ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠭᠦᠯᠡᠩ ᠤᠨ ᠴᠤᠭᠯᠠᠭᠠᠨ ᠶᠠᠪᠤᠭᠳᠠᠬᠤ ᠪᠠᠷ ᠪᠤᠢ
ᠨᠡᠶᠢᠲᠡᠯᠡᠭᠰᠡᠨ ᠴᠠᠭ᠄
2023/9/8
     9 ᠰᠠᠷ᠎ᠠ ᠶᠢᠨ 3 ᠤ ᠡᠳᠦᠷ ᠬᠦᠬᠡᠬᠤᠳᠠ ᠳᠤ ᠬᠤᠷᠠᠯᠳᠤᠭᠰᠠᠨ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠭᠦᠯᠡᠩ ᠤᠨ ᠴᠤᠭᠯᠠᠭᠠᠨ 9 ᠰᠠᠷ᠎ᠠ ᠶᠢᠨ 12 — 16 ᠤ ᠡᠳᠦᠷ ᠪᠣᠯᠲᠠᠯ᠎ᠠ ᠪᠠᠶᠠᠨᠨᠠᠭᠤᠷ ᠬᠤᠳᠠ ᠳᠤ ᠶᠠᠪᠤᠭᠳᠠᠬᠤ ᠪᠤᠯᠤᠨ᠎ᠠ᠃      ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ᠂ ᠥᠪᠥᠷ ᠮᠣᠩᠭᠤᠯ ᠤᠨ ᠦᠪᠡᠷᠮᠢᠴᠡ ᠤᠨᠴᠠᠯᠢᠭᠳᠤ ᠮᠠᠯ ᠠᠵᠤ ᠠᠬᠤᠢ ᠶᠢᠨ ᠦᠵᠡᠭᠦᠯᠭᠡ᠂ ᠣᠳᠣ ᠦᠶ᠎ᠡ ᠶᠢᠨ ᠦᠷ᠎ᠡ ᠶᠢᠨ ᠦᠢᠯᠡᠰ ᠤᠨ ᠦᠵᠡᠭᠦᠯᠭᠡ᠂ ᠣᠳᠣ ᠦᠶ᠎ᠡ ᠶᠢᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠦᠵᠡᠭᠦᠯᠭᠡ᠂ ᠪᠠᠶᠠᠨᠨᠠᠭᠤᠷ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠵᠡᠷᠭᠡ ᠲᠠᠪᠤᠨ ᠶᠡᠭᠡ ᠭᠤᠣᠯ ᠰᠡᠳᠦᠪᠲᠦ ᠦᠵᠡᠭᠦᠯᠭᠡ ᠶᠢ ᠡᠷᠬᠢᠯᠡᠬᠦ ᠪᠤᠯᠤᠨ᠎ᠠ᠃ ᠡᠭᠦᠨ ᠤ ᠬᠠᠮᠳᠤ ᠪᠠᠰᠠ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠲᠤᠬᠠᠢ ᠶᠠᠷᠢᠯᠴᠠᠭ᠎ᠠ ᠰᠤᠯᠢᠯᠴᠠᠭ᠎ᠠ᠂ ᠠᠵᠤ ᠠᠬᠤᠢ ᠠᠷᠠᠯᠵᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠵᠥᠪᠳᠡᠯᠴᠡᠭᠡᠷ᠂ ︽ᠲᠡᠭᠷᠢ ᠶᠢᠨ ᠬᠡᠰᠢᠭᠳᠦ ᠪᠣᠷᠣᠲᠣᠬᠤᠢ︾ ᠲᠦᠷᠦᠯ ᠲᠡᠮᠳᠡᠭ ᠤᠨ ᠲᠠᠪᠤᠨ ᠵᠢᠯ ᠤᠨ ᠣᠢ ᠶᠢ ᠳᠤᠷᠠᠰᠬᠠᠬᠤ ᠠᠵᠢᠯᠯᠠᠭ᠎ᠠ᠂ ᠲᠤᠬᠠᠢ ᠶᠢᠨ ᠭᠠᠵᠠᠷ ᠲᠤ ᠰᠢᠨᠵᠢᠯᠡᠨ ᠪᠠᠶᠢᠴᠠᠭᠠᠯᠲᠠ ᠬᠢᠭᠦ᠂ ᠪᠣᠷᠣᠲᠣᠬᠤᠢ ᠶᠢᠨ ᠠᠮᠲᠠᠲᠤ ᠢᠳᠡᠭᠡᠨ ᠤ ᠰᠣᠶᠣᠯ ᠤᠨ ᠨᠠᠶᠢᠷ᠂ ᠪᠣᠷᠣᠲᠣᠬᠤᠢ ᠶᠢᠨ ᠰᠣᠶᠣᠯ ᠤᠷᠠᠯᠢᠭ ᠤᠨ ᠦᠵᠡᠭᠦᠯᠭᠡ ᠶᠢᠨ ᠲᠣᠭᠯᠠᠯᠲᠠ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠳᠡᠯᠭᠡᠨ ᠦᠵᠡᠬᠦᠯᠵᠦ ᠨᠡᠪᠲᠡᠷᠡᠭᠦᠯᠬᠦ ᠵᠡᠷᠭᠡ ᠰᠢᠷᠢᠰ ᠠᠵᠢᠯᠯᠠᠭ᠎ᠠ ᠥᠷᠨᠢᠭᠦᠯᠦᠨ᠎ᠡ᠃      ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ ᠪᠦᠬᠦ ᠤᠯᠤᠰ ᠤᠨ ᠬᠠᠮᠢᠶ᠎ᠠ ᠪᠦᠬᠦᠢ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠤᠷᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠤᠯᠤᠨ ᠶᠡᠭᠡ ᠳᠡᠭᠡᠳᠦ ᠰᠤᠷᠭᠠᠭᠤᠯᠢ ᠵᠢᠴᠢ ᠳᠠᠭᠠᠭᠤᠯᠤᠭᠴᠢ ᠠᠵᠤ ᠠᠬᠤᠶᠢᠯᠠᠯ ᠢ ᠤᠷᠢᠵᠤ ᠣᠷᠣᠯᠴᠠᠭᠤᠯᠤᠨ᠎ᠠ︔ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠳᠤᠬᠠᠢ ᠶᠠᠷᠢᠯᠴᠠᠭ᠎ᠠ ᠰᠣᠯᠢᠯᠴᠠᠭ᠎ᠠ ᠳᠤ ᠤᠯᠤᠰ ᠤᠨ ᠳᠣᠲᠣᠭᠠᠳᠤ ᠶᠢᠨ ᠨᠡᠷᠡᠲᠦ ᠠᠺᠠᠳᠧᠮᠢᠴᠢ ᠲᠤᠰᠬᠠᠢ ᠮᠡᠷᠭᠡᠵᠢᠯᠲᠡᠨ ᠢ ᠤᠷᠢᠵᠤ ᠭᠤᠣᠯ ᠵᠣᠷᠢᠯᠲᠠᠳᠤ ᠶᠠᠷᠢᠶ᠎ᠠ ᠢᠯᠡᠳᠭᠡᠯ ᠬᠢᠯᠭᠡᠨ᠎ᠡ︔ ᠠᠵᠤ ᠠᠬᠤᠢ ᠠᠷᠠᠯᠵᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠵᠥᠪᠳᠡᠯᠴᠡᠭᠡᠷ ᠲᠤ ᠭᠤᠣᠯᠳᠠᠭᠤ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠲᠠᠭᠠᠭᠤᠯᠤᠭᠴᠢ ᠠᠵᠤ ᠠᠬᠤᠶᠢᠯᠠᠯ ᠢ ᠤᠷᠢᠵᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠵᠦᠪᠳᠡᠯᠴᠡᠭᠡᠷ ᠲᠣᠭᠲᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠷ᠎ᠡ ᠪᠦᠲᠦᠭᠡᠯ ᠢ ᠲᠠᠨᠢᠯᠴᠠᠭᠤᠯᠬᠤ ᠵᠡᠷᠭᠡ ᠠᠵᠢᠯᠯᠠᠭ᠎ᠠ ᠥᠷᠨᠢᠭᠦᠯᠦᠨ᠎ᠡ᠃    
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ