1 - 7 ᠰᠠᠷ᠎ᠠ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 17.4 % ᠨᠡᠮᠡᠭᠳᠡᠪᠡ
ᠨᠡᠶᠢᠲᠡᠯᠡᠭᠰᠡᠨ ᠴᠠᠭ᠄
2023/9/7
       1 — 7 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 975.3 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4 % ᠨᠡᠮᠡᠭᠳᠡᠪᠡ᠃ ᠡᠭᠦᠨ ᠳᠤ᠂ ᠢᠯᠴᠢ ᠶᠢᠨ ᠬᠦᠴᠦᠨ ᠤ ᠴᠠᠬᠢᠯᠭᠠᠨ ᠭᠠᠷᠭᠠᠬᠰᠠᠨ ᠬᠡᠮᠵᠢᠶ᠎ᠡ 922.7 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.0 % ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ ᠦᠢᠯᠡᠳᠪᠤᠷᠢ ᠶᠢᠨ ᠴᠠᠬᠢᠯᠭᠠᠨ ᠭᠠᠷᠭᠠᠬᠰᠠᠨ ᠬᠡᠮᠵᠢᠶᠡᠨ ᠤ 94.6 % ᠶᠢ ᠡᠵᠡᠯᠡᠵᠦ᠂ ᠪᠥᠬᠦ ᠬᠤᠲᠠ ᠶᠢᠨ ᠴᠠᠬᠢᠯᠭᠠᠨ ᠭᠠᠷᠭᠠᠬᠰᠠᠨ ᠬᠡᠮᠵᠢᠶ᠎ᠡ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠡᠯ ᠢᠶᠠᠷ 16.2 ᠳᠠᠶᠢᠴᠢᠯᠠᠨ᠂ ᠪᠥᠬᠦ ᠬᠤᠲᠠ ᠶᠢᠨ ᠴᠠᠬᠢᠯᠭᠠᠨ ᠭᠠᠷᠭᠠᠬᠰᠠᠨ ᠬᠡᠮᠵᠢᠶᠡᠨ ᠤ ᠨᠡᠮᠡᠭᠳᠡᠯ ᠢ ᠳᠠᠶᠢᠴᠢᠯᠠᠬᠤ ᠭᠤᠤᠯ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ᠃      1 - 7 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 42.0 ᠳ᠋ᠦ᠋ᠩᠰᠢᠭᠤᠷ ᠭᠷᠠᠳᠦ᠋ᠰ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 31.8 % ᠨᠡᠮᠡᠭᠳᠡᠨ᠂ 1- 6 ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 12.7 ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ ᠦᠢᠯᠡᠳᠪᠤᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 4.3 % ᠶᠢ ᠡᠵᠡᠯᠡᠪᠡ᠃ ᠡᠭᠦᠨ ᠳᠤ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠰᠠᠨ ᠬᠡᠮᠵᠢᠶ᠎ᠡ 17.0 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 190.3 % ᠨᠡᠮᠡᠭᠳᠡᠵᠦ᠂ 1-6 ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 27.9 ᠳᠡᠭᠡᠭᠰᠢᠯᠡᠵᠦ᠂ ᠪᠥᠬᠦ ᠬᠤᠲᠠ ᠶᠢᠨ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠰᠠᠨ ᠬᠡᠮᠵᠢᠶ᠎ᠡ ᠶᠢ ᠵᠠᠭᠤᠨ ᠤ ᠬᠤᠪᠢ ᠶᠢᠨ ᠬᠠᠷᠢᠴᠡᠯ ᠢᠶᠠᠷ 35.0 ᠨᠡᠮᠡᠭᠳᠡᠭᠦᠯᠪᠡ︔ ᠬᠡᠷᠡᠯ ᠴᠡᠨᠡᠭ ᠤᠨ ᠴᠠᠬᠢᠯᠭᠠᠨ ᠭᠠᠷᠭᠠᠬᠰᠠᠨ ᠬᠡᠮᠵᠢᠶ᠎ᠡ 25.0 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9 % ᠪᠠᠭᠤᠷᠠᠵᠤ᠂ 1 — 6 ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 8.7 ᠪᠠᠭᠠᠰᠤᠭᠰᠠᠨ ᠪᠠᠶᠢᠨ᠎ᠠ᠃     
ᠢᠷᠡᠯᠲᠡ᠄ ᠤᠷᠳᠤᠰ ᠤᠨ ᠡᠳᠤᠷ ᠤᠨ ᠰᠤᠨᠢᠨ