ︾ ᠪᠠᠷ ᠡᠪᠡᠳᠴᠢᠨ ᠢ ᠰᠡᠷᠭᠡᠶᠢᠯᠡᠬᠦ᠂ ᠬᠤᠷᠣᠬᠠᠢ ᠶᠢ ᠰᠡᠷᠭᠡᠶᠢᠯᠡᠬᠦ᠂ ᠭᠠᠮᠰᠢᠭ ᠢ

ᠪᠠᠭᠠᠰᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃

8.31.黄豆1.png

 

ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ