ᠰᠢ ᠶᠢᠨ ᠫᠢᠩ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠢᠨ ᠣᠨᠴᠠᠭᠠᠢ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠪᠠ ᠠᠯᠳᠠᠨ ᠲᠣᠭᠤᠰᠭ᠋᠎ᠠ ᠶᠢᠨ ᠪᠦᠷᠢᠯᠳᠦᠭᠦᠨ ᠢᠶᠠᠨ ᠥᠷᠭᠡᠳᠬᠡᠭᠰᠡᠨ ᠨᠢ ᠠᠯᠳᠠᠨ ᠲᠣᠭᠤᠰᠭ᠋᠎ᠠ ᠶᠢᠨ ᠬᠠᠮᠲᠤᠷᠠᠯᠴᠠᠭᠠᠨ ᠤ ᠰᠢᠨ᠎ᠡ ᠭᠠᠷᠤᠭ᠎ᠠ ᠪᠠᠶᠢᠵᠤ ᠠᠯᠳᠠᠨ ᠲᠣᠭᠤᠰᠭ᠋᠎ᠠ ᠶᠢᠨ ᠬᠠᠮᠲᠤᠷᠠᠯᠴᠠᠭᠠᠨ ᠤ ᠲᠣᠭᠲᠠᠴᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2023/9/8
      ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 24 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠲᠤ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠢᠨ ᠣᠨᠴᠠᠭᠠᠢ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠪᠠ᠃      ᠬᠤᠷᠠᠯ ᠠᠴᠠ᠂ ᠰᠠᠦ᠋ᠳᠢ ᠠᠷᠠᠪ᠂ ᠶᠧᠵᠢᠫᠲ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠠᠷᠭᠧᠨ᠋ᠲ᠋ᠢᠨ᠂ ᠢᠷᠠᠨ᠂ ᠡᠸ᠋ᠽᠢᠤᠫᠢᠶ᠎ᠠ ᠶᠢ ᠵᠢᠩᠬᠢᠨᠢ ᠪᠠᠷ ᠠᠯᠳᠠᠨ ᠲᠣᠭᠤᠰᠭ᠋᠎ᠠ ᠤᠯᠤᠰ ᠤᠳ ᠤᠨ ᠶᠡᠭᠡ ᠭᠡᠷ ᠪᠦᠯᠢ ᠶᠢᠨ ᠪᠦᠷᠢᠯᠳᠦᠭᠦᠨ ᠪᠤᠯᠭᠠᠬᠤ ᠪᠠᠷ ᠤᠷᠢᠭᠰᠠᠨ ᠢ ᠨᠡᠶᠢᠲᠡᠯᠡᠪᠡ᠃      ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠠᠯᠳᠠᠨ ᠲᠣᠭᠤᠰᠭ᠋᠎ᠠ ᠤᠯᠤᠰ ᠤᠳ ᠪᠣᠯ ᠴᠥᠮ ᠴᠢᠬᠤᠯᠠ ᠨᠥᠯᠥᠭᠡ ᠲᠠᠢ ᠤᠯᠤᠰ ᠤᠳ ᠪᠠᠶᠢᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠲᠤᠰ ᠤᠳᠠᠭ᠎ᠠ ᠶᠢᠨ ᠠᠭᠤᠯᠵᠠᠯᠲᠠ ᠳᠤᠮᠳᠠ᠂ ᠪᠢᠳᠡ ᠣᠳᠣᠬᠠᠨ ᠤ ᠳᠡᠯᠡᠬᠡᠢ ᠶᠢᠨ ᠪᠠᠶᠢᠳᠠᠯ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠵᠡᠷᠭᠡ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠤ᠂ ᠲᠦᠷᠦᠭᠦᠴᠦᠳ ᠤᠨ ᠬᠤᠷᠠᠯ ᠤᠨ ᠲᠤᠩᠬᠠᠭ ᠢ ᠨᠡᠶᠢᠲᠡᠯᠡᠵᠦ᠂ ᠦᠯᠡᠮᠵᠢ ᠦᠷ᠎ᠡ ᠪᠦᠲᠦᠭᠡᠯ ᠣᠯᠪᠠ ᠭᠡᠵᠦ ᠵᠢᠭᠠᠵᠤ ᠭᠠᠷᠭᠠᠪᠠ᠃      ᠰᠢ ᠶᠢᠨ ᠫᠢᠩ ᠰᠠᠦ᠋ᠳᠢ ᠠᠷᠠᠪ᠂ ᠶᠧᠵᠢᠫᠲ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠠᠷᠭᠧᠨ᠋ᠲ᠋ᠢᠨ᠂ ᠢᠷᠡᠨ᠂ ᠡᠸ᠋ᠽᠢᠤᠫᠢᠶ᠎ᠠ ᠶᠢ ᠠᠯᠳᠠᠨ ᠲᠣᠭᠤᠰᠭ᠋᠎ᠠ ᠤᠯᠤᠰ ᠤᠳ ᠤᠨ ᠶᠡᠭᠡ ᠭᠡᠷ ᠪᠦᠯᠢ ᠶᠢᠨ ᠪᠦᠷᠢᠯᠳᠦᠭᠦᠨ ᠪᠤᠯᠭᠠᠬᠤ ᠪᠠᠷ ᠤᠷᠢᠭᠰᠠᠨ ᠢ ᠲᠠᠪᠤᠨ ᠤᠯᠤᠰ ᠤᠨ ᠤᠳᠤᠷᠢᠳᠬᠤ ᠬᠥᠮᠥᠰ ᠰᠠᠨᠠᠯ ᠨᠢᠭᠡᠲᠡᠢ ᠵᠥᠪᠰᠢᠶᠡᠷᠡᠪᠡ᠃ ᠳᠤᠮᠳᠠᠳᠤ ᠤᠯᠤᠰ ᠡᠳᠡᠭᠡᠷ ᠤᠯᠤᠰ ᠲᠤ ᠪᠠᠶᠠᠷ ᠬᠦᠷᠭᠡᠵᠦ᠂ ᠲᠡᠷᠢᠭᠦᠯᠡᠭᠴᠢ ᠤᠯᠤᠰ ᠡᠮᠦᠨᠡᠲᠦ ᠠᠹᠷᠢᠺᠠ ᠪᠣᠯᠣᠨ ᠶᠡᠷᠦᠩᠬᠡᠶᠢᠯᠡᠭᠴᠢ ᠯᠠᠮᠠᠹᠦ᠋ᠰᠠ ᠶᠢᠨ ᠭᠠᠷᠭᠠᠭᠰᠠᠨ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠡᠨᠡ ᠤᠳᠠᠭ᠎ᠠ ᠶᠢᠨ ᠪᠦᠷᠢᠯᠳᠦᠭᠦᠨ ᠢᠶᠠᠨ ᠥᠷᠭᠡᠳᠬᠡᠭᠰᠡᠨ ᠨᠢ ᠲᠡᠦᠬᠡᠲᠦ ᠴᠢᠨᠠᠷᠲᠠᠢ ᠶᠠᠪᠤᠳᠠᠯ ᠪᠠᠶᠢᠵᠤ᠂ ᠠᠯᠳᠠᠨ ᠲᠣᠭᠤᠰᠭ᠋᠎ᠠ ᠤᠯᠤᠰ ᠤᠳ ᠤᠨ ᠬᠥᠭᠵᠢᠵᠦ ᠪᠠᠶᠢᠭ᠎ᠠ ᠤᠯᠤᠰ ᠲᠠᠢ ᠪᠦᠯᠬᠦᠮᠳᠡᠨ ᠬᠠᠮᠲᠤᠷᠠᠯᠴᠠᠬᠤ ᠵᠣᠷᠢᠭ ᠢ ᠢᠯᠡᠷᠡᠭᠦᠯᠵᠦ᠂ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠨᠡᠶᠢᠴᠡᠵᠦ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠵᠦ ᠪᠠᠶᠢᠨ᠎ᠠ᠃ ᠡᠨᠡ ᠤᠳᠠᠭ᠎ᠠ ᠪᠦᠷᠢᠯᠳᠦᠭᠦᠨ ᠢᠶᠠᠨ ᠥᠷᠭᠡᠳᠬᠡᠭᠰᠡᠨ ᠨᠢ ᠮᠥᠨ ᠴᠦ ᠠᠯᠳᠠᠨ ᠲᠣᠭᠤᠰᠭ᠋᠎ᠠ ᠶᠢᠨ ᠬᠠᠮᠲᠤᠷᠠᠯᠴᠠᠭᠠᠨ ᠤ ᠰᠢᠨ᠎ᠡ ᠭᠠᠷᠤᠭ᠎ᠠ ᠪᠠᠶᠢᠵᠤ᠂ ᠠᠯᠳᠠᠨ ᠲᠣᠭᠤᠰᠭ᠋᠎ᠠ ᠶᠢᠨ ᠬᠠᠮᠲᠤᠷᠠᠯᠴᠠᠭᠠᠨ ᠤ ᠲᠣᠭᠲᠠᠴᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢᠨ ᠬᠦᠴᠦᠨ ᠢ ᠤᠯᠠᠮ ᠪᠤᠵᠠᠭᠠᠶᠢᠷᠠᠭᠤᠯᠬᠤ ᠪᠣᠯᠣᠨ᠎ᠠ᠃ ᠪᠢᠳᠡ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠳᠠᠭ ᠯᠠ ᠶᠤᠮ ᠪᠣᠯ ᠠᠯᠳᠠᠨ ᠲᠣᠭᠤᠰᠭ᠋᠎ᠠ ᠶᠢᠨ ᠬᠠᠮᠲᠤᠷᠠᠯᠴᠠᠭ᠎ᠠ ᠶᠡᠭᠡ ᠶᠢ ᠪᠦᠲᠦᠭᠡᠵᠦ ᠪᠣᠯᠣᠨ᠎ᠠ᠂ ᠠᠯᠳᠠᠨ ᠲᠣᠭᠤᠰᠭ᠋᠎ᠠ ᠤᠯᠤᠰ ᠤᠳ ᠤᠨ ᠢᠷᠡᠭᠡᠳᠦᠢ ᠰᠠᠶᠢᠨ ᠰᠠᠶᠢᠬᠠᠨ ᠪᠠᠶᠢᠵᠤ ᠴᠢᠳᠠᠨ᠎ᠠ ᠭᠡᠳᠡᠭ ᠢ ᠪᠢ ᠢᠲᠡᠭᠡᠵᠦ ᠪᠠᠶᠢᠨ᠎ᠠ᠃ ᠪᠢᠳᠠ ᠬᠠᠮᠲᠤ ᠪᠠᠷ ᠴᠢᠷᠮᠠᠶᠢᠵᠤ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠪᠠ ᠬᠥᠭᠵᠢᠵᠦ ᠪᠠᠶᠢᠭ᠎ᠠ ᠤᠯᠤᠰ ᠤᠨ ᠪᠦᠯᠬᠦᠮᠳᠡᠨ ᠬᠠᠮᠲᠤᠷᠠᠯᠴᠠᠵᠤ ᠬᠥᠭᠵᠢᠯᠲᠡ ᠶᠢ ᠡᠷᠢᠯᠬᠢᠯᠡᠭᠰᠡᠨ ᠰᠢᠨ᠎ᠡ ᠬᠠᠭᠤᠳᠠᠰᠤ ᠶᠢ ᠪᠢᠴᠢᠭᠯᠡᠶ᠎ᠡ ᠴᠢᠬᠤᠯᠠᠴᠢᠯᠠᠪᠠ᠃      ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠬᠤᠷᠠᠯ ᠢ ᠡᠷᠭᠢᠯᠡᠵᠦ᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ ᠳᠡᠭᠡᠷ᠎ᠡ︶ ᠬᠤᠷᠠᠯ ᠳᠤ ᠣᠷᠣᠯᠴᠠᠪᠠ᠃      ᠬᠤᠷᠠᠯ ᠠᠴᠠ ︽ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠢᠨ ᠶᠤᠬᠠᠨᠨᠧᠰᠪᠦ᠋ᠷᠡᠭ ᠤᠨ ᠲᠤᠩᠬᠠᠭ︾ ᠢ ᠪᠠᠲᠤᠯᠠᠵᠤ ᠨᠡᠶᠢᠲᠡᠯᠡᠪᠡ᠃       ᠼᠠᠢ ᠴᠢ᠂ ᠸᠠᠩ ᠢ ᠨᠠᠷ ᠬᠤᠷᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ