ᠪᠦᠭᠦ ᠬᠤᠳᠠ ᠶᠢᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠭᠦ ᠭᠦᠮᠦᠵᠢᠯ ᠵᠢᠴᠢ ᠬᠠᠮᠳᠤ ᠨᠠᠶᠢᠳᠠ ᠶᠢᠨ ᠠᠷᠢᠭᠤᠨ ᠴᠢᠭᠡᠴᠢ ᠪᠠᠷ ᠵᠠᠰᠠᠭ ᠪᠠᠷᠢᠬᠤ ᠶᠠᠷᠢᠯᠴᠠᠭ᠎ᠠ ᠭᠢᠭᠦ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ ᠮᠠᠨ ᠤ ᠬᠤᠰᠢᠭᠤ ᠬᠤᠪᠢᠶᠠᠷᠢ ᠬᠤᠷᠠᠯ ᠤᠨ ᠲᠠᠯᠠᠪᠠᠢ ᠳᠤᠬᠢᠷᠠᠭᠤᠯᠪᠠ
ᠨᠡᠶᠢᠲᠡᠯᠡᠭᠰᠡᠨ ᠴᠠᠭ᠄
2023/9/7
      9 ᠰᠠᠷ᠎ᠠ ᠶᠢᠨ 5 ᠤ ᠡᠳᠦᠷ᠂ ᠪᠦᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠭᠦ ᠬᠥᠮᠦᠵᠢᠯ ᠵᠢᠴᠢ ᠬᠠᠮᠲᠤ ᠨᠠᠶᠢᠳᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭ᠎ᠠ ᠭᠢᠭᠦ ᠲᠧᠯᠸᠢᠰ ᠳ᠋ᠢᠶᠠᠩᠬᠤᠸᠠ ᠬᠤᠷᠠᠯ ᠬᠢᠶ᠎ᠠ ᠪᠠᠭᠰᠢ ᠲᠤᠭᠤᠷᠢᠭ ᠲᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠤᠷᠠᠯ ᠳᠤ ᠣᠷᠣᠯᠴᠠᠬᠰᠠᠨ ᠤ ᠬᠠᠮᠳᠤ ᠶᠠᠷᠢᠶ᠎ᠠ ᠲᠠᠯᠪᠢᠵᠤ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠭᠡᠷᠡᠭ ᠢᠶᠠᠷ ᠰᠡᠷᠡᠮᠵᠢᠯᠡᠭᠦᠯᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠨ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠤᠨ ᠬᠦᠳᠦᠯᠤᠨ ᠵᠢᠯᠣᠭᠤᠳᠴᠦ ᠪᠢᠰᠢᠷᠡᠨ ᠵᠢᠷᠦᠬᠡᠰᠢᠶᠡᠬᠦ ᠶᠢ ᠮᠡᠳᠡᠵᠤ ᠂ ᠰᠡᠷᠡᠮᠵᠢᠯᠡᠨ ᠡᠮᠢᠶᠡᠵᠦ᠂ ᠬᠤᠷᠢᠭ᠎ᠠ ᠱᠤᠭᠤᠮ ᠢ ᠰᠠᠬᠢᠵᠤ᠂ ᠰᠤᠷᠲᠠᠯ ᠴᠢᠭᠡᠴᠢ ᠤᠪᠤᠷ ᠲᠦᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠭᠡᠷᠡᠭᠳᠡᠢ ᠭᠡᠵᠤ ᠴᠢᠬᠤᠯᠠᠴᠢᠯᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠵᠠᠨ ᠯᠢᠨ᠂ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠰᠤ᠋ ᠵᠥᠩ ᠱᠧᠩ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠫᠠᠨ ᡁᠢ ᠹᠸᠡᠭ ᠤᠨ ᠰᠠᠭᠢᠯᠭ᠎ᠠ ᠪᠠᠳᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠤᠨ ᠪᠠᠶᠢᠳᠠᠯ ᠢ ᠨᠡᠶᠢᠲᠡᠯᠡᠨ ᠮᠡᠳᠡᠭᠳᠡᠪᠡ       ᠯᠢ ᠯᠢ ᠪᠦᠬᠦ ᠬᠤᠳᠠ ᠶᠢᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠲᠤᠭᠢᠷᠠᠭᠤᠯᠤᠯᠳᠠ ᠭᠢᠪᠡ᠃ ᠲᠡᠷᠡ ᠬᠡᠷᠡᠭ ᠢᠶᠠᠷ ᠰᠡᠷᠡᠮᠵᠢᠯᠡᠭᠦᠯᠵᠤ᠂ ᠵᠣᠭᠰᠣᠴᠠ ᠪᠠᠨ ᠪᠠᠳᠤᠳᠬᠠᠬᠤ ᠶᠢ ᠪᠠᠷᠢᠮᠳᠠᠯᠠᠨ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ  ᠭᠦᠢᠴᠡᠳ ᠲᠠᠨᠢᠵᠤ᠂ ᠪᠠᠳᠤ ᠴᠢᠩᠭ᠎ᠠ ᠤᠬᠠᠮᠰᠠᠷ ᠢᠶᠠᠷ ᠪᠠᠶ᠎ᠠ ᠪᠠᠨ ᠱᠠᠭᠠᠷᠳᠠᠨ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠪᠠᠷᠢᠮᠲᠠᠯᠠᠨ᠂ ᠴᠢᠩ ᠦᠨᠡᠨᠴᠢ ᠰᠡᠳᠭᠢᠯ ᠢᠶᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠤ᠂ ᠠᠯᠪᠠᠨ ᠵᠠᠷᠤᠴᠠ ᠶᠢᠨ ᠰᠡᠳᠭᠢᠯᠭᠡ ᠪᠠᠷ ᠨᠠᠮ ᠤᠨ ᠵᠣᠷᠢᠯᠲᠠ ᠶᠢ ᠪᠠᠲᠤ ᠰᠠᠬᠢᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠰᠡᠳᠭᠢᠯ ᠢᠶᠠᠷ ᠡᠭᠦᠷᠭᠡᠯᠡᠯ ᠬᠠᠷᠢᠭᠤᠴᠠᠯᠭ᠎ᠠ ᠶᠢ ᠡᠭᠦᠷᠭᠡᠯᠡᠵᠤ᠂ ᠪᠢᠰᠢᠷᠡᠨ ᠵᠢᠷᠦᠬᠡᠰᠢᠶᠡᠬᠦ ᠰᠡᠳᠭᠢᠯᠭᠡ ᠪᠠᠷ ᠡᠷᠬᠡ ᠶᠢᠨ ᠵᠠᠭᠠᠭ ᠬᠢᠵᠠᠭᠠᠷ ᠢ ᠰᠠᠶᠢᠲᠤᠷ ᠰᠠᠬᠢᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠮᠥᠨ ᠴᠢᠨᠠᠷ ᠢ ᠢᠮᠠᠬᠳᠠ ᠬᠠᠳᠠᠭᠠᠯᠠᠬᠤ ᠭᠡᠷᠡᠭᠳᠡᠢ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠡᠴᠦᠰ ᠲᠤᠨᠢ ᠲᠤᠯᠲᠠᠯ᠎ᠠ ᠴᠢᠩᠳᠠᠯᠠᠬᠤ ᠶᠢ ᠪᠠᠷᠢᠮᠳᠠᠯᠠᠨ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠠᠷᠢᠨ ᠪᠣᠳᠠᠲᠠᠶ ᠠᠳᠬᠤᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠤᠳᠠᠭᠠᠨ ᠲᠠᠭᠠᠭᠠᠮᠠᠭᠠᠢ ᠴᠢᠷᠮᠠᠶᠢᠨ᠂ ︽ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠦ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ︾ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠲᠠᠯ᠎ᠠ ᠪᠠᠷ ᠬᠠᠮᠳᠤᠷᠠᠨ ᠬᠦᠴᠦᠯᠡᠵᠦ᠂ ᠬᠢᠨᠠᠯᠲᠠ ᠲᠠᠯᠪᠢᠬᠤ ᠲᠤᠬᠳᠠᠯᠴᠠᠭ᠎ᠠ ᠶᠢ ᠪᠦᠷᠢᠨᠰᠢᠭᠦᠯᠤᠨ ᠲᠡᠭᠦᠯᠳᠡᠷᠵᠢᠭᠦᠯᠬᠦ ᠲᠠᠯ᠎ᠠ ᠪᠠᠷ ᠭᠦᠴᠦᠯᠠᠨ ᠴᠢᠷᠮᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠡᠪᠡ᠃       ᠯᠢ ᠯᠢ ᠫᠠᠨ ᡁᠢ ᠹᠸᠡᠭ᠂ ᠰᠥᠩ ᠯᠢᠶᠠᠩ ᠨᠠᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠭᠦᠨᠳᠦ ᠨᠤᠴᠢᠳᠠᠢ ᠵᠥᠷᠢᠴᠡᠭᠰᠡᠨ ᠬᠡᠷᠡᠭ ᠲᠠᠢ ᠤᠶᠠᠯᠳᠤᠭᠤᠯᠤᠨ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠠᠮᠲᠤ ᠨᠠᠶᠢᠳᠠ ᠶᠢᠨ ᠶᠠᠷᠢᠯᠴᠠᠭ᠎ᠠ ᠬᠢᠪᠡ᠃ ᠲᠡᠷᠡ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠤᠬᠠᠮᠰᠠᠷ ᠠᠴᠠ ᠪᠠᠨ ᠲᠠᠪᠳᠡᠨ ᠪᠤᠯᠪᠠᠰᠤᠷᠠᠭᠤᠯᠵᠤ᠂ ᠭᠠᠵᠢᠭᠤ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠡᠷᠬᠡ ᠶᠢᠨ ᠠᠵᠢᠯᠯᠠᠭᠠᠨ ᠢ ᠤᠬᠠᠮᠰᠠᠷ ᠠᠴᠠ ᠪᠠᠨ ᠲᠦᠷᠢᠮᠵᠢᠭᠦᠯᠤᠨ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠤᠬᠠᠮᠰᠠᠷ ᠠᠴᠠ ᠪᠠᠨ ᠵᠢᠷᠤᠮᠯᠠᠵᠤ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠤᠬᠠᠮᠰᠠᠷ ᠠᠴᠠ ᠪᠠᠨ ᠰᠠᠬᠢᠨ᠂ ᠠᠷᠢᠭᠤᠨ ᠴᠢᠬᠡᠴᠢ ᠶᠢ ᠡᠷᠭᠢᠮᠯᠡᠵᠤ᠂ ᠠᠷᠢᠭᠤᠨ ᠴᠢᠬᠡᠴᠢ ᠪᠠᠷ ᠠᠵᠢᠯᠯᠠᠨ᠂ ᠤᠷᠳᠤᠰ ᠤᠨ ᠺᠠᠳ᠋ᠷᠴᠤᠳ ᠤᠨ ᠰᠢᠯᠢᠳᠡᠭ ᠰᠠᠶᠢᠨ ᠲᠦᠷᠢ ᠲᠦᠷᠭᠦ ᠶᠢ ᠱᠤᠭᠤᠬᠤ ᠭᠡᠷᠡᠭᠳᠡᠢ ᠭᠡᠵᠤ ᠴᠢᠬᠤᠯᠠᠴᠢᠯᠡᠪᠠ᠃       ᠬᠤᠷᠠᠯ ᠢ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯᠳᠤᠭᠤᠯᠵᠤ᠂ ᠡᠯ᠎ᠠ ᠬᠤᠰᠢᠭᠤ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠭᠢᠷᠠᠭᠤᠯᠪᠠ᠃ ᠬᠤᠰᠢᠭᠤᠨ ᠤ ᠤᠳᠤᠷᠢᠳᠤᠯᠭ᠎ᠠ ᠳ᠋ᠦ᠋ ᠵᠢᠶᠠᠨ ᠶᠦᠩ᠂ ᠶᠠᠩ ᠯᠢ ᠫᠸᠡᠩ᠂ ᠯᠢ ᠵᠢᠶᠠᠨ ᠸᠧᠨ᠂ ᠯᠢ ᠬᠤᠩ ᠯᠢᠶᠠᠩ᠂ ᠴᠧᠨ ᠯᠢ ᠳ᠋ᠦᠩ᠂ ᠰᠢᠦᠢ ᠬᠠᠢ ᠯᠢᠨ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠳ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃   
ᠢᠷᠡᠯᠲᠡ᠄ ᠤᠷᠳᠤᠰ ᠤᠨ ᠡᠳᠦᠷ ᠤᠨ ᠰᠤᠨᠢᠨ