| ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 1 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 1 ᠤ ᠡᠳᠦᠷ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠳᠤ ᠵᠠᠬᠢᠳᠠᠯ ᠢᠯᠡᠭᠡᠨ ᠪᠠᠶᠠᠷ | ᠬᠦᠷᠭᠡᠵᠦ᠂ ᠪᠥᠬᠦ ᠰᠤᠷᠭᠠᠭᠤᠯᠢ ᠶᠢᠨ ᠪᠠᠭᠰᠢ ᠰᠣᠷᠣᠭᠴᠢ ᠠᠵᠢᠯᠲᠠᠨ ᠪᠣᠯᠣᠨ ᠥᠷᠭᠡᠨ ᠣᠯᠠᠨ ᠰᠤᠷᠭᠠᠭᠤᠯᠢ ᠶᠢᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ 70 ᠵᠢᠯ ᠤᠨ ᠲᠤᠷᠰᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠡᠭᠡ ᠰᠤᠷᠭᠠᠭᠤᠯᠢ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠵᠢᠭᠠᠪᠤᠷᠢ ᠶᠢ ᠡᠷᠡᠰ | ᠲᠤᠭᠤᠰᠢᠯᠠᠭᠤᠯᠵᠤ᠂ ︽ᠬᠠᠷᠪᠢᠨ ᠤ ᠴᠡᠷᠢᠭ ᠤᠨ ᠶᠠᠪᠤᠳᠠᠯ ᠤᠨ ᠢᠨᠵᠧᠨᠧᠷᠢᠩ ᠤᠨ ᠳᠡᠭᠡᠳᠦ ᠰᠤᠷᠭᠠᠭᠤᠯᠢ︾ ᠶᠢᠨ ᠢᠷᠠᠭᠤ ᠠᠯᠳᠠᠷᠲᠤ ᠤᠯᠠᠮᠵᠢᠯᠠᠯ ᠢ ᠤᠯᠠᠮᠵᠢᠯᠠᠨ | ᠪᠠᠳᠠᠷᠠᠭᠤᠯᠵᠤ᠂ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ᠂ ᠦᠯᠡᠮᠵᠢ ᠤᠯᠠᠨ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠣᠭᠤᠮᠲᠠ ᠶᠢ ᠰᠢᠪᠲᠤᠯᠵᠤ᠂ ᠦᠯᠡᠮᠵᠢ ᠤᠯᠠᠨ ᠴᠢᠬᠤᠯᠠ ᠶᠡᠭᠡ ᠵᠡᠪᠰᠡᠭ ᠲᠣᠨᠣᠭᠯᠠᠯ ᠢ ᠰᠣᠳᠣᠯᠠᠨ ᠨᠡᠭᠡᠭᠡᠭᠰᠡᠨ ᠦᠷ᠎ᠡ ᠪᠦᠲᠦᠭᠡᠯ ᠣᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠰᠤᠷᠭᠠᠭᠤᠯᠢ | ᠪᠠᠶᠢᠭᠤᠯᠤᠭᠳᠠᠭᠰᠠᠨ 70 ᠵᠢᠯ ᠤᠨ ᠣᠶ ᠪᠠᠷ ᠰᠢᠨ᠎ᠡ ᠭᠠᠷᠤᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠣᠰᠣ | ᠰᠤᠷᠲᠠᠬᠤᠨ ᠢᠶᠠᠷ ᠬᠥᠮᠥᠨ ᠬᠥᠮᠥᠵᠢᠭᠦᠯᠬᠦ᠂ ᠳᠠᠶᠢᠨ ᠤ ᠲᠥᠯᠥᠭᠡ ᠬᠥᠮᠥᠨ ᠬᠥᠮᠥᠵᠢᠭᠦᠯᠬᠦ ᠶᠢ ᠪᠠᠷᠢᠮᠲᠠᠯᠠᠵᠤ᠂ ᠳᠡᠯᠡᠬᠡᠢ ᠶᠢᠨ ᠴᠡᠷᠢᠭ ᠤᠨ ᠶᠠᠪᠤᠳᠠᠯ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠳᠤ | ᠬᠠᠨᠳᠤᠬᠤ ᠶᠢ ᠪᠠᠷᠢᠮᠲᠠᠯᠠᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠡᠷᠡᠰ ᠰᠢᠭᠤᠷᠬᠠᠢ ᠪᠠᠷ ᠵᠠᠮ ᠨᠡᠭᠡᠭᠡᠨ ᠤᠷᠤᠭᠰᠢᠯᠠᠵᠤ᠂ ᠥᠨᠳᠥᠷ | ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠢᠨ᠎ᠡ ᠮᠠᠶ᠋ᠢᠭ ᠤᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠠᠯᠬᠤᠴᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠳᠤᠮᠳᠠ ᠴᠢᠬᠤᠯᠠ ᠦᠢᠯᠡᠳᠦᠯ ᠦᠵᠡᠭᠦᠯᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ | ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠡᠭᠦᠳᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ | ᠬᠡᠷᠡᠭᠲᠡᠢ ᠭᠡᠵᠦ ᠴᠢᠬᠤᠯᠠᠴᠢᠯᠠᠵᠠᠢ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠶᠢ | ᠪᠡᠯᠭᠡᠯᠡᠬᠦ ᠶᠡᠭᠡ ᠬᠤᠷᠠᠯ 1 ᠤ ᠦᠳᠡ ᠶᠢᠨ ᠡᠮᠦᠨ᠎ᠡ ᠴᠠᠩᠱᠠ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ | ᠨᠡᠶᠢᠲᠡᠯᠡᠪᠡ᠃ ᠲᠡᠷᠡ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠤᠭ ᠰᠠᠨᠠᠭ᠎ᠠ ᠪᠠᠨ ᠪᠠᠲᠤ ᠰᠠᠬᠢᠵᠤ᠂ ᠦᠷᠭᠦᠯᠵᠢᠯᠡᠨ ᠲᠡᠮᠡᠴᠡᠵᠦ᠂ ᠤᠯᠤᠰ ᠲᠦᠷᠦ ᠶᠢᠨ ᠵᠢᠯᠣᠭᠤᠳᠤᠮᠵᠢ ᠶᠢ | ᠴᠢᠩᠭᠠᠳᠬᠠᠬᠤ ᠶᠢ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠪᠦᠬᠦ ᠦᠢᠯᠡᠳᠦᠯᠭᠡ ᠳᠤ ᠨᠠᠶᠢᠳᠠᠪᠤᠷᠢᠵᠢᠭᠤᠯᠵᠤ᠂ ᠲᠠᠶᠢᠨ ᠳᠤ ᠪᠡᠯᠡᠳᠬᠡᠵᠦ ᠲᠠᠶᠢᠨ | ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠰᠤᠷᠭᠠᠭᠤᠯᠢ ᠡᠷᠬᠢᠯᠡᠬᠦ ᠶᠠᠰᠤ ᠴᠢᠨᠠᠷ ᠪᠣᠯᠣᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠣᠯ 1953 ᠣᠨ ᠳᠤ ᠬᠠᠷᠪᠢᠨ ᠳᠤ | ᠪᠠᠶᠢᠭᠤᠯᠤᠭᠳᠠᠭᠰᠠᠨ ᠴᠡᠷᠢᠭ ᠤᠨ ᠶᠠᠪᠤᠳᠠᠯ ᠤᠨ ᠢᠨᠵᠧᠨᠧᠷᠢᠩ ᠤᠨ ᠳᠡᠭᠡᠳᠦ ᠰᠤᠷᠭᠠᠭᠤᠯᠢ ᠠᠴᠠ ᠬᠥᠭᠵᠢᠵᠦ ᠢᠷᠡᠵᠡᠢ᠂ ᠲᠡᠷᠡ ᠪᠣᠯ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠶᠡᠷᠦᠩᠬᠡᠶᠢᠯᠡᠭᠰᠡᠨ ᠴᠢᠨᠠᠷᠲᠠᠢ ᠰᠤᠳᠤᠯᠭᠠᠨ ᠤ ᠬᠡᠯᠪᠡᠷᠢ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ | ᠰᠤᠷᠭᠠᠭᠤᠯᠢ ᠪᠣᠯᠣᠨ᠎ᠠ᠃ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠲᠤᠷᠰᠢ᠂ ᠲᠣᠰ ᠰᠤᠷᠭᠠᠭᠤᠯᠢ ᠤᠷᠢᠳ ᠬᠤᠵᠢᠳ ᠡᠯ᠎ᠡ ᠲᠥᠷᠥᠯ ᠤᠨ ᠴᠢᠳᠠᠪᠤᠷᠢᠲᠠᠨ ᠢ | 20 ᠭᠠᠷᠤᠢ ᠲᠦᠮᠨ ᠬᠥᠮᠥᠵᠢᠭᠦᠯᠦᠨ ᠬᠦᠷᠭᠡᠵᠦ᠂ ᠬᠡᠲᠦ ᠪᠣᠳᠣᠯᠲᠠ᠂ ᠳᠠᠭᠠᠭᠤᠯᠢ ᠣᠲᠣ ᠪᠠᠷ ᠵᠠᠮᠴᠢᠯᠠᠬᠤ ᠵᠡᠷᠭᠡ ᠬᠤᠰᠢᠭᠤᠷᠠᠯ ᠬᠦᠷᠢᠶᠡᠨ ᠳᠤ ᠴᠥᠭᠡᠨ ᠪᠤᠰᠤ | ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠣᠯᠪᠠ᠃ | | |