ᠰᠢ ᠶᠢᠨ ᠫᠢᠩ ᠤᠯᠠᠭᠠᠨ ᠵᠠᠭᠠᠯᠮᠠᠶᠢᠳᠠᠨ ᠤ ᠤᠯᠠᠨ ᠤᠯᠤᠰ ᠤᠨ ᠵᠥᠪᠯᠡᠯ ᠤᠨ ᠲᠡᠷᠢᠭᠦᠯᠡᠭᠴᠢ ᠰᠪᠧᠯᠢᠶᠠᠯᠢᠼ ᠲᠠᠢ ᠠᠭᠤᠯᠵᠠᠪᠠ
ᠨᠡᠶᠢᠲᠡᠯᠡᠭᠰᠡᠨ ᠴᠠᠭ᠄
2023/9/8
                    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 5 ᠤ ᠴᠠᠭᠢᠯᠭᠠᠨ ᠮᠡᠳᠡᠭᠡ     9 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠤᠯᠠᠭᠠᠨ ᠵᠠᠭᠠᠯᠮᠠᠶᠢᠳᠠᠨ ᠤ ᠤᠯᠠᠨ ᠤᠯᠤᠰ ᠤᠨ ᠵᠥᠪᠯᠡᠯ ᠤᠨ ᠲᠡᠷᠢᠭᠦᠯᠡᠭᠴᠢ ᠰᠪᠧᠯᠢᠶᠠᠯᠢᠼ  ᠲᠠᠢ ᠠᠭᠤᠯᠵᠠᠪᠠ᠃       ᠰᠢ ᠶᠢᠨ ᠫᠢᠩ ᠤᠯᠠᠭᠠᠨ ᠵᠠᠭᠠᠯᠮᠠᠶᠢᠳᠠᠨ ᠤ ᠤᠯᠠᠨ ᠤᠯᠤᠰ ᠤᠨ ᠵᠥᠪᠯᠡᠯ ᠪᠠᠶᠢᠭᠤᠯᠤᠭᠳᠠᠭᠰᠠᠨ 160 ᠵᠢᠯ ᠤᠨ ᠲᠤᠷᠰᠢ ᠤᠯᠠᠨ ᠤᠯᠤᠰ ᠤᠨ ᠬᠥᠮᠦᠯᠢᠭ ᠦᠵᠡᠯ ᠤᠨ ᠲᠠᠯ᠎ᠠ ᠪᠠᠷ ᠬᠢᠭᠰᠡᠨ ᠦᠷ᠎ᠡ ᠪᠦᠲᠦᠮᠵᠢᠲᠡᠢ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠤᠯᠠᠭᠠᠨ ᠵᠠᠭᠠᠯᠮᠠᠶᠢᠳᠠᠨ ᠤ ᠤᠯᠠᠨ ᠤᠯᠤᠰ ᠤᠨ ᠵᠥᠪᠯᠡᠯ ᠤᠨ ᠳᠡᠯᠡᠬᠡᠢ ᠶᠢᠨ ᠡᠩᠬᠡ ᠲᠠᠶᠢᠪᠤᠩ ᠪᠣᠯᠣᠨ ᠲᠠᠪᠰᠢᠯᠳᠠ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠮᠠᠭᠲᠠᠨ ᠰᠠᠶᠢᠰᠢᠶᠠᠪᠠ᠃      ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠬᠥᠮᠥᠨ ᠲᠥᠷᠥᠯᠬᠢᠲᠡᠨ ᠤ ᠨᠡᠶᠢᠭᠡᠮ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠂ ᠵᠠᠷᠢᠮ ᠨᠢ ᠥᠩᠭᠡᠷᠡᠭᠡᠭᠰᠡᠨ ᠤ ᠬᠢ ᠲᠠᠢ ᠢᠯᠭᠠᠭ᠎ᠠ ᠦᠭᠡᠢ᠂ ᠵᠠᠷᠢᠮ ᠨᠢ ᠰᠢᠨ᠎ᠡ ᠥᠷᠢᠰᠦᠯᠳᠦᠭᠡᠨ ᠪᠣᠯᠣᠨ᠎ᠠ᠃ ᠡᠨᠡ ᠬᠦ ᠪᠠᠶᠢᠳᠠᠯ ᠳᠣᠣᠷ᠎ᠠ᠂ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ ᠬᠠᠶᠢᠬᠤᠷᠤᠭᠰᠠᠨ ᠦᠭᠡᠢ ᠪᠢᠰᠢ᠂ ᠬᠠᠷᠢᠨ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠢᠳᠪᠦᠷᠢᠯᠡᠬᠦ ᠠᠷᠭ᠎ᠠ ᠵᠠᠮ ᠢ ᠬᠠᠮᠲᠤ ᠪᠠᠷ ᠡᠷᠢᠯᠬᠢᠯᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠ᠃ ᠮᠢᠨᠤ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤ ᠪᠠᠷ ᠠᠵᠤ ᠠᠬᠤᠢ ᠶᠢᠨ ᠬᠥᠭᠵᠢᠯᠲᠡ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠡᠶᠡᠯᠡᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠪᠣᠯᠣᠨ ᠬᠥᠮᠦᠯᠢᠭ ᠦᠵᠡᠯ ᠤᠨ ᠠᠰᠠᠭᠤᠳᠠᠯ ᠤᠨ ᠵᠠᠰᠠᠯᠲᠠ ᠶᠢ ᠴᠢᠩᠭᠠᠳᠬᠠᠬᠤ ᠳᠤ ᠳᠤᠮᠳᠠᠳᠤ ᠤᠯᠤᠰ ᠤᠨ ᠣᠶᠢᠯᠠᠭᠠᠭᠳᠠᠬᠤᠨ᠂ ᠳᠤᠮᠳᠠᠳᠤ ᠤᠯᠤᠰ ᠤᠨ ᠲᠥᠰᠥᠯ ᠢ ᠬᠠᠩᠭᠠᠬᠤ ᠶᠢᠨ ᠲᠥᠯᠥᠭᠡ ᠶᠤᠮ ᠭᠡᠵᠦ ᠵᠢᠭᠠᠵᠤ ᠭᠠᠷᠭᠠᠵᠠᠢ᠃       ᠰᠢ ᠶᠢᠨ ᠫᠢᠩ᠂ ᠬᠥᠮᠦᠯᠢᠭ ᠦᠵᠡᠯ ᠪᠣᠯ ᠠᠳᠠᠯᠢ ᠪᠤᠰᠤ ᠪᠣᠯᠪᠠᠰᠤᠨ ᠢ ᠨᠢᠭᠲᠠᠷᠠᠭᠤᠯᠵᠤ ᠳᠡᠶᠢᠯᠭᠦ ᠬᠠᠮᠤᠭ ᠤᠨ ᠶᠡᠭᠡ ᠬᠠᠮᠲᠤ ᠶᠢᠨ ᠲᠠᠨᠢᠯᠲᠠ ᠮᠥᠨ᠃ ᠳᠤᠮᠳᠠᠳᠤ ᠶᠢᠨ ᠤᠯᠠᠮᠵᠢᠯᠠᠯᠲᠤ ᠰᠣᠶᠣᠯ ᠳᠤ ᠠᠭᠤᠯᠤᠭᠳᠠᠬᠤ ︽ᠥᠷᠥᠰᠢᠶᠡᠯᠲᠦ ᠬᠥᠮᠥᠨ ᠪᠤᠰᠤᠳ ᠢ ᠬᠠᠶᠢᠷᠠᠯᠠᠨ᠎ᠠ︾᠂ ︽ᠥᠪᠡᠷ ᠤᠨ ᠳᠤᠷ᠎ᠠ ᠦᠭᠡᠢ ᠵᠦᠢᠯ ᠢᠶᠠᠨ ᠪᠤᠰᠤᠳ ᠲᠤ ᠲᠤᠬᠤᠬᠤ ᠦᠭᠡᠢ︾ ᠵᠡᠷᠭᠡ ᠦᠵᠡᠯ ᠰᠠᠨᠠᠭ᠎ᠠ ᠨᠢ ᠳᠡᠯᠡᠬᠡᠢ ᠶᠢᠨ ᠤᠯᠠᠭᠠᠨ ᠵᠠᠭᠠᠯᠮᠠᠶᠢᠳᠠᠨ ᠤ ᠬᠥᠳᠡᠯᠭᠡᠭᠡᠨ ᠤ ᠵᠣᠷᠢᠯᠲᠠ ᠲᠠᠢ ᠠᠭᠤᠰᠤᠯᠴᠠᠨ ᠨᠡᠪᠲᠡᠷᠡᠯᠴᠡᠵᠦ ᠪᠠᠶᠢᠳᠠᠭ᠃ ᠳᠤᠮᠳᠠᠳᠤ ᠤᠯᠤᠰ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ ᠲᠤᠰ ᠤᠯᠤᠰ ᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠭᠰᠠᠨ ᠢᠶᠠᠷ ᠪᠠᠷᠠᠬᠤ ᠦᠭᠡᠢ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠪᠦᠭᠦ ᠪᠥᠮᠪᠥᠷᠴᠡᠭ ᠤᠨ ᠬᠥᠮᠦᠯᠢᠭ ᠦᠵᠡᠯ ᠤᠨ ᠲᠤᠰᠠᠯᠠᠮᠵᠢ ᠶᠢᠨ ᠠᠵᠢᠯᠯᠠᠭ᠎ᠠ ᠶᠢ ᠥᠷᠨᠢᠭᠦᠯᠪᠡ᠃ ᠳᠤᠮᠳᠠᠳᠤ ᠤᠯᠤᠰ ᠪᠣᠯ ᠳᠡᠯᠡᠬᠡᠢ ᠶᠢᠨ ᠬᠥᠮᠦᠯᠢᠭ ᠦᠵᠡᠯ ᠤᠨ ᠦᠢᠯᠡᠰ ᠤᠨ ᠢᠳᠡᠪᠬᠢᠲᠡᠢ ᠬᠦᠷᠢᠶᠡᠯᠡᠭᠴᠢ᠂ ᠣᠷᠣᠯᠴᠠᠭᠴᠢ ᠪᠠ ᠬᠤᠪᠢ ᠨᠡᠮᠡᠷᠢ ᠦᠵᠡᠭᠦᠯᠦᠭᠴᠢ ᠮᠥᠨ ᠭᠡᠳᠡᠭ ᠢ ᠪᠣᠳᠠᠲᠤ ᠬᠡᠷᠡᠭ ᠭᠡᠷᠡᠴᠢᠯᠡᠭᠰᠡᠨ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠤᠯᠠᠭᠠᠨ ᠵᠠᠭᠠᠯᠮᠠᠶᠢᠲᠠᠨ ᠤ ᠣᠯᠠᠨ ᠤᠯᠤᠰ ᠤᠨ ᠵᠥᠪᠯᠡᠯ ᠲᠠᠢ ᠤᠯᠠᠮ ᠨᠢᠭᠲᠠ ᠬᠠᠮᠲᠤᠷᠠᠯᠴᠠᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠵᠠᠢ᠃       ᠰᠪᠧᠯᠢᠶᠠᠯᠢᠼ᠂ ᠳᠤᠮᠳᠠᠳᠤ ᠤᠯᠤᠰ ᠤᠨ 49 ᠳ᠋ᠦ᠋ᠭᠡᠷ ᠬᠤᠭᠤᠴᠠᠭᠠᠨ ᠤ ᠨᠠᠨᠲ᠋ᠢᠩᠧᠯ ᠱᠠᠩᠨᠠᠯ ᠢ ᠭᠥᠷᠳᠡᠭᠰᠡᠨ ᠬᠥᠮᠥᠨ ᠤ ᠲᠤᠭ᠎ᠠ ᠪᠠᠷ ᠬᠠᠮᠤᠭ ᠤᠨ ᠣᠯᠠᠨ ᠤᠯᠤᠰ ᠪᠣᠯᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠡᠨᠡ ᠨᠢ ᠤᠯᠠᠭᠠᠨ ᠵᠠᠭᠠᠯᠮᠠᠶᠢᠲᠠᠨ ᠤ ᠣᠯᠠᠨ ᠤᠯᠤᠰ ᠤᠨ ᠵᠥᠪᠯᠡᠯ ᠪᠣᠯᠣᠨ ᠳᠡᠯᠡᠬᠡᠢ ᠨᠡᠶᠢᠲᠡ ᠶᠢᠨ ᠬᠢᠨ ᠳᠤᠮᠳᠠᠳᠤ ᠤᠯᠤᠰ ᠤᠨ ᠬᠥᠮᠦᠯᠢᠭ ᠦᠵᠡᠯ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠶᠢ ᠬᠠᠷᠠᠭᠤᠯᠵᠤ ᠪᠠᠶᠢᠨ᠎ᠠ᠃ ᠳᠤᠮᠳᠠᠳᠤ ᠤᠯᠤᠰ ᠤᠯᠠᠨ ᠤᠯᠤᠰ ᠤᠨ ᠬᠥᠮᠦᠯᠢᠭ ᠦᠵᠡᠯ ᠤᠨ ᠬᠠᠤᠯᠢ ᠶᠢ ᠢᠮᠠᠭᠲᠠ ᠬᠦᠨᠳᠦᠳᠬᠡᠨ ᠬᠡᠷᠡᠭᠵᠢᠭᠦᠯᠦᠭᠰᠡᠭᠡᠷ ᠢᠷᠡᠵᠠᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠡᠯᠡᠬᠡᠢ ᠶᠢᠨ ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠮᠦᠯᠢᠭ ᠦᠵᠡᠯ ᠤᠨ ᠦᠢᠯᠡᠰ ᠲᠤ ᠬᠦᠴᠦᠨ ᠨᠡᠮᠡᠷᠢᠯᠡᠪᠡ᠃ ᠤᠯᠠᠨ ᠤᠯᠤᠰ ᠤᠨ ᠬᠥᠮᠦᠯᠢᠭ ᠦᠵᠡᠯ ᠤᠨ ᠦᠢᠯᠡᠰ ᠲᠤ ᠦᠵᠡᠭᠦᠯᠦᠭᠰᠡᠨ ᠳᠤᠮᠳᠠᠳᠤ ᠤᠯᠤᠰ ᠤᠨ ᠢᠳᠡᠪᠬᠢᠲᠡᠢ ᠦᠢᠯᠡᠳᠦᠯ ᠪᠣᠯᠣᠨ ᠴᠢᠬᠤᠯᠠ ᠬᠤᠪᠢ ᠨᠡᠮᠡᠷᠢ ᠶᠢ ᠤᠯᠠᠭᠠᠨ ᠵᠠᠭᠠᠯᠮᠠᠶᠢᠳᠠᠨ ᠤ ᠤᠯᠠᠨ ᠤᠯᠤᠰ ᠤᠨ ᠵᠥᠪᠯᠡᠯ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠵᠢᠴᠢ ᠤᠯᠠᠨ ᠤᠯᠤᠰ ᠤᠨ ᠬᠥᠮᠦᠯᠢᠭ ᠦᠵᠡᠯ ᠤᠨ ᠦᠢᠯᠡᠰ ᠢ ᠠᠬᠢᠭᠤᠯᠬᠤ ᠳᠤ ᠬᠠᠮᠲᠤ ᠪᠠᠷ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠬᠤ ᠪᠠᠨ ᠢᠯᠡᠳᠬᠡᠪᠡ᠃       ᠸᠠᠩ ᠢ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ