ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ ᠳᠠᠨᠢᠯᠴᠠᠭᠤᠯᠬᠤ ᠳᠤᠰᠬᠠᠢ ᠴᠢᠳᠠᠪᠤᠷᠢᠳᠠᠨ ᠤ ᠠᠩᠬᠠᠨ ᠤ ᠰᠢᠯᠭᠠᠷᠠᠭᠤᠯᠤᠯᠲᠠ ᠳᠠᠭᠤᠰᠪᠠ
ᠨᠡᠶᠢᠲᠡᠯᠡᠭᠰᠡᠨ ᠴᠠᠭ᠄
2023/9/8
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠪᠦᠬᠦ ᠣᠷᠣᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ ᠳᠠᠨᠢᠯᠴᠠᠭᠤᠯᠬᠤ ᠳᠤᠰᠬᠠᠢ ᠴᠢᠳᠠᠪᠤᠷᠢᠳᠠᠨ ᠤ ᠠᠩᠬᠠᠨ ᠤ ᠰᠢᠯᠭᠠᠷᠠᠭᠤᠯᠤᠯᠲᠠ ᠳᠠᠭᠤᠰᠴᠤ᠂ 12 ᠠᠶᠢᠮᠠᠭ ᠬᠤᠲᠠ ᠶᠢᠨ 60 ᠬᠦᠮᠦᠨ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠬᠢᠷᠢ ᠬᠡᠮ ᠢ ᠤᠯᠪᠠ᠃      ᠣᠶᠢᠯᠠᠭᠠᠭᠰᠠᠨ ᠢᠶᠠᠷ᠂ ᠪᠦᠬᠦ ᠣᠷᠣᠨ ᠠᠴᠠ ᠨᠡᠶᠢᠲᠡ 219 ᠬᠦᠮᠦᠨ ᠰᠢᠯᠭᠠᠷᠠᠭᠤᠯᠤᠯᠳᠠ ᠳᠤ ᠣᠷᠣᠯᠴᠠᠬᠤ ᠪᠠᠷ ᠨᠡᠷ᠎ᠡ ᠮᠡᠳᠡᠭᠦᠯᠵᠦ᠂ ᠡᠴᠦᠰ ᠲᠡᠭᠡᠨ 161 ᠬᠦᠮᠦᠨ ᠤᠷᠤᠯᠳᠤᠭᠠᠨ ᠳᠤ ᠣᠷᠣᠯᠴᠠᠬᠤ ᠬᠢᠷᠢ ᠭᠡᠮ ᠳᠤ ᠨᠡᠶᠢᠴᠡᠭᠰᠡᠨ ᠪᠥᠭᠡᠳ ᠵᠣᠬᠢᠶᠠᠨ ᠪᠠᠶᠢᠭᠤᠯᠬᠤ ᠺᠣᠮᠢᠰ ᠲᠤ ᠨᠤᠲᠤᠭ ᠤᠨ ᠢᠶᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ ᠤᠬᠠᠭᠤᠯᠤᠨ ᠲᠠᠨᠢᠯᠴᠠᠭᠤᠯᠤᠭᠰᠠᠨ ᠸᠢᠳᠢᠣ᠋ ᠪᠦᠲᠦᠭᠡᠯ ᠢ ᠮᠡᠳᠡᠭᠦᠯᠦᠨ ᠬᠦᠷᠭᠡᠭᠰᠡᠨ ᠪᠠᠶᠢᠨ᠎ᠠ᠃ ᠲᠤᠰᠬᠠᠢ ᠮᠡᠷᠭᠡᠵᠢᠯᠲᠡᠳ ᠠᠳᠠᠯᠢ ᠪᠤᠰᠤ ᠲᠤᠰᠬᠠᠢ ᠮᠡᠷᠭᠡᠵᠢᠯ ᠤᠨ ᠲᠠᠯ᠎ᠠ ᠠᠴᠠ ᠰᠢᠯᠭᠠᠷᠠᠭᠤᠯᠬᠤ ᠪᠠᠷ ᠳᠠᠮᠵᠢᠨ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠰᠦᠯᠵᠢᠶᠡᠨ ᠤ ᠨᠡᠷᠡᠳᠤ ᠬᠥᠮᠦᠰ ᠢ ᠨᠡᠶᠢᠲᠡ 60 ᠨᠡᠷᠡᠰ ᠰᠢᠯᠭᠠᠷᠠᠭᠤᠯᠤᠨ ᠭᠠᠷᠭᠠᠵᠤ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠬᠤ ᠪᠠᠷ ᠳᠤᠭᠳᠠᠵᠠᠢ᠃         ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ ᠳᠠᠨᠢᠯᠴᠠᠭᠤᠯᠬᠤ ᠳᠤᠰᠬᠠᠢ ᠴᠢᠳᠠᠪᠤᠷᠢᠳᠠᠨ ᠢ ᠰᠢᠯᠭᠠᠷᠠᠭᠤᠯᠬᠤ ᠤᠷᠤᠯᠳᠤᠭᠠᠨ 7 ᠰᠠᠷ᠎ᠠ ᠶᠢᠨ 24 ᠤ ᠡᠳᠦᠷ ᠲᠤ ᠡᠬᠢᠯᠡᠭᠰᠡᠨ ᠠᠴᠠ ᠨᠠᠭᠠᠰᠢ 12 ᠠᠶᠢᠮᠠᠭ ᠬᠤᠲᠠ ᠶᠢᠨ ᠮᠠᠯᠴᠢᠨ ᠲᠠᠷᠢᠶᠠᠴᠢᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ︽ᠰᠦᠯᠵᠢᠶᠡᠨ ᠤ ᠤᠷ᠎ᠠ ᠠᠪᠢᠶᠠᠰᠳᠠᠨ︾ ᠢᠳᠡᠪᠬᠢᠲᠡᠢ ᠪᠠᠷ ᠨᠡᠷ᠎ᠡ ᠮᠡᠳᠡᠭᠦᠯᠵᠦ᠂ ᠠᠯᠢ ᠣᠯᠠᠨ ᠴᠢᠨᠠᠷ ᠰᠠᠶᠢᠲᠠᠢ᠂ ᠨᠥᠯᠥᠭᠡᠯᠡᠬᠦ ᠬᠦᠴᠦᠨ ᠢᠶᠠᠷ ᠴᠢᠩᠭ᠎ᠠ ᠸᠢᠳᠢᠣ᠋ ᠪᠦᠳᠦᠭᠡᠯ ᠢ ᠰᠡᠭᠦᠳᠡᠷᠯᠡᠨ ᠦᠢᠯᠡᠳᠴᠦ᠂ ᠡᠯ᠎ᠡ ᠠᠶᠢᠮᠠᠭ ᠬᠤᠲᠠ ᠶᠢᠨ ᠥᠪᠡᠷᠮᠢᠴᠡ ᠣᠨᠴᠠᠯᠢᠭᠳᠤ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠤ ᠰᠦᠯᠵᠢᠶᠡᠨ ᠳᠠᠬᠢ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠳᠠᠷᠠᠭᠠᠴᠢ ᠪᠠᠷ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ ᠳᠠᠨᠢᠯᠴᠠᠭᠤᠯᠬᠤ ᠳᠤᠰᠬᠠᠢ ᠴᠢᠳᠠᠪᠤᠷᠢᠳᠠᠨ ᠤ ᠪᠣᠯᠪᠠᠰᠣᠷᠠᠯ᠂ ᠰᠢᠭᠤᠳ ᠨᠡᠪᠲᠡᠷᠡᠭᠦᠯᠬᠡ ᠬᠢᠵᠤ ᠲᠠᠨᠢᠯᠴᠠᠭᠤᠯᠬᠤ᠂ ᠸᠢᠳᠢᠣ᠋ ᠦᠢᠯᠡᠳᠬᠦ ᠵᠡᠷᠭᠡ ᠶᠢ ᠵᠤᠬᠢᠶᠠᠨ ᠪᠠᠶᠢᠭᠤᠯᠤᠨ ᠥᠷᠨᠢᠭᠦᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠢᠴᠢ ᠸᠢᠳᠢᠣ᠋ ᠰᠡᠭᠦᠳᠡᠷᠯᠡᠨ ᠦᠢᠯᠡᠳᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠮᠠᠨ ᠤ ᠣᠷᠣᠨ ᠤ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ ᠨᠡᠩ ᠰᠠᠶᠢᠳᠤᠷ ᠤᠬᠠᠭᠤᠯᠤᠨ ᠲᠠᠨᠢᠯᠴᠠᠭᠤᠯᠬᠤ ᠪᠠᠷ ᠪᠤᠢ᠃ 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ