ᠠᠷᠪᠠᠨ ᠨᠢᠭᠡᠳᠦᠭᠡᠷ ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠡᠬᠢᠯᠡᠪᠡ ᠰᠢ ᠶᠢᠨ ᠫᠢᠩ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠬᠠᠨ ᠵᠧᠩ ᠬᠤᠷᠠᠯ ᠳᠤ ᠣᠷᠣᠯᠴᠠᠵᠤ ᠪᠠᠶᠠᠷ ᠬᠦᠷᠭᠡᠵᠡᠢ ᠯᠢ ᠰᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/9/8
      ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 31 ᠤ ᠴᠠᠭᠢᠯᠭᠠᠨ ᠮᠡᠳᠡᠭᠡ ᠠᠷᠪᠠᠨ ᠨᠢᠭᠡᠳᠦᠭᠡᠷ ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ 31 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠬᠠᠨ ᠵᠧᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠵᠤ ᠪᠠᠶᠠᠷ ᠬᠦᠷᠭᠡᠵᠦ᠂ ᠯᠢ ᠰᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠵᠡᠢ᠃    

9.8.1.jpg

     8 ᠰᠠᠷ᠎ᠠ ᠶᠢᠨ 31 ᠤ ᠡᠳᠦᠷ᠂ ᠠᠷᠪᠠᠨ ᠨᠢᠭᠡᠳᠦᠭᠡᠷ ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ

ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂

ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ᠂ ᠶᠡᠭᠡ

ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ

     ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠤᠨ ᠠᠭᠤᠷ ᠠᠮᠢᠰᠬᠤᠯ ᠲᠥᠪ ᠶᠡᠬᠡᠮᠰᠦᠭ ᠪᠥᠭᠡᠳ ᠭᠦᠷ ᠬᠥᠭᠵᠢᠶᠡᠨ ᠢᠶᠠᠷ ᠪᠢᠯᠬᠠᠨ᠎ᠠ᠃

ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠠᠷᠪᠠᠨ ᠨᠢᠭᠡᠳᠦᠭᠡᠷ ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ

ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ︾ ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠭᠤᠣᠯ

ᠳᠤᠮᠳᠠ ᠲᠠᠪᠤᠨ ᠲᠢᠪ ᠤᠨ ᠳᠤᠮᠳᠠᠳᠤ ᠶᠢᠨ ᠬᠠᠷᠢᠶᠠᠲᠤ ᠠᠬ᠎ᠠ ᠳᠡᠭᠦᠦ ᠨᠠᠷ ᠤᠨ ᠡᠬᠡ ᠤᠯᠤᠰ ᠤᠨ ᠢᠶᠠᠨ ᠲᠥᠯᠥᠭᠡ ᠪᠠᠶᠢᠬᠤ ᠶᠢ ᠪᠡᠯᠭᠡᠳᠡᠭᠰᠡᠨ ᠳᠤᠮᠳᠠᠳᠤ ᠤᠯᠤᠰ ᠤᠨ

ᠬᠠᠷᠢᠶᠠᠲᠤ ᠨᠠᠷ ᠤᠨ ᠬᠤᠯᠪᠤᠭ᠎ᠠ ᠶᠢᠨ ᠰᠦᠯᠳᠡ ᠶᠢ ᠡᠯᠭᠦᠵᠦ᠂ 10 ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ

ᠪᠠᠷᠠᠯᠠᠬᠤ ᠲᠠᠶᠢᠰᠠᠨ ᠳᠡᠭᠡᠷ᠎ᠡ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠥᠷᠭᠡᠨ ᠣᠯᠠᠨ ᠤᠯᠤᠰ ᠲᠠᠭᠠᠨ

ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠪᠣᠯᠣᠨ ᠭᠠᠳᠠᠭᠠᠳᠤ ᠳᠤ ᠪᠠᠶᠢᠭ᠎ᠠ ᠬᠠᠷᠢᠶᠠᠲᠤ ᠠᠬ᠎ᠠ ᠳᠡᠭᠦᠦ ᠨᠠᠷ ᠢ ᠪᠦᠯᠬᠦᠮᠳᠡᠭᠦᠯᠦᠨ

ᠨᠢᠭᠲᠠᠷᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ

ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠲᠡᠮᠡᠴᠡᠵᠡᠭᠡᠶ᠎ᠡ︕︾ ᠭᠡᠬᠦ ᠲᠣᠮᠣ ᠬᠥᠨᠳᠡᠯᠡᠨ ᠪᠢᠴᠢᠭᠡᠰᠦ ᠶᠢ ᠡᠯᠭᠦᠵᠡᠢ᠃ ᠪᠦᠭᠦ

ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ 1200 ᠰᠢᠬᠠᠮ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ

ᠪᠦᠯᠢ ᠶᠢᠨ ᠲᠥᠯᠥᠭᠡᠯᠡᠭᠴᠢ ᠪᠣᠯᠣᠨ 100 ᠭᠠᠷᠤᠢ ᠤᠯᠤᠰ ᠠᠴᠠ ᠢᠷᠡᠭᠰᠡᠨ 600 ᠰᠢᠬᠠᠮ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠣᠨᠴᠠ

ᠤᠷᠢᠭᠰᠠᠨ ᠵᠣᠴᠢᠳ ᠨᠢᠭᠡ ᠲᠠᠩᠬᠢᠮ ᠳᠤ ᠴᠤᠭᠯᠠᠷᠠᠪᠠ᠃

     ᠦᠳᠡ ᠶᠢᠨ ᠡᠮᠦᠨᠡᠬᠢ 10 ᠴᠠᠭ ᠲᠤ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ

ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ ᠲᠠᠯᠠᠪᠠᠢ ᠳᠤ ᠠᠯᠬᠤᠨ ᠣᠷᠣᠬᠤ ᠳᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ

ᠲᠠᠰᠢᠵᠠᠭᠠᠪᠠ᠃

     ᠶᠡᠭᠡ ᠬᠤᠷᠠᠯ ᠰᠦᠷ ᠵᠢᠪᠬᠤᠯᠠᠩᠲᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃

     ᠯᠢ ᠰᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ︽ᠤᠯᠤᠰ ᠤᠨ ᠬᠦᠴᠦᠷᠬᠡᠭᠵᠢᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠷᠢᠶᠠᠲᠤ

ᠨᠠᠷ ᠤᠨ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠰᠤᠭᠠᠢ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ᠂ ᠶᠡᠭᠡ ᠬᠤᠷᠠᠯ ᠤᠨ

ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠥᠷᠭᠡᠨ ᠤᠯᠠᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ

ᠪᠦᠯᠢ ᠪᠣᠯᠣᠨ ᠭᠠᠳᠠᠭᠠᠳᠤ ᠳᠤ ᠪᠠᠶᠢᠭ᠎ᠠ ᠬᠠᠷᠢᠶᠠᠲᠤ ᠠᠬ᠎ᠠ ᠳᠡᠭᠦᠦ ᠨᠠᠷ᠂ ᠬᠠᠷᠢᠶᠠᠲᠤ ᠨᠠᠷ ᠤᠨ ᠬᠤᠯᠪᠤᠭ᠎ᠠ ᠶᠢᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ

ᠳᠡᠪᠰᠢᠭᠦᠯᠪᠡ᠃ 

9.8.2.jpg

     8 ᠰᠠᠷ᠎ᠠ ᠶᠢᠨ 31 ᠤ ᠡᠳᠦᠷ᠂ ᠠᠷᠪᠠᠨ ᠨᠢᠭᠡᠳᠦᠭᠡᠷ ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ

ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ

ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ

ᠫᠢᠩ ᠲᠡᠷᠢᠭᠦᠯᠡᠭᠴᠢᠳ ᠤᠨ ᠲᠠᠶᠢᠰᠠᠨ ᠠᠴᠠ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠲᠤ ᠮᠡᠨᠳᠦᠴᠢᠯᠡᠯ ᠬᠦᠷᠭᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ

ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ

      ᠯᠢ ᠰᠢ ᠪᠠᠶᠠᠷ ᠤᠨ ᠦᠭᠡ ᠳᠡᠭᠡᠨ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠪᠠᠳᠤᠭᠠᠷ ᠤᠳᠠᠭ᠎ᠠ ᠶᠢᠨ ᠪᠦᠭᠦ

ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠠᠴᠠ

ᠨᠠᠭᠠᠰᠢ᠂ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠪᠣᠯᠣᠨ ᠡᠯ᠎ᠡ ᠱᠠᠲᠤᠨ ᠤ ᠬᠠᠷᠢᠶᠠᠲᠤ ᠨᠠᠷ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂

ᠶᠡᠷᠦᠩᠬᠡᠢ ᠱᠦᠵᠢ ᠰᠢ ᠶᠢᠨ ᠫᠢᠩ ᠤᠨ ᠬᠠᠷᠢᠶᠠᠲᠤ ᠨᠠᠷ ᠤᠨ ᠠᠵᠢᠯ ᠪᠣᠯᠣᠨ ᠣᠯᠠᠨ ᠲᠦᠮᠡᠨ ᠤ ᠪᠦᠯᠭᠦᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ

ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ᠂ ᠬᠠᠷᠢᠶᠠᠲᠤ ᠠᠬ᠎ᠠ ᠳᠡᠭᠦᠦ ᠨᠠᠷ ᠲᠤ

ᠦᠢᠯᠡᠴᠢᠯᠡᠬᠦ ᠶᠢ ᠪᠠᠷᠢᠮᠲᠠᠯᠠᠵᠤ᠂ ᠡᠭᠦᠷᠭᠡ ᠴᠢᠳᠠᠪᠬᠢ ᠪᠠᠨ ᠪᠦᠭᠦ ᠲᠠᠯ᠎ᠠ ᠪᠠᠷ ᠭᠦᠢᠴᠡᠳᠬᠡᠵᠦ᠂ ᠬᠠᠷᠢᠶᠠᠲᠤ ᠨᠠᠷ ᠤᠨ ᠬᠤᠯᠪᠤᠭ᠎ᠠ ᠶᠢᠨ ᠤᠯᠤᠰ ᠲᠥᠷᠥ ᠶᠢᠨ ᠴᠢᠨᠠᠷ᠂

ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠲᠠᠰᠤᠷᠠᠯᠲᠠ ᠦᠭᠡᠢ ᠴᠢᠩᠭᠠᠷᠠᠵᠤ᠂ ᠵᠣᠬᠢᠶᠠᠨ ᠪᠠᠶᠢᠭᠤᠯᠬᠤ ᠬᠦᠴᠦᠨ᠂ ᠨᠥᠯᠥᠭᠡᠯᠡᠬᠦ ᠬᠦᠴᠦᠨ ᠲᠠᠰᠤᠷᠠᠯᠲᠠ ᠦᠭᠡᠢ

ᠳᠡᠭᠡᠭᠰᠢᠯᠡᠪᠡ᠃ ᠥᠷᠭᠡᠨ ᠣᠯᠠᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠪᠣᠯᠣᠨ ᠭᠠᠳᠠᠭᠠᠳᠤ ᠳᠤ

ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠢᠮᠠᠭᠲᠠ ᠡᠬᠡ ᠤᠯᠤᠰ ᠲᠠᠢ ᠪᠠᠨ ᠬᠠᠮᠲᠤ ᠪᠠᠷ ᠡᠷᠡᠮᠡᠬᠡᠶᠢᠯᠡᠨ ᠲᠡᠮᠡᠴᠡᠵᠦ᠂ ᠠᠷᠠᠳ ᠲᠦᠮᠡᠨ ᠲᠠᠢ ᠬᠠᠮᠲᠤ ᠪᠠᠷ ᠲᠡᠮᠡᠴᠡᠵᠦ᠂

ᠠᠵᠤ ᠠᠬᠤᠢ ᠶᠢᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠢᠵᠢᠭ ᠲᠠᠢ ᠲᠡᠮᠡᠴᠡᠬᠦ᠂ ᠭᠠᠳᠠᠭᠠᠳᠤ ᠨᠡᠭᠡᠭᠡᠯᠲᠡ᠂ ᠰᠢᠶᠠᠩᠭᠠᠩ

ᠣᠣᠮᠧᠨ ᠤ ᠣᠷᠳᠣ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠬᠤ ᠪᠠ ᠡᠬᠡ ᠤᠯᠤᠰ ᠤᠨ ᠨᠢᠭᠡᠳᠦᠯ ᠢ ᠠᠬᠢᠭᠤᠯᠬᠤ ᠵᠡᠷᠭᠡ

ᠲᠠᠯ᠎ᠠ ᠪᠠᠷ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠬᠡᠯᠡᠪᠡ᠃

     ᠯᠢ ᠰᠢ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ

ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ

ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠣᠯ ᠨᠠᠮ ᠤᠨ ᠭᠤᠣᠯ ᠡᠭᠦᠷᠭᠡ ᠮᠥᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ

ᠥᠬᠢᠳ ᠤᠨ ᠬᠠᠮᠲᠤ ᠶᠢᠨ ᠴᠢᠷᠮᠠᠶᠢᠯᠭ᠎ᠠ ᠶᠢ ᠱᠠᠭᠠᠷᠳᠠᠨ᠎ᠠ᠃ ᠥᠷᠭᠡᠨ ᠤᠯᠠᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠣᠯᠣᠨ

ᠬᠠᠷᠢᠶᠠᠲᠤ ᠶᠢᠨ ᠭᠡᠷ ᠪᠦᠯᠢ ᠶᠢᠨ ᠬᠢᠨ ᠨᠠᠮ ᠪᠣᠯᠣᠨ ᠠᠷᠠᠳ ᠲᠦᠮᠡᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠰᠢᠨ᠎ᠡ ᠬᠥᠭᠵᠢᠯᠲᠡ ᠶᠢᠨ

ᠪᠠᠶᠢᠷᠢᠰᠢᠯ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠡᠬᠡ ᠤᠯᠤᠰ ᠤᠨ ᠨᠢᠭᠡᠳᠦᠯ ᠢ ᠠᠬᠢᠭᠤᠯᠬᠤ ᠳᠤ ᠨᠡᠩ ᠶᠡᠭᠡ

ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ

ᠴᠣᠭᠴᠠ ᠶᠢ ᠪᠠᠶᠢᠭᠤᠯᠬᠤ ᠶᠢ ᠠᠬᠢᠭᠤᠯᠬᠤ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠵᠤ᠂ ᠡᠬᠡ ᠤᠯᠤᠰ ︵ᠤᠭ ᠨᠤᠲᠤᠭ︶ ᠪᠠ ᠣᠷᠣᠰᠢᠨ ᠰᠠᠭᠤᠭ᠎ᠠ

ᠤᠯᠤᠰ ᠤᠨ ᠬᠥᠭᠵᠢᠯᠲᠡ ᠶᠢ ᠠᠬᠢᠭᠤᠯᠬᠤ ᠳᠤᠮᠳᠠ ᠲᠣᠰ ᠪᠡᠶ᠎ᠡ ᠶᠢᠨ ᠨᠠᠩ ᠶᠡᠭᠡ ᠬᠥᠭᠵᠢᠯᠲᠡ ᠪᠠᠨ ᠪᠡᠶᠡᠯᠡᠭᠦᠯᠵᠦ᠂ ᠪᠦᠯᠬᠦᠮᠳᠡᠨ ᠲᠡᠮᠡᠴᠡᠬᠦ ᠠᠤᠭ᠎ᠠ ᠬᠦᠴᠦᠨ ᠢ

ᠨᠢᠭᠲᠠᠷᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠬᠠᠮᠲᠤ ᠪᠠᠷ ᠡᠭᠦᠷᠭᠡᠯᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ

ᠢᠷᠠᠭᠤ ᠠᠯᠳᠠᠷ ᠢ ᠬᠠᠮᠲᠤ ᠪᠠᠷ ᠡᠳ᠋ᠯᠡᠬᠦ ᠳᠤᠮᠳᠠ ᠨᠠᠩ ᠶᠡᠭᠡ ᠰᠢᠨ᠎ᠡ ᠠᠮᠵᠢᠯᠲᠠ ᠪᠦᠲᠦᠮᠵᠢ ᠶᠢ ᠡᠭᠦᠳᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃

    ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠠ ᠳ᠋ᠦᠩ ᠳᠤᠮᠳᠠᠳᠤ ᠶᠢᠨ ᠪᠦᠭᠦ

ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠳᠤᠮᠳᠠᠳᠤ ᠶᠢᠨ ᠪᠦᠭᠦ

ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ

ᠨᠡᠶᠢᠭᠡᠮᠯᠢᠭ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠡᠶᠢᠭᠡᠮᠯᠢᠭ᠂ ᠳᠤᠮᠳᠠᠳᠤ ᠶᠢᠨ ᠪᠦᠭᠦ ᠤᠯᠤᠰ ᠤᠨ ᠲᠠᠶᠢᠸᠠᠨ ᠤ ᠠᠬ᠎ᠠ ᠳᠡᠭᠦᠦ

ᠨᠠᠷ ᠤᠨ ᠨᠥᠬᠦᠷᠯᠡᠯ ᠤᠨ ᠬᠤᠯᠪᠤᠭ᠎ᠠ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ᠃

ᠪᠠᠶᠠᠷ ᠤᠨ ᠦᠭᠡ ᠳᠤ᠂ ᠡᠯ᠎ᠡ ᠣᠯᠠᠨ ᠲᠦᠮᠡᠨ ᠤ ᠪᠦᠯᠭᠦᠮ ᠵᠣᠬᠢᠶᠠᠨ ᠪᠠᠶᠢᠭᠤᠯᠤᠯᠲᠠ ᠶᠢᠨ ᠬᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂

ᠬᠠᠷᠢᠯᠴᠠᠨ ᠰᠤᠷᠤᠯᠴᠠᠵᠤ᠂ ᠨᠢᠭᠲᠠ ᠬᠠᠮᠲᠤᠷᠠᠯᠴᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ

ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠣᠯᠠᠨ ᠲᠦᠮᠡᠨ ᠤ ᠪᠦᠯᠭᠦᠮ ᠤᠨ ᠠᠵᠢᠯ ᠤᠨ ᠰᠢᠨ᠎ᠡ ᠪᠠᠶᠢᠳᠠᠯ ᠢ ᠬᠠᠮᠲᠤ ᠪᠠᠷ ᠡᠭᠦᠳᠬᠦ ᠬᠡᠷᠡᠭᠲᠡᠢ ᠭᠡᠵᠦ ᠵᠢᠭᠠᠵᠤ

ᠭᠠᠷᠭᠠᠪᠠ᠃

     ᠬᠤᠷᠠᠯ ᠳᠡᠭᠡᠷ᠎ᠡ ︽ᠳᠤᠮᠳᠠᠳᠤ ᠤᠯᠤᠰ ᠤᠨ ᠬᠠᠷᠢᠶᠠᠲᠤ ᠨᠠᠷ ᠤᠨ ᠡᠲᠡᠭᠡᠳ ᠤᠨ ᠭᠠᠷᠮᠠᠭᠠᠢ ᠬᠥᠮᠥᠰ ᠪᠠ ᠪᠦᠭᠦ ᠤᠯᠤᠰ ᠤᠨ ᠤᠯᠤᠰ ᠲᠠᠭᠠᠨ ᠪᠤᠴᠠᠵᠤ

ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ

ᠤᠯᠤᠰ ᠤᠨ ᠬᠠᠷᠢᠶᠠᠲᠤ ᠨᠠᠷ ᠤᠨ ᠬᠤᠯᠪᠤᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ ᠤᠨ ᠲᠣᠭᠲᠠᠭᠠᠯ︾᠂ ︽

ᠪᠦᠭᠦ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠢ

ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠲᠣᠭᠲᠠᠭᠠᠯ︾᠂

︽ᠪᠦᠭᠦ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠰᠢᠰᠲ᠋ᠧᠮ ᠤᠨ ᠲᠡᠷᠢᠭᠦᠨ ᠤ ᠵᠣᠬᠢᠶᠠᠨ ᠪᠠᠶᠢᠭᠤᠯᠤᠯᠲᠠ ᠪᠠ ᠲᠡᠷᠢᠭᠦᠨ ᠤ ᠬᠤᠪᠢ ᠬᠥᠮᠥᠨ ᠢ ᠬᠥᠬᠢᠭᠦᠯᠦᠨ

ᠰᠠᠶᠢᠰᠢᠶᠠᠬᠤ ᠲᠤᠬᠠᠢ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠭᠰᠡᠨ ᠪᠥᠭᠡᠳ ᠱᠠᠩᠨᠠᠯ ᠣᠯᠣᠭᠰᠠᠨ

ᠨᠢᠭᠡᠴᠢ ᠪᠠ ᠬᠤᠪᠢ ᠬᠥᠮᠥᠨ ᠳᠤ ᠱᠠᠩᠨᠠᠯ ᠭᠠᠷᠳᠠᠭᠤᠯᠪᠠ᠃

     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠸᠠᠨ ᠯᠢ ᠵᠢᠶᠦ᠋ᠨ ᠳᠤᠮᠳᠠᠳᠤ ᠤᠯᠤᠰ ᠤᠨ ᠬᠠᠷᠢᠶᠠᠲᠤ ᠨᠠᠷ ᠤᠨ

ᠬᠤᠯᠪᠤᠭ᠎ᠠ ᠶᠢᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠥᠷᠭᠡᠨ ᠤᠯᠠᠨ ᠤᠯᠤᠰ ᠲᠠᠭᠠᠨ ᠪᠤᠴᠠᠵᠤ ᠢᠷᠡᠭᠰᠡᠨ

ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠬᠢᠨ ᠢ ᠪᠦᠯᠬᠦᠮᠳᠡᠭᠦᠯᠦᠨ ᠨᠢᠭᠲᠠᠷᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ

ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠲᠡᠮᠡᠴᠡᠵᠡᠭᠡᠶ᠎ᠡ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃

      ᠸᠠᠩ ᠢ᠂ ᠱᠢ ᠲᠠᠢ ᠹᠧᠩ᠂ ᠯᠢ ᠭᠠᠨ ᠵᠢᠶᠧ᠂ ᠯᠢ ᠱᠣ᠋ ᠯᠧᠢ᠂ ᠴᠧᠨ ᠸᠧᠨ ᠴᠢᠩ᠂ ᠸᠠᠩ ᠰᠢᠶᠣᠣ ᠬᠤᠩ᠂ ᠯᠣᠪᠰᠠᠩᠵᠠᠯᠰᠠᠨ᠂ ᠰᠢᠶᠠᠨ ᠬᠤᠢ

ᠬᠤᠷᠠᠯ ᠳᠤ ᠣᠷᠣᠯᠴᠠᠵᠠᠢ᠃

      ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ

ᠪᠦᠬᠦᠢ ᠨᠢᠭᠡᠴᠢ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠪᠣᠯᠣᠨ ᠪᠦᠭᠦ

ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠵᠢᠴᠢ ᠨᠡᠶᠢᠰᠯᠡᠯ ᠤᠨ ᠬᠠᠷᠢᠶᠠᠲᠤ ᠨᠠᠷ ᠤᠨ ᠤᠯᠠᠨ ᠲᠦᠮᠡᠨ ᠤ ᠲᠥᠯᠥᠭᠡᠯᠡᠭᠴᠢᠳ

ᠡᠭᠢᠯᠡᠯᠲᠡ ᠶᠢᠨ ᠬᠤᠷᠠᠯ ᠳᠤ ᠣᠷᠣᠯᠴᠠᠵᠠᠢ᠃

     

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ