︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠰᠬᠠᠢ ᠰᠡᠳᠦᠪᠲᠦ ᠲᠡᠭᠦᠪᠦᠷᠢ︾ ᠶᠢᠨ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠢ ᠬᠡᠪᠯᠡᠨ ᠲᠠᠷᠬᠠᠭᠠᠵᠠᠢ
ᠨᠡᠶᠢᠲᠡᠯᠡᠭᠰᠡᠨ ᠴᠠᠭ᠄
2023/9/8
      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 4 ᠤ ᠴᠠᠭᠢᠯᠭᠠᠨ ᠮᠡᠳᠡᠭᠡ     ᠪᠦᠭᠦ ᠨᠠᠮ ᠤᠨ ᠳᠣᠲᠣᠷ᠎ᠠ ᠭᠦᠨᠵᠡᠭᠡᠢ ᠥᠷᠨᠢᠭᠦᠯᠵᠦ ᠪᠠᠶᠢᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠲᠠᠢ ᠬᠠᠮᠵᠢᠯᠴᠠᠬᠤ ᠶᠢᠨ ᠲᠥᠯᠥᠭᠡ᠂ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠶᠢ ᠵᠢᠯᠣᠭᠤᠳᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠰᠬᠠᠢ ᠰᠡᠳᠦᠪᠲᠦ ᠲᠡᠭᠦᠪᠦᠷᠢ︾  ᠶᠢᠨ ᠮᠣᠩᠭᠤᠯ ᠬᠡᠯᠡ᠂ ᠲᠥᠪᠡᠳ ᠬᠡᠯᠡ᠂ ᠤᠶᠢᠭᠤᠷ ᠬᠡᠯᠡ᠂ ᠬᠠᠰᠠᠭ ᠬᠡᠯᠡ᠂ ᠰᠣᠯᠣᠩᠭᠤᠰ ᠬᠡᠯᠡ᠂ ᠢ ᠬᠡᠯᠡ᠂ ᠵᠤᠸᠠᠩ ᠬᠡᠯᠡ ᠵᠡᠷᠭᠡ 7 ᠲᠦᠷᠦᠯ ᠤᠨ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠤᠨ ᠣᠷᠴᠢᠭᠤᠯᠭ᠎ᠠ ᠶᠢᠨ ᠠᠵᠢᠯ ᠢ ᠪᠡᠶᠡᠯᠡᠭᠦᠯᠵᠦ᠂ ᠡᠨᠡ ᠡᠳᠦᠷ ᠠᠴᠠ ᠡᠬᠢᠯᠡᠨ ᠪᠦᠭᠦ ᠤᠯᠤᠰ ᠲᠤ ᠬᠡᠪᠯᠡᠭᠦᠯᠦᠨ ᠲᠠᠷᠬᠠᠭᠠᠪᠠ᠃      ︽ᠲᠤᠰᠬᠠᠢ ᠰᠡᠳᠦᠪᠲᠦ ᠲᠡᠭᠦᠪᠦᠷᠢ︾ ᠶᠢᠨ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠢ ᠬᠡᠪᠯᠡᠨ ᠲᠠᠷᠬᠠᠭᠠᠭᠰᠠᠨ ᠨᠢ ᠴᠥᠭᠡᠨ ᠲᠣᠭᠠᠲᠤ ᠦᠨᠳᠦᠰᠦᠲᠡᠨ ᠤ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠤᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠦᠨᠡᠨ ᠬᠦ ᠬᠡᠷᠡᠭᠯᠡᠵᠦ᠂ ᠡᠨᠡ ᠬᠦ ᠦᠵᠡᠯ ᠰᠠᠨᠠᠭ᠎ᠠ ᠶᠢ ᠪᠡᠶᠡᠴᠢ ᠶᠢᠷᠲᠢᠨᠴᠦ ᠪᠠ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠶᠢ ᠴᠢᠨᠠᠭᠰᠢᠳᠠ ᠠᠬᠢᠭᠤᠯᠬᠤ ᠪᠣᠯᠣᠨ᠎ᠠ᠃      ︽ᠲᠤᠰᠬᠠᠢ ᠰᠡᠳᠦᠪᠲᠦ ᠲᠡᠭᠦᠪᠦᠷᠢ︾ ᠶᠢᠨ ᠮᠣᠩᠭᠤᠯ ᠬᠡᠯᠡ᠂ ᠲᠥᠪᠡᠳ ᠬᠡᠯᠡ᠂ ᠤᠶᠢᠭᠤᠷ ᠬᠡᠯᠡ᠂ ᠬᠠᠰᠠᠭ ᠬᠡᠯᠡ᠂ ᠰᠣᠯᠣᠩᠭᠤᠰ ᠬᠡᠯᠡᠨ ᠤ ᠬᠡᠪᠯᠡᠯ ᠢ ᠦᠨᠳᠦᠰᠦᠲᠡᠨ ᠤ ᠬᠡᠪᠯᠡᠯ ᠤᠨ ᠬᠤᠷᠢᠶ᠎ᠠ ᠠᠴᠠ ᠬᠡᠪᠯᠡᠨ ᠲᠠᠷᠬᠠᠭᠠᠪᠠ᠃ ᠢ ᠬᠡᠯᠡ᠂ ᠵᠤᠸᠠᠩ ᠬᠡᠯᠡᠨ ᠤ ᠬᠡᠪᠯᠡᠯ ᠢ ᠦᠨᠳᠦᠰᠦᠲᠡᠨ ᠤ ᠬᠡᠪᠯᠡᠯ ᠤᠨ ᠬᠤᠷᠢᠶ᠎ᠠ ᠲᠤᠰ ᠲᠤᠰ ᠰᠧᠴᠤᠸᠠᠨ ᠤ ᠦᠨᠳᠦᠰᠦᠲᠡᠨ ᠤ ᠬᠡᠪᠯᠡᠯ ᠤᠨ ᠬᠤᠷᠢᠶ᠎ᠠ᠂ ᠭᠤᠸᠠᠩᠰᠢ ᠶᠢᠨ ᠦᠨᠳᠦᠰᠦᠲᠡᠨ ᠤ ᠬᠡᠪᠯᠡᠯ ᠤᠨ ᠬᠤᠷᠢᠶ᠎ᠠ ᠲᠠᠢ ᠬᠠᠮᠲᠤᠷᠠᠨ ᠬᠡᠪᠯᠡᠨ ᠲᠠᠷᠬᠠᠭᠠᠪᠠ᠃    
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ