ᠰᠢᠨᠵᠢᠯᠡᠨ ᠪᠠᠶᠢᠴᠠᠭᠠᠭᠰᠠᠨ ᠴᠡᠭ᠄ | ᠤᠯᠠᠭᠠᠨᠰᠤᠬᠠᠢ ᠶᠢᠨ ᠡᠮᠦᠨ᠎ᠡ ᠬᠥᠪᠡᠭᠡᠨ ᠳᠠᠬᠢ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ | ᠬᠦᠷᠢᠶᠡᠯᠡᠩ ᠲᠣᠭᠤᠷᠢᠭ ᠤᠨ ᠶᠡᠷᠦᠩᠬᠡᠢ ᠲᠠᠯᠠᠪᠠᠶ ᠨᠢ 9800 ᠮᠦ ᠪᠠᠶᠢᠵᠤ᠂ ᠡᠭᠦᠨ ᠳᠤ ᠭᠤᠣᠯ ᠲᠣᠭᠤᠷᠢᠭ ᠤᠨ ᠲᠠᠯᠠᠪᠠᠶ ᠨᠢ 4000 ᠮᠦ᠂ ᠨᠥᠯᠥᠭᠡᠯᠡᠨ | ᠳᠠᠶᠢᠴᠢᠯᠠᠭᠰᠠᠨ ᠲᠠᠯᠠᠪᠠᠶ ᠨᠢ 5800 ᠮᠦ ᠪᠠᠶᠢᠵᠤ᠂ ᠬᠦᠷᠢᠶᠡᠯᠡᠩ ᠲᠣᠭᠤᠷᠢᠭ ᠨᠢ ︽ᠠᠵᠤ ᠠᠬᠤᠶᠢᠯᠠᠯ + ᠰᠠᠭᠤᠷᠢᠨ + ᠰᠢᠨᠵᠢᠯᠡᠬᠦ ᠤᠬᠠᠭᠠᠨ ᠤ ᠰᠤᠳᠤᠯᠭᠠᠨ ᠤ | ᠳᠡᠭᠡᠳᠦ ᠰᠤᠷᠭᠠᠭᠤᠯᠢ + ᠨᠡᠶᠢᠭᠡᠮᠴᠢᠯᠡᠭᠰᠡᠨ ᠦᠢᠯᠡᠴᠢᠯᠡᠭᠡ︾ ᠶᠢᠨ ᠵᠠᠭᠪᠤᠷ ᠢᠶᠠᠷ ᠠᠵᠢᠯᠯᠠᠵᠤ ᠪᠤᠢ᠃ | ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ 12 ᠲᠣᠭᠤᠷᠢᠭ ᠪᠠᠭᠲᠠᠵᠤ᠂ ᠡᠷᠳᠡᠨᠢ ᠰᠢᠰᠢ᠂ ᠬᠤᠯᠤ᠂ ᠪᠤᠭᠤᠳᠠᠢ ᠳᠤ ᠢᠵᠢ ᠪᠦᠷᠢᠳᠦᠭᠦᠯᠦᠨ ᠯᠠᠵᠤᠤ | ᠳᠠᠷᠢᠬᠤ ᠵᠡᠷᠭᠡ ᠲᠤᠷᠰᠢᠯᠲᠠ ᠶᠢᠨ ᠲᠣᠭᠤᠷᠢᠭ ᠪᠠᠶᠢᠭᠤᠯᠵᠤ᠂ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶᠢᠨ ᠵᠢᠯᠣᠭᠤᠴᠢ ᠦᠭᠡᠢ ᠲᠠᠷᠢᠶᠠᠯᠠᠩ ᠤᠨ ᠮᠠᠰᠢᠨ ᠢᠶᠠᠷ | ᠳᠠᠷᠢᠬᠤ᠂ ᠣᠶᠤᠨᠴᠢ ᠪᠠᠷ ᠤᠰᠤᠯᠠᠬᠤ᠂ ᠵᠢᠯᠣᠭᠤᠴᠢ ᠦᠭᠡᠢ ᠨᠢᠰᠬᠡᠯ ᠢᠶᠠᠷ ᠲᠠᠷᠢᠮᠠᠯ ᠢ ᠬᠠᠮᠠᠭᠠᠯᠠᠬᠤ ᠵᠡᠷᠭᠡ ᠮᠡᠷᠭᠡᠵᠢᠯ ᠢ ᠬᠡᠷᠡᠭᠯᠡᠵᠦ᠂ ᠲᠠᠷᠢᠶᠠᠨ ᠭᠠᠵᠠᠷ ᠤᠨ ᠨᠠᠷᠢᠯᠢᠭ | ᠣᠨᠣᠴᠠᠲᠠᠢ ᠳᠠᠷᠢᠵᠤ ᠬᠠᠮᠢᠶᠠᠷᠬᠤ ᠶᠢ ᠠᠬᠢᠭᠤᠯᠵᠠᠢ᠃ ᠲᠠᠷᠢᠶᠠᠯᠠᠩ ᠤᠨ ᠥᠨᠳᠥᠷ ᠤᠨᠠᠯᠲᠠ ᠲᠠᠢ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠬᠥᠭᠵᠢᠯᠲᠡ ᠶᠢ | ᠠᠬᠢᠭᠤᠯᠤᠭᠰᠠᠨ ᠰᠠᠭᠤᠷᠢᠨ ᠳᠡᠭᠡᠷ᠎ᠡ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠢ ᠬᠢᠵᠠᠭᠠᠷᠯᠠᠨ ᠬᠤᠣᠷᠳᠠᠯ ᠢ ᠪᠠᠭᠠᠰᠬᠠᠬᠤ᠂ | ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠰᠦᠯᠢᠶᠥᠦ ᠪᠦᠷᠬᠦᠪᠴᠢ ᠶᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠭᠦ ᠶᠢ ᠪᠡᠶᠡᠯᠡᠭᠦᠯᠪᠡ᠃ ᠮᠦ | ᠳᠤᠮᠳᠠᠴᠢ ᠶᠢᠨ ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ 10 % ᠪᠠᠷ ᠪᠠᠭᠠᠰᠬᠠᠵᠤ᠂ ᠬᠠᠷᠢᠴᠠᠭᠤᠯᠤᠭᠰᠠᠨ ᠣᠷᠣᠨ ᠤ ᠬᠢ ᠠᠴᠠ | ᠤᠨᠠᠯᠳᠠ ᠶᠢ ᠨᠢ 15 % ᠭᠠᠷᠤᠢ ᠨᠡᠮᠡᠭᠳᠡᠭᠦᠯᠪᠡ᠃ | | | ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠤᠨ ᠪᠤᠭᠤᠳᠠᠢ ᠶᠢᠨ ᠲᠠᠷᠢᠶᠠᠨ ᠤ ᠤᠷᠭᠤᠴᠠ ᠶᠡᠭᠡ ᠰᠠᠶᠢᠨ ᠪᠠᠶᠢᠨ᠎ᠠ | ︽ᠪᠣᠭᠤᠮᠲᠠ ᠶᠢᠨ ᠭᠠᠳᠠᠨᠠᠬᠢ ᠠᠮᠤ ᠪᠤᠳᠠᠭ᠎ᠠ︾ ᠶᠢ ᠰᠠᠶᠢᠲᠤᠷ ᠲᠠᠷᠢᠵᠤ | ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠡᠯᠪᠡᠭ ᠲᠠᠩᠰᠤᠭ ᠪᠣᠯᠭᠠᠨ᠎ᠠ | ᠥᠪᠥᠷ ᠮᠣᠩᠭᠤᠯ ᠪᠣᠯ ᠳᠤᠮᠳᠠᠳᠤ ᠤᠯᠤᠰ ᠤᠨ ︽ᠠᠮᠤ ᠶᠢᠨ ᠰᠠᠩ︾ ᠪᠣᠯᠣᠨ᠎ᠠ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ︽ᠭᠠᠵᠠᠷ᠂ ᠤᠰᠤ᠂ ᠦᠷ᠎ᠡ︾ ᠪᠠ ︽ᠠᠮᠤ᠂ ᠮᠢᠬ᠎ᠠ᠂ ᠰᠦ︾ | ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ ᠶᠢ ᠳᠠᠭᠢᠨ ᠳᠡᠭᠡᠭᠰᠢᠯᠡᠭᠦᠯᠭᠦ ᠶᠢ ᠠᠬᠢᠭᠤᠯᠪᠠ᠃ | — 2021 ᠣᠨ ᠳᠤ᠂ ᠳᠤᠮᠳᠠᠳᠤ ᠤᠯᠤᠰ · ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠵᠢᠭᠠᠯᠲᠠ ᠲᠤᠭ᠎ᠠ 125.85 | ᠴᠡᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.77 % ᠪᠠᠷ ᠨᠡᠮᠡᠭᠳᠡᠪᠡ᠃ | — 2022 ᠣᠨ ᠳᠤ᠂ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 780 .1 ᠳ᠋ᠦᠩᠰᠢᠭᠤᠷ | ᠵᠢᠩ ᠳᠤ ᠬᠦᠷᠴᠦ᠂ ᠨᠡᠮᠡᠭᠳᠡᠯ ᠤᠨ ᠬᠡᠮᠵᠢᠶ᠎ᠡ ᠨᠢ 1.6 % ᠳᠤ ᠬᠦᠷᠴᠦ᠂ ᠶᠡᠷᠦᠩᠬᠡᠢ ᠤᠨᠠᠯᠲᠠ ᠨᠢ ᠪᠦᠭᠦ ᠤᠯᠤᠰ ᠲᠤ ᠵᠢᠷᠭᠤᠳᠤᠭᠠᠷ ᠲᠤ ᠣᠷᠣᠪᠠ᠃ | — ᠥᠪᠥᠷ ᠮᠣᠩᠭᠤᠯ ᠪᠣᠯ ᠪᠦᠭᠦ ᠤᠯᠤᠰ ᠤᠨ ᠠᠮᠤ ᠪᠤᠳᠠᠭᠠᠨ ᠤ ᠭᠤᠣᠯᠳᠠᠯᠭ᠎ᠠ ᠲᠠᠢ ᠦᠢᠯᠡᠳᠪᠦᠷᠢᠯᠡᠯ ᠤᠨ 13 ᠮᠤᠵᠢ ᠣᠷᠣᠨ ᠤ ᠨᠢᠭᠡ ᠪᠠᠶᠢᠵᠤ᠂ ᠠᠮᠤ | ᠪᠤᠳᠠᠭᠠᠨ ᠤ ᠦᠢᠯᠡᠳᠪᠦᠷᠢᠯᠡᠯ ︽ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ︾᠃ | — ᠲᠠᠷᠢᠮᠠᠯ ᠢ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 2017 ᠣᠨ ᠳᠤ 83.5 % ᠪᠠᠶᠢᠭᠰᠠᠨ ᠠᠴᠠ ᠪᠠᠨ 2022 | ᠣᠨ ᠳᠤ 87 % ᠪᠣᠯᠵᠤ ᠳᠡᠭᠡᠭᠰᠢᠯᠡᠪᠡ᠃ | — ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠨᠡᠮᠡᠷᠢ ᠶᠢᠨ ᠨᠣᠷᠮ᠎ᠠ 2017 ᠣᠨ ᠳᠤ 54. 5 % | ᠪᠠᠶᠢᠭᠰᠠᠨ ᠠᠴᠠ ᠪᠠᠨ 2022 ᠣᠨ ᠳᠤ 61 % ᠪᠣᠯᠵᠤ ᠳᠡᠭᠡᠭᠰᠢᠯᠡᠪᠡ᠃ | — ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠬᠡᠮᠵᠢᠯᠲᠡ ᠳᠤ ᠬᠢᠷᠢ ᠲᠡᠩᠴᠡᠭᠰᠡᠨ | ᠨᠣᠷᠮ᠎ᠠ ᠢᠮᠠᠭᠲᠠ 98% ᠠᠴᠠ ᠳᠡᠭᠡᠭᠰᠢ ᠳᠤ ᠲᠣᠭᠲᠠᠪᠤᠷᠢᠵᠢᠵᠤ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠠᠶᠢᠨ᠎ᠠ᠃ | — ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ 4 ᠵᠢᠯ ᠳᠠᠷᠠᠭᠠᠯᠠᠨ ᠰᠥᠭᠡᠷᠭᠦ ᠨᠡᠮᠡᠭᠳᠡᠯ ᠢᠶᠠᠨ ᠪᠠᠲᠤᠯᠠᠵᠤ᠂ ᠰᠦᠯᠢᠶᠥᠦ ᠪᠦᠷᠬᠦᠪᠴᠢ᠂ ᠡᠰᠢ | ᠰᠦᠷᠡᠯ ᠢ ᠬᠤᠷᠢᠶᠠᠨ ᠠᠪᠴᠤ ᠠᠰᠢᠭᠯᠠᠬᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ | ᠲᠤᠭ᠎ᠠ ᠪᠠᠷᠢᠮᠲᠠ ᠪᠣᠯ ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠭᠡᠷᠡᠴᠢ ᠪᠤᠯᠬᠤ ᠪᠥᠭᠡᠳ ᠥᠪᠥᠷ ᠮᠣᠩᠭᠤᠯ ᠤᠨ ︽ | ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠰᠠᠶᠢᠲᠤᠷ ᠠᠪᠴᠤ ᠶᠠᠪᠤᠬᠤ ᠰᠢᠨ᠎ᠡ ᠡᠭᠦᠷᠭᠡᠯᠡᠯ ᠢ ᠡᠭᠦᠷᠭᠡᠯᠡᠵᠦ ᠪᠠᠶᠢᠭ᠎ᠠ ᠶᠢᠨ ᠬᠠᠮᠤᠭ ᠤᠨ ᠰᠠᠶᠢᠨ ᠭᠡᠷᠡᠴᠢ | ᠪᠣᠯᠣᠨ᠎ᠠ᠃ ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠠᠯᠬᠤᠭ᠎ᠠ ᠠᠴᠠ ᠥᠪᠥᠷ ᠮᠣᠩᠭᠤᠯ ᠤᠨ ᠪᠦᠲᠦᠴᠡ ᠶᠢ ᠲᠣᠬᠢᠷᠠᠭᠤᠯᠬᠤ᠂ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠠᠵᠤ ᠠᠬᠤᠶᠢᠯᠠᠯ ᠢ ᠬᠦᠴᠦᠷᠬᠡᠭᠵᠢᠭᠦᠯᠬᠦ᠂ ᠬᠡᠯᠬᠢᠶ᠎ᠡ ᠶᠢ ᠤᠷᠲᠤᠳᠬᠠᠬᠤ ᠯᠠᠪᠳᠠᠭᠤᠨ ᠪᠠᠲᠤᠲᠠᠢ ᠤᠯᠠ ᠮᠥᠷ ᠲᠣᠳᠣᠬᠠᠨ | ᠬᠠᠷᠠᠭᠳᠠᠨ᠎ᠠ᠃ | ᠲᠠᠷᠢᠶᠠᠯᠠᠩ ᠪᠣᠯ ᠤᠯᠤᠰ ᠭᠦᠷᠦᠨ ᠤ ᠦᠨᠳᠦᠰᠦ ᠪᠤᠯᠠᠢ᠂ ᠦᠨᠳᠦᠰᠦ ᠪᠠᠬᠢᠵᠢᠪᠡᠰᠦ ᠤᠯᠤᠰ ᠭᠦᠷᠦᠨ ᠠᠮᠤᠭᠤᠯᠠᠩ ᠪᠣᠯᠣᠮᠤᠢ᠃ ᠨᠠᠩ ᠴᠢᠨᠠᠷ ᠰᠠᠶᠢᠲᠠᠢ᠂ | ᠨᠠᠩ ᠦᠷ᠎ᠡ ᠪᠦᠲᠦᠮᠵᠢᠲᠡᠶ᠂ ᠨᠠᠩ ᠦᠷᠭᠦᠯᠵᠢᠯᠡᠬᠦ ᠬᠥᠭᠵᠢᠯᠲᠡ ᠶᠢ ᠣᠨᠢᠯᠠᠵᠤ᠂ ᠥᠪᠥᠷ ᠮᠣᠩᠭᠤᠯ ᠨᠠᠩ ᠶᠡᠭᠡ ᠡᠷᠴᠢᠮ ᠪᠠ ᠨᠠᠩ ᠪᠣᠳᠠᠲᠠᠢ ᠠᠷᠭ᠎ᠠ ᠬᠡᠮᠵᠢᠶ᠎ᠡ ᠪᠠᠷ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠲᠦᠷᠭᠡᠳᠬᠡᠨ ᠪᠠᠶᠢᠭᠤᠯᠵᠤ᠂ ︽ | ᠪᠣᠭᠤᠮᠲᠠ ᠶᠢᠨ ᠭᠠᠳᠠᠨᠠᠬᠢ ᠠᠮᠤ︾ ᠶᠢ ᠰᠠᠶᠢᠲᠤᠷ ᠳᠠᠷᠢᠵᠤ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠡᠯᠪᠡᠭ ᠲᠠᠩᠰᠤᠭ ᠪᠤᠯᠭᠠᠵᠤ ᠪᠤᠢ᠃ | ᠪᠣᠷᠣᠳᠣᠬᠤᠢ ᠶᠢᠨ ᠲᠠᠯ᠎ᠠ ᠭᠠᠵᠠᠷ ᠲᠤ ᠪᠤᠭᠤᠳᠠᠢ ᠶᠢᠨ ᠳᠠᠪᠠᠯᠭᠠᠨ ᠬᠠᠶᠠᠯᠠᠨ᠎ᠠ᠃ | ᠪᠤᠭᠤᠳᠠᠢ ᠪᠣᠯᠪᠠᠰᠤᠷᠠᠬᠤ ᠤᠯᠠᠷᠢᠯ ᠳᠤ᠂ ᠶᠠᠭ ᠪᠣᠷᠣᠳᠣᠬᠤᠢ ᠶᠢᠨ ᠲᠠᠯ᠎ᠠ ᠭᠠᠵᠠᠷ ᠤᠨ ᠪᠤᠭᠤᠳᠠᠢ ᠶᠢᠨ ᠲᠦᠷᠦᠭᠦᠦ ᠰᠠᠭᠤᠬᠤ ᠢᠳᠡᠷᠡᠭᠦᠨ ᠤᠷᠭᠤᠬᠤ | ᠦᠶ᠎ᠡ ᠳᠤ ᠲᠣᠬᠢᠶᠠᠭᠰᠠᠨ ᠢᠶᠠᠷ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠢ ᠬᠥᠪᠥᠷᠡᠭᠦᠯᠦᠭᠰᠡᠨ | ᠪᠠᠶᠢᠨ᠎ᠠ᠃ | 6 ᠰᠠᠷ᠎ᠠ ᠶᠢᠨ 5 ᠤ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ | ᠤᠯᠠᠭᠠᠨᠰᠤᠬᠠᠢ ᠶᠢᠨ ᠡᠮᠦᠨ᠎ᠡ ᠬᠥᠪᠡᠭᠡᠨ ᠳᠠᠬᠢ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ ᠬᠦᠷᠴᠦ᠂ ᠬᠥᠷᠥᠰᠥ ᠰᠢᠷᠣᠢ᠂ | ᠦᠷ᠎ᠡ ᠶᠢᠨ ᠥᠯᠢᠭᠡᠷ ᠶᠠᠩᠵᠤ ᠵᠡᠷᠭᠡ ᠶᠢᠨ ᠦᠵᠡᠭᠦᠯᠭᠡ ᠶᠢ ᠪᠠᠶᠢᠴᠠᠭᠠᠨ ᠦᠵᠡᠵᠦ᠂ ᠪᠠᠶᠠᠨᠨᠠᠭᠤᠷ ᠬᠤᠲᠠ ᠶᠢᠨ ᠬᠤᠵᠢᠷᠯᠢᠭ ᠡᠯᠡᠰᠦᠷᠬᠡᠭ ᠡᠵᠡᠭᠦᠢ ᠭᠠᠵᠠᠷ ᠢ | ᠥᠭᠡᠷᠡᠴᠢᠯᠡᠨ ᠰᠠᠶᠢᠵᠢᠷᠠᠭᠤᠯᠬᠤ ᠪᠠ ᠶᠡᠷᠦᠩᠬᠡᠶᠢᠯᠡᠨ ᠠᠰᠢᠭᠯᠠᠬᠤ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠶᠢ ᠠᠬᠢᠭᠤᠯᠬᠤ᠂ ᠣᠲᠣ ᠦᠶ᠎ᠡ ᠶᠢᠨ ᠲᠠᠷᠢᠶᠠᠯᠠᠩ ᠢ | ᠳᠡᠯᠭᠡᠷᠡᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠤᠷᠭᠤᠴᠠ ᠤᠷᠭᠤᠴᠠ ᠰᠠᠶᠢᠲᠠᠢ ᠪᠤᠭᠤᠳᠠᠢ᠂ ᠪᠤᠭᠤᠳᠠᠢ᠂ ᠯᠠᠵᠤᠤ ᠰᠠᠯᠬᠢᠨ ᠤ ᠰᠠᠯᠬᠢᠨ ᠤ ᠠᠶ᠎ᠠ ᠪᠠᠷ ᠨᠠᠶᠢᠭᠤᠨ᠎ᠠ | ᠣᠭᠲᠠᠷᠭᠤᠢ ᠠᠴᠠ ᠬᠠᠷᠠᠬᠤᠶ᠎ᠠ᠂ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ᠂ ᠲᠦᠮᠡᠨ ᠮᠦ ᠲᠠᠷᠢᠶᠠᠨ ᠭᠠᠵᠠᠷ ᠨᠢ | ᠶᠠᠭ ᠯᠠ ᠨᠢᠭᠡ ᠬᠡᠰᠡᠭ ᠨᠣᠭᠤᠭᠠᠨ ᠥᠩᠭᠡᠲᠦ ᠲᠣᠮᠣ ᠭᠡᠯᠪᠡᠷᠢ ᠶᠢᠨ ᠵᠢᠷᠤᠭ ᠮᠡᠲᠦ ᠪᠠᠶᠢᠪᠠ᠃ | ᠤᠷᠭᠤᠴᠠ ᠰᠠᠶᠢᠲᠠᠢ ᠡᠷᠳᠡᠨᠢ ᠰᠢᠰᠢ᠂ ᠪᠤᠭᠤᠳᠠᠢ᠂ ᠯᠠᠵᠤᠤ ᠰᠠᠯᠬᠢᠨ ᠤ ᠠᠶ᠎ᠠ ᠪᠠᠷ ᠨᠠᠶᠢᠭᠤᠨ᠎ᠠ᠃ | ᠶᠡᠷᠦᠩᠬᠡᠢ ᠱᠦᠵᠢ ᠲᠠᠷᠢᠶᠠᠨ ᠭᠠᠵᠠᠷ ᠲᠤ ᠬᠦᠷᠴᠦ᠂ ᠲᠠᠶᠢᠯᠪᠤᠷᠢᠯᠠᠬᠤ ᠶᠢ ᠰᠣᠨᠣᠰᠴᠤ᠂ ᠤᠨᠠᠯᠲᠠ ᠶᠢ ᠰᠤᠷᠠᠵᠤ᠂ ᠠᠰᠢᠭ ᠣᠷᠣᠯᠭ᠎ᠠ ᠶᠢ ᠠᠰᠠᠭᠤᠵᠤ᠂ | ᠳᠤᠮᠳᠠᠳᠤ ᠤᠯᠤᠰ ᠤᠨ ᠠᠮᠤ ᠶᠢᠨ ᠰᠠᠩ᠂ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢ ᠭᠦᠨ᠎ᠡ ᠬᠠᠯᠠᠮᠵᠢᠯᠠᠵᠤ ᠪᠠᠶᠢᠭ᠎ᠠ ᠨᠢ ᠢᠯᠡᠭᠡᠨ ᠪᠠᠶᠢᠯ᠎ᠠ᠃ | ︽ᠶᠡᠷᠦᠩᠬᠡᠢ ᠱᠦᠵᠢ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠬᠠᠯᠠᠮᠵᠢᠯᠠᠵᠤ ᠪᠠᠶᠢᠨ᠎ᠠ︾ ︽ᠲᠡᠭᠷᠢ ᠶᠢᠨ ᠳᠣᠣᠷᠠᠬᠢ ᠬᠠᠳᠤᠨ ᠭᠤᠣᠯ ᠤᠨ | ᠤᠷᠤᠰᠬᠠᠯ ᠣᠷᠣᠨ ᠳᠤ ᠭᠠᠭᠴᠠ ᠬᠦ ᠪᠣᠷᠣᠳᠣᠬᠤᠢ ᠯᠡ ᠥᠩ ᠰᠢᠮᠡᠯᠢᠭ ᠪᠠᠶᠢᠳᠠᠭ︾᠃ | ᠪᠠᠶᠠᠨᠨᠠᠭᠤᠷ ᠬᠤᠲᠠ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠨᠢ ᠬᠠᠲᠤᠨ ᠭᠤᠣᠯ ᠤᠨ ︽ᠶᠡᠭᠡ ᠲᠣᠬᠤᠢ︾ ᠶᠢᠨ ᠦᠵᠦᠭᠦᠷ ᠲᠤ ᠪᠠᠶᠢᠷᠢᠯᠠᠵᠤ ᠪᠤᠶ | ᠃ ᠣᠷᠳᠣ ᠬᠤᠭᠤᠴᠠᠭᠠᠨ ᠤ ᠲᠤᠷᠰᠢ᠂ ᠬᠠᠲᠤᠨ ᠭᠤᠣᠯ ᠤᠨ ᠤᠰᠤᠯᠠᠯᠲᠠ ᠶᠢᠨ ᠠᠴᠢ ᠪᠠᠷ ᠡᠨᠡ ᠬᠡᠰᠡᠭ ᠭᠠᠵᠠᠷ ᠨᠤᠲᠤᠭ ᠣᠨᠴᠠ ᠥᠩ ᠰᠢᠮᠡᠯᠢᠭ ᠪᠠᠶᠢᠵᠠᠢ᠃ | ᠭᠡᠪᠡᠴᠦ ᠥᠩᠭᠡᠷᠡᠭᠰᠡᠨ ᠤ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ ᠵᠡᠷᠭᠡ ᠵᠦᠢ ᠵᠣᠬᠢᠰ ᠦᠭᠡᠢ ᠤᠰᠤᠯᠠᠯᠲᠠ ᠶᠢᠨ ᠠᠷᠭ᠎ᠠ ᠭᠡᠯᠪᠡᠷᠢ ᠠᠴᠠ ᠪᠣᠯᠵᠤ᠂ ᠬᠤᠵᠢᠷᠰᠢᠯ | ᠡᠭᠦᠰᠦᠭᠰᠡᠨ ᠵᠢᠴᠢ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠵᠡᠷᠭᠡ ᠠᠰᠠᠭᠤᠳᠠᠯ ᠢ ᠪᠤᠶ ᠪᠣᠯᠭᠠᠵᠠᠢ᠃ | ᠶᠡᠷᠦᠩᠬᠡᠢ ᠱᠦᠵᠢ ᠰᠢ ᠶᠢᠨ ᠫᠢᠩ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠤᠵᠢᠷᠯᠢᠭ ᠡᠯᠡᠰᠦᠷᠬᠡᠭ ᠡᠵᠡᠭᠦᠢ ᠭᠠᠵᠠᠷ ᠢ ᠰᠠᠶᠢᠵᠢᠷᠠᠭᠤᠯᠤᠭᠰᠠᠨ | ᠪᠠᠶᠢᠳᠠᠯ ᠢ ᠲᠦᠢᠯ ᠢᠶᠠᠷ ᠬᠠᠯᠠᠮᠵᠢᠯᠠᠵᠤ ᠪᠠᠶᠢᠯ᠎ᠠ᠃ ︽ᠠᠷᠪᠠ ᠭᠠᠷᠤᠢ ᠵᠢᠯ ᠤᠨ ᠲᠤᠷᠰᠢ᠂ ᠪᠢᠳᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠳᠠᠮᠵᠢᠭᠤᠯᠤᠨ᠂ ᠤᠰᠤᠯᠠᠬᠤ ᠪᠠ ᠤᠰᠤ ᠵᠠᠯᠠᠬᠤ ᠶᠢ ᠢᠵᠢ ᠪᠦᠷᠢᠳᠦᠭᠦᠯᠬᠦ᠂ ᠯᠠᠶᠢᠳᠠᠬᠤ ᠪᠠ ᠤᠰᠤᠯᠠᠬᠤ ᠵᠢᠴᠢ ᠤᠰᠤ ᠵᠠᠯᠠᠬᠤ ᠰᠢᠰᠲ᠋ᠧᠮ ᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠰᠢᠨ᠎ᠡ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠭᠰᠡᠨ ᠤ | ᠵᠡᠷᠭᠡ ᠪᠠᠷ ᠵᠠᠷᠢᠮ ᠬᠤᠵᠢᠷᠯᠢᠭ ᠲᠤ ᠳᠠᠭᠠᠭᠠᠮᠠᠭᠠᠢ ᠲᠠᠷᠢᠮᠠᠯ ᠢ ᠪᠤᠶᠢᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠨᠡᠶᠢᠳᠡᠮ ᠳᠡᠭᠡᠭᠰᠢᠯᠡᠭᠦᠯᠪᠡ︾᠃ | ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠣᠶᠣᠯᠲᠤ ᠶᠡᠷᠦᠩᠬᠡᠢ ᠱᠦᠵᠢ ᠳᠤ ᠤᠷᠠᠳ ᠤᠨ ᠡᠮᠦᠨᠡᠲᠦ ᠬᠤᠰᠢᠭᠤᠨ ᠤ | ᠦᠨᠳᠦᠰᠦᠨ ᠪᠠᠶᠢᠳᠠᠯ ᠪᠣᠯᠣᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠤᠵᠢᠷᠯᠢᠭ ᠭᠠᠵᠠᠷ ᠢ ᠰᠠᠶᠢᠵᠢᠷᠠᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠬᠠᠷᠢᠭᠤ | ᠮᠡᠳᠡᠭᠦᠯᠪᠡ᠃ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠭᠠᠶᠢᠬᠠᠮᠰᠢᠭ︾ ᠤᠨ ᠠᠴᠢ ᠪᠠᠷ ᠪᠣᠷᠣᠳᠣᠬᠤᠢ ᠶᠢᠨ ᠤᠰᠤᠯᠠᠯᠲᠠ ᠶᠢᠨ ᠣᠷᠣᠨ | ᠬᠤᠵᠢᠷᠯᠢᠭ ᠭᠠᠵᠠᠷ ᠤᠨ ᠠᠮᠢ ᠠᠬᠤᠢ ᠶᠢᠨ ᠥᠨᠳᠥᠷ ᠪᠦᠲᠦᠮᠵᠢᠲᠡᠢ ᠲᠠᠷᠢᠶᠠᠯᠠᠩ ᠤᠨ ᠬᠥᠭᠵᠢᠯᠲᠡ ᠶᠢᠨ ᠵᠠᠮ ᠢ ᠨᠡᠭᠡᠭᠡᠭᠰᠡᠨ ᠪᠠᠶᠢᠨ᠎ᠠ᠃ ᠡᠳᠡᠭᠡᠷ ᠠᠷᠭ᠎ᠠ ᠪᠠᠷᠢᠯ ᠪᠠ | ᠠᠷᠭ᠎ᠠ ᠬᠡᠮᠵᠢᠶ᠎ᠡ ᠶᠢ ᠰᠣᠨᠣᠰᠤᠭᠠᠳ ᠶᠡᠷᠦᠩᠬᠡᠢ ᠱᠦᠵᠢ ᠮᠠᠭᠲᠠᠨ ᠰᠠᠶᠢᠰᠢᠶᠠᠵᠤ ᠲᠣᠯᠣᠭᠠᠢ ᠳᠣᠬᠢᠪᠠ᠃ | ᠲᠠᠷᠢᠶᠠᠨ ᠳᠠᠬᠢ ᠨᠢᠭᠡ ᠵᠢᠵᠢᠭ ᠰᠢᠷᠡᠭᠡᠨ ᠳᠡᠭᠡᠷ᠎ᠡ ᠬᠥᠷᠥᠰᠥ ᠰᠢᠷᠣᠢ ᠪᠠ ᠦᠷ᠎ᠡ ᠶᠢᠨ ᠶᠠᠩᠵᠤ ᠶᠢ ᠲᠠᠯᠪᠢᠵᠤ ᠪᠠᠶᠢᠯ᠎ᠠ᠃ ︽ᠠᠳᠡᠬᠢ ᠮᠠᠰᠢ ᠣᠯᠠᠨ ᠦᠷ᠎ᠡ ᠶᠢ | ᠪᠣᠯ ᠴᠥᠮ ᠪᠢᠳᠡᠨ ᠤ ᠡᠨᠡ ᠬᠦ ᠲᠤᠷᠰᠢᠯᠲᠠ ᠶᠢᠨ ᠲᠠᠷᠢᠶᠠᠨ ᠳᠠᠭᠠᠨ ᠥᠪᠡᠷ ᠢᠶᠠᠨ ᠪᠤᠶᠢᠵᠢᠭᠤᠯᠤᠭᠰᠠᠨ ᠭᠡᠬᠦ ᠮᠢᠨᠤ ᠬᠡᠯᠡᠬᠦ ᠶᠢ ᠰᠣᠨᠣᠰᠤᠭᠠᠳ ᠶᠡᠷᠤᠨᠬᠭᠡᠢ ᠱᠦᠵᠢ | ᠡᠲᠡᠭᠡᠷ ᠦᠷ᠎ᠡ ᠶᠢ ᠳᠡᠯᠭᠡᠷᠡᠭᠦᠯᠦᠭᠰᠡᠨ ᠪᠠᠶᠢᠳᠠᠯ ᠪᠠ ᠳᠠᠪᠠᠭᠤᠯᠢᠭ ᠢ ᠨᠠᠷᠢᠨ ᠠᠰᠠᠭᠤᠪᠠ︾᠃ | ᠶᠡᠷᠦᠩᠬᠡᠢ ᠱᠦᠵᠢ ᠳᠤ ᠬᠠᠷᠢᠭᠤ ᠮᠡᠳᠡᠭᠦᠯᠬᠦ ᠳᠡᠭᠡᠨ᠂ ᠶᠡᠷᠦᠩᠬᠡᠢ ᠱᠦᠵᠢ ᠰᠠᠶᠢᠨ ᠡᠭᠦᠯᠳᠡᠷ ᠢ ᠪᠤᠶᠢᠵᠢᠭᠤᠯᠬᠤ ᠪᠠ ᠳᠡᠯᠭᠡᠷᠡᠭᠦᠯᠬᠦ ᠶᠢ ᠣᠨᠴᠠᠭᠠᠶᠢᠯᠠᠨ | ᠠᠩᠬᠠᠷᠴᠤ ᠪᠠᠶᠢᠭᠰᠠᠨ ᠢ ᠰᠣᠶᠣᠯᠲᠤ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠯ᠎ᠠ᠃ | ᠰᠣᠶᠣᠯᠲᠤ᠂ ᠬᠦᠷᠢᠶᠡᠯᠡᠩ ᠲᠣᠭᠤᠷᠢᠭ ᠲᠤ ᠳᠠᠷᠢᠭᠰᠠᠨ ᠪᠤᠭᠤᠳᠠᠢ ᠪᠣᠯ ︽ᠪᠠ ᠮᠠᠢ 13 ᠳ᠋ᠤᠭᠠᠷ︾ ᠪᠣᠯᠣᠨ᠎ᠠ᠂ ᠭᠠᠷᠤᠯᠲᠠ ᠥᠨᠳᠥᠷ᠂ ᠳᠠᠭᠠᠭᠠᠮᠠᠭᠠᠢ | ᠴᠢᠨᠠᠷ ᠢᠶᠠᠷ ᠴᠢᠩᠭ᠎ᠠ᠂ ᠠᠰᠢᠭ ᠣᠯᠵᠠᠪᠤᠷᠢ ᠰᠠᠶᠢᠨ ᠪᠠᠶᠢᠵᠤ᠂ ᠣᠨᠴᠠᠭᠠᠶᠢᠯᠠᠨ ᠪᠣᠷᠣᠳᠣᠬᠤᠢ ᠣᠷᠣᠨ ᠳᠤ ᠳᠠᠷᠢᠬᠤ ᠳᠤ ᠮᠠᠰᠢ ᠲᠣᠬᠢᠷᠠᠮᠵᠢᠲᠠᠢ᠂ ᠶᠠᠭ ᠪᠣᠷᠣᠳᠣᠬᠤᠢ | ᠣᠷᠣᠨ ᠳᠤ ᠶᠡᠭᠡ ᠬᠡᠪᠴᠢᠶ᠎ᠡ ᠪᠠᠷ ᠳᠡᠯᠭᠡᠷᠡᠭᠦᠯᠵᠦ ᠪᠠᠶᠢᠨ᠎ᠠ ᠭᠡᠵᠦ ᠲᠠᠨᠢᠯᠴᠠᠭᠤᠯᠪᠠ᠃ | ᠶᠡᠷᠦᠩᠬᠡᠢ ᠱᠦᠵᠢ᠂ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠨᠢ ᠣᠲᠣ ᠦᠶ᠎ᠡ ᠶᠢᠨ ᠲᠠᠷᠢᠶᠠᠯᠠᠩ ᠢ ᠳᠡᠯᠭᠡᠷᠡᠭᠦᠯᠬᠦ ᠲᠠᠯ᠎ᠠ ᠪᠠᠷ ᠦᠢᠯᠡᠳᠦᠯ ᠢᠶᠠᠨ ᠦᠨᠡᠨ | ᠬᠦ ᠪᠠᠳᠠᠷᠠᠭᠤᠯᠵᠤ᠂ ᠠᠳᠡ ᠲᠣᠬᠢᠷᠠᠮᠵᠢᠲᠠᠢ ᠦᠷ᠎ᠡ ᠡᠭᠦᠯᠳᠡᠷ᠂ ᠮᠡᠷᠭᠡᠵᠢᠯ ᠪᠠ ᠲᠠᠷᠢᠶᠠᠯᠠᠬᠤ ᠠᠷᠭ᠎ᠠ ᠭᠡᠯᠪᠡᠷᠢ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ | ᠥᠪᠡᠷ ᠤᠨ ᠥᠷᠲᠡᠭ ᠢ ᠪᠠᠭᠤᠷᠠᠭᠤᠯᠤᠨ᠂ ᠦᠷ᠎ᠡ ᠠᠰᠢᠭ ᠢ ᠳᠡᠭᠡᠭᠰᠢᠯᠡᠭᠦᠯᠵᠦ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠤᠯᠬᠤ ᠲᠤᠷᠰᠢᠯᠭ᠎ᠠ ᠶᠢ ᠪᠦᠷᠢᠯᠳᠦᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ︽ᠪᠢᠳᠡ ᠬᠦᠷᠢᠶᠡᠯᠡᠩ ᠲᠣᠭᠤᠷᠢᠭ ᠤᠨ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠵᠦ ᠬᠥᠭᠵᠢᠬᠦ ᠶᠢ ᠠᠬᠢᠭᠤᠯᠬᠤ ᠴᠢᠬᠤᠯᠠᠲᠠᠢ︾ ᠭᠡᠵᠦ ᠰᠣᠶᠣᠯᠲᠤ | ᠢᠯᠡᠳᠬᠡᠪᠡ᠃ | ︽ᠶᠡᠷᠦᠩᠬᠡᠢ ᠱᠦᠵᠢ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠬᠠᠯᠠᠮᠵᠢᠯᠠᠵᠤ ᠪᠠᠶᠢᠨ᠎ᠠ︾᠃ ᠶᠡᠷᠦᠩᠬᠡᠢ ᠱᠦᠵᠢ ᠲᠠᠢ ᠰᠠᠨᠠᠯ ᠢᠶᠠᠨ | ᠰᠣᠯᠢᠯᠴᠠᠬᠤ ᠪᠠᠷ ᠳᠡᠮᠵᠢᠨ᠂ ᠰᠣᠶᠣᠯᠲᠤ ᠡᠨᠡ ᠲᠤᠬᠠᠢ ᠭᠦᠨ ᠲᠥᠷᠥᠭᠳᠡᠯ ᠲᠠᠢ ᠪᠣᠯᠪᠠ᠃ | ᠤᠷᠠᠳ ᠤᠨ ᠡᠮᠦᠨᠡᠲᠦ ᠬᠤᠰᠢᠭᠤ ᠪᠣᠯ ᠪᠠᠶᠠᠨᠨᠠᠭᠤᠷ ᠬᠤᠳᠠ ᠶᠢᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠪᠣᠯᠣᠨ᠎ᠠ᠂ ᠰᠣᠶᠣᠯᠲᠤ ᠵᠠᠮ ᠲᠤᠷᠰᠢ | ᠬᠠᠷᠢᠭᠤ ᠮᠡᠳᠡᠭᠦᠯᠦᠯᠲᠡ ᠬᠢᠭᠰᠡᠨ ᠪᠥᠭᠡᠳ ᠰᠤᠷᠭᠠᠯ ᠢ ᠨᠢ ᠰᠣᠨᠣᠰᠴᠤ᠂ ᠡᠷᠴᠢ ᠵᠣᠷᠢᠭ ᠨᠢ ᠬᠥᠪᠴᠢᠯᠡᠭᠳᠡᠬᠦ ᠶᠢᠨ ᠵᠡᠷᠭᠡ ᠪᠠᠷ᠂ ᠮᠥᠷᠥᠨ ᠳᠡᠭᠡᠷᠡᠬᠢ ᠬᠠᠷᠢᠭᠤᠴᠠᠯᠭ᠎ᠠ | ᠨᠢ ᠴᠤ ᠨᠡᠩ ᠬᠦᠨᠳᠦ ᠪᠣᠯᠤᠭᠰᠠᠨ ᠢ ᠤᠬᠠᠭᠠᠷᠠᠵᠠᠢ᠃ | ︽ᠪᠢᠳᠡ ᠶᠡᠷᠦᠩᠬᠡᠢ ᠱᠦᠵᠢ ᠶᠢᠨ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠶᠢ | ᠦᠷᠭᠦᠯᠵᠢᠯᠡᠨ ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠶᠢ ᠴᠢᠩᠭ᠎ᠠ ᠠᠳᠬᠤᠵᠤ᠂ ᠣᠲᠣ ᠦᠶ᠎ᠡ ᠶᠢᠨ ᠲᠠᠷᠢᠶᠠᠯᠠᠩ ᠢ ᠶᠡᠭᠡ ᠪᠠᠷ | ᠬᠥᠭᠵᠢᠭᠦᠯᠵᠦ᠂ ᠬᠡᠪᠴᠢᠶᠡᠵᠢᠭᠰᠡᠨ ᠡᠵᠡᠩᠨᠡᠯᠲᠡ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ ᠦᠷ᠎ᠡ ᠠᠰᠢᠭ ᠴᠢᠳᠠᠪᠤᠷᠢ ᠶᠢ ᠳᠡᠭᠡᠭᠰᠢᠯᠡᠭᠦᠯᠭᠦ᠂ ᠲᠠᠷᠢᠶᠠᠴᠢᠳ ᠲᠤ ᠠᠰᠢᠭ ᠲᠤᠰᠠ | ᠣᠯᠭᠤᠬᠤ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠴᠢᠬᠤᠯᠠ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠡ︾᠃ | ︽ᠶᠡᠷᠦᠩᠬᠡᠢ ᠱᠦᠵᠢ ᠪᠢᠳᠡᠨ ᠳᠤ ᠨᠢᠭᠡᠨ ᠲᠠᠩᠰᠠ ᠪᠤᠳᠤᠵᠤ ᠥᠭᠪᠡ︾ | ᠵᠢᠱᠢᠶ᠎ᠡ ᠦᠵᠡᠭᠦᠯᠭᠦ ᠬᠦᠷᠢᠶᠡᠯᠡᠩ ᠤᠨ ᠪᠤᠭᠤᠳᠠᠢ ᠶᠢᠨ ᠲᠠᠷᠢᠶᠠᠨ ᠳᠤ ᠯᠠᠵᠤᠤ ᠶᠢ ᠲᠤᠬᠤᠵᠤ ᠳᠠᠷᠢᠭᠰᠠᠨ ᠲᠤᠷᠰᠢᠯᠲᠠ ᠶᠢᠨ ᠲᠠᠷᠢᠶ᠎ᠠ ᠳᠤ᠂ ᠮᠥᠷ ᠮᠥᠷ | ᠲᠦᠷᠦᠭᠦᠦ ᠰᠠᠭᠤᠭᠰᠠᠨ ᠪᠤᠭᠤᠳᠠᠢ ᠪᠠ ᠤᠷᠭᠤᠴᠠ ᠨᠢ ᠶᠠᠭ ᠰᠠᠶᠢᠨ ᠪᠠᠶᠢᠭ᠎ᠠ ᠯᠠᠵᠤᠤ ᠬᠠᠷᠠᠭᠳᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯ᠎ᠠ᠃ | ︽ᠶᠡᠷᠦᠩᠬᠡᠢ ᠱᠦᠵᠢ ᠮᠠᠨ ᠤ ᠲᠤᠷᠰᠢᠯᠲᠠ ᠶᠢᠨ ᠲᠠᠷᠢᠶᠠᠨ ᠳᠤ ᠢᠷᠡᠯ᠎ᠡ︾ ᠭᠡᠵᠦ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠭᠢᠯᠡᠭᠴᠢ᠂ ᠳᠡᠯᠭᠡᠷᠡᠭᠦᠯᠬᠦ ᠶᠢ ᠰᠤᠳᠤᠯᠤᠭᠴᠢ ᠯᠢᠦ ᠵᠢᠶᠦ᠋ᠨ ᠶᠡᠷᠦᠩᠬᠡᠢ ᠱᠦᠵᠢ ᠰᠢ ᠶᠢᠨ | ᠫᠢᠩ ᠲᠠᠢ ᠠᠭᠤᠯᠵᠠᠭᠰᠠᠨ ᠴᠠᠭ ᠮᠥᠴᠡ ᠪᠠᠨ ᠶᠠᠷᠢᠬᠤ ᠳᠠᠭᠠᠨ ᠮᠥᠨ ᠬᠦ ᠰᠡᠳᠬᠢᠯ ᠳᠣᠭᠳᠣᠯᠵᠤ ᠪᠠᠶᠢᠪᠠ᠃ | ᠲᠡᠷᠡ ᠶᠡᠷᠦᠩᠬᠡᠢ ᠱᠦᠵᠢ ᠳᠤ ᠪᠤᠭᠤᠳᠠᠢ ᠶᠢᠨ ᠲᠠᠷᠢᠶᠠᠨ ᠳᠤ ᠯᠠᠵᠤᠤ ᠲᠤᠬᠤᠵᠤ ᠲᠠᠷᠢᠬᠤ ᠵᠠᠭᠪᠤᠷ ᠤᠨ ᠤᠭ ᠶᠣᠰᠣ ᠪᠣᠯᠣᠨ ᠳᠠᠪᠠᠭᠤᠯᠢᠭ ᠢ ᠬᠠᠷᠢᠭᠤ | ᠮᠡᠳᠡᠭᠦᠯᠵᠦ᠂ ᠶᠡᠷᠦᠩᠬᠡᠢ ᠱᠦᠵᠢ ᠶᠢᠨ ᠡᠶᠡᠯᠰᠡᠭ ᠳᠣᠲᠣᠨᠣ ᠵᠠᠩ ᠠᠭᠠᠰᠢ ᠶᠢ ᠭᠦᠨᠵᠡᠭᠡᠢ ᠣᠶᠢᠯᠠᠭᠠᠨ ᠮᠡᠳᠡᠪᠡ᠃ | ᠡᠶᠢᠮᠦ ᠪᠤᠭᠤᠳᠠᠢ ᠨᠢ ᠨᠢᠭᠡ ᠮᠦ ᠲᠠᠷᠢᠶᠠᠨ ᠠᠴᠠ ᠬᠡᠳᠦᠢ ᠵᠢᠩ ᠬᠤᠷᠢᠶᠠᠵᠤ ᠳᠡᠶᠢᠯᠭᠦ ᠪᠤᠶ︖ | ︽ᠪᠢᠳᠡ ᠳᠣᠬᠢᠭᠤᠷ ᠳᠤᠯᠤᠭᠠᠨ ᠤᠳᠤ ᠠᠶᠠᠯᠠᠯ ᠵᠠᠯᠠᠬᠤ ᠠᠦ᠋ᠲ᠋ᠣ᠋ ᠲᠠᠷᠢᠶᠠᠯᠠᠭ᠎ᠠ᠂ ᠣᠶᠤᠨᠴᠢ ᠤᠰᠤᠯᠠᠯᠲᠠ ᠵᠡᠷᠭᠡ ᠰᠢᠨ᠎ᠡ ᠮᠡᠷᠭᠡᠵᠢᠯ ᠢ ᠬᠡᠷᠡᠭᠯᠡᠪᠡ᠂ | ᠣᠳᠣᠬᠠᠨ ᠳᠤ ︿ᠪᠠ ᠮᠠᠢ 13 ᠳ᠋ᠤᠭᠠᠷ﹀ ᠤᠨ ᠡᠭᠦᠯᠳᠡᠷ ᠤᠨ ᠪᠤᠭᠤᠳᠠᠢ ᠶᠢᠨ ᠮᠦ ᠪᠦᠷᠢ ᠶᠢᠨ ᠤᠨᠠᠯᠲᠠ ᠨᠢ 1100 ᠵᠢᠩ ᠳᠤ ᠬᠦᠷᠴᠦ ᠪᠠᠶᠢᠨ᠎ᠠ︾ ᠭᠡᠵᠦ ᠯᠢᠦ | ᠵᠢᠶᠦ᠋ᠨ ᠶᠡᠷᠦᠩᠬᠡᠢ ᠱᠦᠵᠢ ᠳᠤ ᠬᠠᠷᠢᠭᠤ ᠮᠡᠳᠡᠭᠦᠯᠪᠡ᠃ | ᠡᠶᠢᠮᠦᠷᠬᠦᠦ ᠪᠤᠭᠤᠳᠠᠢ ᠶᠢᠨ ᠲᠠᠷᠢᠶᠠᠨ ᠳᠤ ᠯᠠᠵᠤᠤ ᠶᠢ ᠲᠤᠬᠤᠵᠤ ᠲᠠᠷᠢᠬᠤ ᠠᠷᠭ᠎ᠠ ᠭᠡᠯᠪᠡᠷᠢ ᠨᠢ ᠶᠠᠮᠠᠷ ᠰᠠᠶᠢᠨ ᠲᠠᠯ᠎ᠠ ᠲᠠᠢ ᠪᠤᠢ︖ ︽ᠢᠩᠭᠢᠵᠦ ᠲᠠᠷᠢᠬᠤ ᠨᠢ | ᠴᠠᠭ ᠤᠨ ᠵᠥᠷᠢᠶ᠎ᠡ᠂ ᠣᠷᠣᠨ ᠵᠠᠢ ᠶᠢᠨ ᠵᠥᠷᠢᠶ᠎ᠡ ᠶᠢ ᠭᠦᠢᠴᠡᠳ ᠠᠰᠢᠭᠯᠠᠵᠤ᠂ ᠲᠠᠷᠢᠮᠠᠯ ᠢ ᠨᠠᠩ ᠰᠠᠶᠢᠨ ᠤᠷᠭᠤᠭᠤᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ | ᠨᠣᠷᠮ᠎ᠠ ᠶᠢ ᠳᠡᠭᠡᠭᠰᠢᠯᠡᠭᠦᠯᠵᠦ ᠴᠢᠳᠠᠨ᠎ᠠ︾᠃ ᠯᠢᠦ ᠵᠢᠶᠦ᠋ᠨ᠂ ᠪᠣᠷᠣᠳᠣᠬᠤᠢ ᠣᠷᠣᠨ ᠳᠤ᠂ ᠪᠤᠭᠤᠳᠠᠢ ᠶᠢ ᠵᠢᠯ ᠪᠦᠷᠢ ᠶᠢᠨ 3 ᠰᠠᠷ᠎ᠠ ᠶᠢᠨ 20 ᠤ ᠡᠳᠦᠷ ᠠᠴᠠ | ᠡᠬᠢᠯᠡᠨ ᠳᠠᠷᠢᠵᠤ᠂ ᠴᠢᠬᠢ ᠭᠠᠷᠬᠤ ᠬᠤᠭᠤᠴᠠᠭ᠎ᠠ ᠨᠢ 4 ᠰᠠᠷ᠎ᠠ ᠶᠢᠨ 15 ᠤ ᠡᠳᠦᠷ ᠣᠷᠴᠢᠮ ᠪᠠᠶᠢᠵᠤ᠂ ᠯᠠᠵᠤᠤ ᠶᠢ 5 ᠰᠠᠷ᠎ᠠ ᠶᠢᠨ 15 ᠤ ᠡᠳᠦᠷ ᠣᠷᠴᠢᠮ | ᠰᠢᠯᠵᠢᠭᠦᠯᠦᠨ ᠵᠠᠶᠢᠯᠠᠨ᠎ᠠ᠂ ᠲᠡᠭᠡᠪᠡᠯ ᠪᠤᠭᠤᠳᠠᠢ 4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 15 ᠤ ᠡᠳᠦᠷ ᠪᠤᠯᠲᠠᠯᠠᠭᠢ ᠬᠤᠭᠤᠴᠠᠭᠠᠨ ᠳᠤ ᠲᠤᠰᠠᠭᠠᠷ ᠨᠢᠭᠡ | ᠰᠠᠷ᠎ᠠ ᠤᠷᠭᠤᠵᠤ᠂ ᠵᠠᠬ᠎ᠠ ᠶᠢᠨ ᠭᠡᠷᠡᠯ ᠤᠨ ᠡᠨᠧᠷᠭᠢ ᠪᠠ ᠬᠥᠷᠥᠰᠥᠨ ᠤ ᠰᠢᠮ᠎ᠡ ᠲᠡᠵᠢᠭᠡᠯ ᠤᠨ ᠨᠥᠬᠦᠴᠡᠯ ᠰᠠᠶᠢᠨ ᠪᠠᠶᠢᠳᠠᠭ᠂ ᠡᠭᠦᠨ ᠢ ᠵᠠᠬ᠎ᠠ ᠶᠢᠨ ᠳᠠᠪᠠᠭᠤᠯᠢᠭ | ᠭᠡᠳᠡᠭ᠃ ᠪᠤᠭᠤᠳᠠᠢ ᠶᠢᠨ ᠬᠤᠷᠢᠶᠠᠯᠲᠠ ᠶᠢᠨ ᠤᠯᠠᠷᠢᠯ ᠨᠢ 7 ᠰᠠᠷ᠎ᠠ ᠶᠢᠨ 25 ᠤ ᠡᠳᠦᠷ ᠠᠴᠠ ᠰᠡᠭᠦᠯᠡᠷ ᠪᠠᠶᠢᠵᠤ᠂ ᠪᠤᠭᠤᠳᠠᠢ ᠶᠢ ᠬᠠᠳᠤᠭᠰᠠᠨ ᠤ ᠳᠠᠷᠠᠭ᠎ᠠ ᠶᠠᠭ | ᠰᠠᠶᠢᠬᠠᠨ ᠯᠠᠵᠤᠤ ᠰᠠᠶᠢᠨ ᠤᠷᠭᠤᠬᠤ ᠬᠤᠭᠤᠴᠠᠭ᠎ᠠ ᠪᠣᠯᠣᠨ᠎ᠠ᠂ ᠪᠤᠭᠤᠳᠠᠢ ᠦᠭᠡᠢ ᠪᠣᠯ ᠯᠠᠵᠤᠤ ᠨᠢ ᠪᠠᠰᠠ ᠵᠠᠬ᠎ᠠ ᠶᠢᠨ ᠳᠠᠪᠠᠭᠤᠯᠢᠭ ᠠᠴᠠ ᠪᠣᠯᠵᠤ ᠤᠨᠠᠯᠲᠠ ᠨᠢ | ᠳᠡᠭᠡᠭᠰᠢᠯᠡᠳᠡᠭ ᠭᠡᠵᠦ ᠲᠠᠨᠢᠯᠴᠠᠭᠤᠯᠪᠠ᠃ | ᠪᠤᠭᠤᠳᠠᠢ ᠲᠠᠷᠢᠪᠠᠯ ᠮᠦ ᠪᠦᠷᠢ ᠶᠢᠨ ᠠᠰᠢᠭ ᠣᠷᠣᠯᠭ᠎ᠠ ᠨᠢ ᠬᠡᠳᠦᠢ ᠪᠤᠢ︖ | ᠪᠤᠭᠤᠳᠠᠢ ᠶᠢᠨ ᠲᠠᠷᠢᠶᠠᠨ ᠳᠤ ᠯᠠᠵᠤᠤ ᠶᠢ ᠲᠤᠬᠤᠵᠤ ᠲᠠᠷᠢᠪᠠᠯ ᠠᠰᠢᠭ ᠣᠷᠣᠯᠭ᠎ᠠ ᠨᠢ ᠬᠡᠳᠦᠢ ᠪᠣᠯᠵᠤ ᠲᠡᠶᠢᠯᠭᠦ ᠪᠤᠢ︖ ︽ᠮᠠᠨ ᠤ ᠣᠲᠣ ᠶᠢᠨ ᠳᠠᠷᠢᠬᠤ | ᠬᠢᠷᠢ ᠲᠦᠪᠰᠢᠨ ᠢᠶᠠᠷ᠂ ᠮᠦ ᠪᠦᠷᠢ ᠶᠢᠨ ᠪᠤᠭᠤᠳᠠᠢ ᠶᠢᠨ ᠣᠷᠣᠯᠭ᠎ᠠ 1300 ᠲᠥᠭᠦᠷᠢᠭ ᠲᠤ ᠭᠦᠷᠦᠨ᠎ᠡ᠂ ᠭᠡᠪᠡᠴᠦ ᠡᠨᠡ ᠨᠢ ᠳᠤᠮᠳᠠᠴᠢ ᠬᠢᠷᠢ ᠲᠦᠪᠰᠢᠨ ᠪᠢᠰᠢ᠂ | ᠤᠴᠢᠷ ᠨᠢ ᠮᠠᠨ ᠤ ᠠᠳᠡ ᠪᠣᠯ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠪᠣᠯᠬᠤᠷ ᠤᠨᠠᠯᠲᠠ ᠨᠢ ᠥᠨᠳᠥᠷ ᠰᠢᠭ ᠪᠠᠶᠢᠳᠠᠭ᠃ ᠪᠤᠭᠤᠳᠠᠢ ᠶᠢᠨ ᠲᠠᠷᠢᠶᠠᠨ ᠳᠤ | ᠯᠠᠵᠤᠤ ᠶᠢ ᠲᠤᠬᠤᠵᠤ ᠲᠠᠷᠢᠬᠤ ᠡᠨᠡ ᠬᠦ ᠲᠠᠷᠢᠮᠠᠯ ᠤᠨ ᠭᠡᠯᠪᠡᠷᠢ ᠨᠢ ᠮᠦ ᠪᠦᠷᠢ ᠠᠴᠠ 2000 ᠲᠥᠭᠦᠷᠢᠭ ᠤᠨ ᠣᠷᠣᠯᠭ᠎ᠠ ᠢᠯᠡᠭᠦᠦ ᠣᠯᠵᠤ᠂ ᠠᠰᠢᠭ ᠣᠯᠵᠠᠪᠤᠷᠢ ᠨᠢ | 3300 ᠲᠥᠭᠦᠷᠢᠭ ᠲᠤ ᠬᠦᠷᠬᠦ ᠪᠣᠯᠣᠨ᠎ᠠ︾᠃ ︽ᠶᠡᠷᠦᠩᠬᠡᠢ ᠱᠦᠵᠢ ᠰᠣᠨᠣᠰᠤᠭᠠᠳ ᠮᠠᠰᠢ ᠪᠠᠶᠠᠷᠯᠠᠵᠤ᠂ ᠤᠯᠠᠨ ᠲᠠᠢ ᠬᠠᠮᠲᠤ ᠣᠷᠣᠯᠭ᠎ᠠ ᠶᠢᠨ ᠨᠡᠮᠡᠭᠳᠡᠯ ᠤᠨ | ᠲᠠᠩᠰᠠ ᠪᠤᠳᠤᠪᠠ᠃ | ᠶᠡᠷᠦᠩᠬᠡᠢ ᠱᠦᠵᠢ ᠭᠦᠨᠵᠡᠭᠡᠢ ᠠᠰᠠᠭᠤᠵᠤ᠂ ᠴᠠᠭᠠᠨ᠎ᠠ ᠨᠢ ᠭᠠᠷᠳᠠᠯ᠎ᠠ ᠶᠠᠷᠢᠪᠠ᠂ ᠶᠣᠰᠣᠲᠠᠢ ᠴᠠᠭᠠᠷᠠᠭᠰᠠᠨ ᠬᠥᠮᠥᠨ᠂ ᠲᠠᠷᠢᠶᠠᠯᠠᠩ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢ ᠮᠠᠰᠢ ᠠᠩᠬᠠᠷᠴᠤ᠂ ᠭᠠᠵᠠᠷ ᠰᠢᠷᠣᠢ᠂ ᠲᠠᠷᠢᠶᠠᠴᠢᠳ ᠲᠤ ᠬᠠᠶᠢᠷ᠎ᠠ ᠰᠡᠳᠬᠢᠯᠭᠡ ᠲᠠᠢ ᠪᠠᠶᠢᠳᠠᠭ︾ ᠭᠡᠵᠦ ᠯᠢᠦ ᠵᠢᠶᠦ᠋ᠨ ᠶᠡᠷᠦᠩᠬᠡᠢ ᠱᠦᠵᠢ ᠲᠠᠢ | ᠰᠠᠨᠠᠯ ᠢᠶᠠᠨ ᠰᠣᠯᠢᠯᠴᠠᠬᠤ ᠦᠶ᠎ᠡ ᠶᠢᠨ ᠪᠠᠶᠢᠳᠠᠯ ᠢᠶᠠᠨ ᠡᠷᠭᠢᠴᠡᠭᠦᠯᠦᠨ ᠲᠥᠷᠥᠭᠳᠡᠯ ᠭᠦᠨ ᠬᠡᠯᠡᠪᠡ᠃ 2019 ᠣᠨ ᠳᠤ᠂ ᠶᠡᠷᠦᠩᠬᠡᠢ ᠱᠦᠵᠢ ᠰᠢ ᠶᠢᠨ ᠫᠢᠩ᠂ | ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠹᠧᠨ ᠾᠧ ᠭᠤᠣᠯ ᠸᠧᠢ ᠾᠧ ᠭᠤᠣᠯ ᠤᠨ ᠲᠠᠯ᠎ᠠ ᠭᠠᠵᠠᠷ ᠵᠡᠷᠭᠡ ᠠᠮᠤ ᠪᠤᠳᠠᠭᠠᠨ ᠤ ᠭᠤᠣᠯ ᠭᠠᠷᠤᠯᠲᠠ ᠶᠢᠨ | ᠣᠷᠣᠨ ᠳᠤ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠳᠤᠷᠠᠳᠪᠠ᠃ | ᠣᠶᠢᠷ᠎ᠠ ᠶᠢᠨ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ | ᠬᠡᠷᠡᠭᠵᠢᠭᠦᠯᠵᠦ᠂ ᠭᠠᠵᠠᠷ ᠰᠢᠷᠣᠢ ᠶᠢᠨ ᠭᠠᠷᠤᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤ ᠠᠷᠪᠢᠯᠠᠬᠤ᠂ ᠭᠠᠵᠠᠷ ᠰᠢᠷᠣᠢ ᠶᠢ ᠨᠡᠮᠡᠭᠳᠡᠭᠦᠯᠬᠦ᠂ | ᠤᠨᠠᠯᠲᠠ ᠶᠢ ᠨᠡᠮᠡᠭᠳᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠵᠡᠷᠭᠡ ᠠᠯᠢ ᠣᠯᠠᠨ ᠦᠷ᠎ᠡ ᠪᠦᠲᠦᠮᠵᠢ ᠣᠯᠵᠠᠢ᠂ ᠡᠭᠦᠨ ᠤ ᠠᠷᠤ ᠳᠤ᠂ ᠯᠢᠦ ᠵᠢᠶᠦ᠋ᠨ ᠰᠢᠭ | ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠲᠣᠪ ᠳᠤᠭᠤᠢ ᠪᠠᠷ ᠵᠢᠳᠬᠦᠯ ᠴᠢᠷᠮᠠᠶᠢᠯᠭ᠎ᠠ ᠭᠠᠷᠭᠠᠭᠰᠠᠨ ᠠᠴᠠ ᠰᠠᠯᠵᠤ ᠴᠢᠳᠠᠰᠢ ᠦᠭᠡᠢ ᠶᠤᠮ᠃ ︽ᠬᠤᠶᠢᠰᠢᠳᠠ ᠶᠢᠨ | ᠡᠷᠴᠢ ᠵᠣᠷᠢᠭ ᠨᠡᠩ ᠲᠡᠭᠦᠯᠳᠡᠷ ᠪᠣᠯᠵᠠᠢ︾᠃ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ | ᠯᠢᠦ ᠵᠢᠶᠦ᠋ᠨ ᠳᠤ ᠲᠦᠢᠯ ᠤᠨ ᠶᠡᠭᠡ ᠵᠣᠷᠢᠭᠵᠢᠭᠤᠯᠤᠯ ᠪᠣᠯᠪᠠ᠃ ︽30 ᠭᠠᠷᠤᠢ ᠵᠢᠯ ᠠᠵᠢᠯᠯᠠᠭᠰᠠᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯᠲᠡᠨ | ᠪᠣᠯᠤᠭᠰᠠᠨ ᠤ ᠬᠤᠪᠢ ᠳᠤ᠂ ᠪᠢ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ | ᠪᠣᠭᠤᠮᠲᠠ ᠰᠢᠪᠲᠤᠯᠵᠤ᠂ ᠲᠠᠷᠢᠶᠠᠯᠠᠩ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠦᠷ ᠤᠷᠭᠤᠭᠤᠯᠵᠤ᠂ ᠲᠠᠷᠢᠶᠠᠯᠠᠩ ᠤᠨ ᠮᠡᠷᠭᠡᠵᠢᠯ ᠤᠨ | ᠳᠡᠯᠭᠡᠷᠡᠭᠦᠯᠦᠯᠲᠡ ᠶᠢ ᠢᠳᠡᠪᠬᠢᠲᠡᠢ ᠰᠠᠶᠢᠲᠤᠷ ᠬᠢᠵᠦ᠂ ᠪᠠᠶᠠᠨᠨᠠᠭᠤᠷ ᠬᠤᠳᠠ ᠶᠢᠨ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠳᠤ ᠥᠪᠡᠷ ᠤᠨ | ᠬᠦᠴᠦᠨ ᠴᠢᠳᠠᠯ ᠢᠶᠠᠨ ᠡᠷᠭᠦᠨ᠎ᠡ︾ ᠭᠡᠵᠡᠢ᠃ ᠬᠦᠷᠢᠶᠡᠯᠡᠩ ᠲᠣᠭᠤᠷᠢᠭ ᠤᠨ ᠲᠠᠷᠢᠶᠠᠨ ᠭᠠᠵᠠᠷ ᠢ ᠵᠥᠭᠡᠯᠡᠨ ᠰᠠᠯᠬᠢ ᠢᠯᠪᠢᠬᠦ ᠳᠤ᠂ ︽ᠪᠣᠷᠣᠳᠣᠬᠤᠢ ᠶᠢᠨ ᠠᠮᠤ ᠶᠢᠨ | ᠰᠠᠩ︾ ᠶᠢᠨ ᠬᠦᠰᠡᠯ ᠡᠷᠡᠮᠡᠯᠵᠡᠯ ᠪᠢᠯᠬᠠᠵᠤ᠂ ᠮᠥᠨ ᠴᠦ ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠢᠲᠡᠭᠡᠯ ᠵᠣᠷᠢᠭ ᠪᠢᠯᠬᠠᠵᠤ ᠪᠠᠶᠢᠯ᠎ᠠ᠃ | ︽ᠶᠡᠷᠦᠩᠬᠡᠢ ᠱᠦᠵᠢ ᠪᠢᠳᠡᠨ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ︾ ᠰᠤᠪᠠᠭ ᠤᠨ ᠳᠤᠰᠤᠯ ᠤᠰᠤ᠂ ᠤᠯᠤᠰ ᠭᠡᠷ ᠤᠨ ᠬᠢᠵᠠᠭᠠᠯᠠᠰᠢ ᠦᠭᠡᠢ | ᠬᠠᠶᠢᠷ᠎ᠠ ᠰᠡᠳᠬᠢᠯᠭᠡ᠃ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠨᠢ ᠶᠡᠷᠦᠩᠬᠡᠢ ᠱᠦᠵᠢ ᠶᠢᠨ | ᠢᠮᠠᠭᠲᠠ ᠠᠩᠬᠠᠷᠴᠤ ᠪᠠᠶᠢᠭ᠎ᠠ ᠠᠰᠠᠭᠤᠳᠠᠯ ᠶᠤᠮ᠃ 2019 ᠣᠨ ᠳᠤ᠂ ᠶᠡᠷᠦᠩᠬᠡᠢ ᠱᠦᠵᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ᠂ ᠬᠠᠲᠤᠨ ᠭᠤᠣᠯ ᠤᠨ ᠤᠰᠤᠨ ᠤ ᠡᠬᠢ ᠪᠠᠶᠠᠯᠢᠭ ᠡᠳᠦ᠋ᠢᠬᠡᠨ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠬᠢᠬᠦ ᠳᠤ ᠤᠰᠤ ᠬᠡᠷᠡᠭᠯᠡᠨ᠎ᠡ᠂ ᠠᠵᠤ ᠠᠬᠤᠢ ᠶᠢ ᠬᠥᠭᠵᠢᠭᠦᠯᠬᠦ᠂ ᠢᠳᠡᠵᠦ ᠡᠮᠦᠰᠬᠦ ᠳᠡᠭᠡᠨ ᠴᠦ ᠤᠰᠤ ᠠᠴᠠ ᠰᠠᠯᠵᠤ | ᠴᠢᠳᠠᠬᠤ ᠦᠭᠡᠢ᠂ ᠤᠰᠤ ᠶᠢ ᠬᠢᠵᠠᠭᠠᠷ ᠦᠭᠡᠢ ᠬᠠᠩᠭᠠᠬᠤ ᠡᠬᠢ ᠪᠠᠶᠠᠯᠢᠭ ᠪᠤᠯᠭᠠᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃ | ︽ᠪᠣᠷᠣᠳᠣᠬᠤᠢ ᠤᠰᠤ ᠳᠤᠲᠠᠬᠤ ᠦᠭᠡᠢ ᠪᠤᠯᠪᠠᠴᠤ ᠤᠰᠤᠨ ᠤ ᠡᠬᠢ ᠪᠠᠶᠠᠯᠢᠭ ᠢ ᠠᠷᠪᠢᠯᠠᠵᠤ᠂ ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠪᠠ | ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠂ ᠬᠠᠷᠢᠨ ᠴᠦ ᠬᠡᠲᠦᠷᠡᠲᠡᠯ᠎ᠡ ᠤᠰᠤᠯᠠᠵᠤ ᠪᠤᠯᠬᠤ ᠦᠭᠡᠢ︾᠃ 6 ᠰᠠᠷ᠎ᠠ ᠶᠢᠨ 5 ᠤ ᠡᠳᠦᠷ᠂ | ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠤᠰᠤᠨ ᠤ ᠡᠬᠢ ᠪᠠᠶᠠᠯᠢᠭ ᠢ ᠠᠷᠪᠢᠯᠠᠬᠤ ᠶᠢᠨ ᠴᠢᠬᠤᠯᠠ ᠴᠢᠨᠠᠷ ᠢ ᠳᠠᠬᠢᠨᠲᠠ | ᠴᠢᠬᠤᠯᠠᠴᠢᠯᠠᠪᠠ᠃ ᠡᠨᠡ ᠲᠠᠯ᠎ᠠ ᠪᠠᠷ ᠥᠪᠥᠷ ᠮᠣᠩᠭᠤᠯ ᠤᠨ ᠾᠧ ᠰᠢᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠪᠠᠢ | ᠧᠨ ᠽᠧ ᠲᠥᠷᠥᠭᠳᠡᠯ ᠭᠦᠨ ᠪᠠᠶᠢᠯ᠎ᠠ᠃ 6 ᠰᠠᠷ᠎ᠠ ᠶᠢᠨ 5 ᠤ ᠦᠳᠡ ᠶᠢᠨ ᠬᠤᠶᠢᠨ᠎ᠠ᠂ ᠰᠤᠷᠪᠤᠯᠵᠢᠯᠠᠬᠴᠢ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ | ᠲᠡᠭᠦᠨ ᠲᠠᠢ ᠠᠭᠤᠯᠵᠠᠪᠠ᠃ ᠠᠮᠤ ᠪᠤᠳᠠᠭ᠎ᠠ ᠳᠠᠷᠢᠬᠤ ᠲᠣᠮᠣ ᠡᠷᠦᠭᠡ ᠪᠣᠯᠤᠭᠰᠠᠨ ᠤ ᠬᠤᠪᠢ ᠳᠤ᠂ ᠪᠠᠢ ᠧᠨ ᠽᠧ ᠣᠶᠢᠷ᠎ᠠ ᠶᠢᠨ ᠵᠢᠯ ᠤᠳ ᠲᠤ ᠲᠠᠷᠢᠶ᠎ᠠ ᠳᠠᠷᠢᠬᠤ | ᠲᠠᠯ᠎ᠠ ᠪᠠᠷ ᠬᠤᠪᠢᠷᠠᠯᠲᠠ ᠭᠠᠷᠤᠭᠰᠠᠨ ᠲᠤᠬᠠᠢ ᠲᠥᠷᠥᠭᠳᠡᠯ ᠭᠦᠨ ᠪᠠᠶᠢᠯ᠎ᠠ᠃ ︽ᠥᠩᠭᠡᠷᠡᠭᠡᠭᠰᠡᠨ ᠳᠤ ᠲᠠᠷᠢᠶ᠎ᠠ ᠲᠠᠷᠢᠬᠤ ᠳᠤ ︿ᠣᠷᠴᠢᠨ ᠲᠣᠭᠤᠷᠢᠨ﹀ ᠭᠡᠬᠦ | ᠤᠬᠠᠮᠰᠠᠷ ᠪᠠᠶᠢᠬᠤ ᠦᠭᠡᠢ᠂ ᠶᠡᠭᠡ ᠤᠰᠤ ᠪᠠᠷ ᠨᠡᠯᠦ᠋ᠢᠲᠡᠯ᠎ᠡ ᠤᠰᠤᠯᠠᠵᠤ᠂ ᠪᠣᠷᠳᠣᠭᠤᠷ ᠢ ᠬᠡᠮᠵᠢᠶ᠎ᠡ ᠲᠣᠮᠵᠢᠶ᠎ᠠ ᠦᠭᠡᠢ ᠬᠡᠷᠡᠭᠯᠡᠵᠦ᠂ ᠪᠣᠷᠳᠣᠭᠤᠷ ᠢ ᠪᠦᠷᠢᠯᠭᠡᠭᠰᠡᠨ | ᠮᠥᠷᠲᠡᠭᠡᠨ ᠤᠰᠤᠨ ᠤ ᠡᠬᠢ ᠰᠤᠷᠪᠤᠯᠵᠢ ᠶᠢ ᠴᠤ ᠪᠣᠬᠢᠷᠲᠤᠭᠤᠯᠪᠠ︾ ᠭᠡᠵᠦ ᠬᠡᠯᠡᠪᠡ᠃ ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤᠨ ᠤ ᠬᠢᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠪᠠᠷ ᠰᠠᠭᠤᠷᠢ ᠪᠤᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠭᠡᠯᠪᠡᠷᠢ᠂ | ᠡᠬᠢ ᠪᠠᠶᠠᠯᠢᠭ ᠢ ᠠᠰᠢᠭᠯᠠᠬᠤ ᠠᠷᠭ᠎ᠠ ᠭᠡᠯᠪᠡᠷᠢ ᠪᠠ ᠡᠵᠡᠩᠨᠡᠯᠲᠡ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠲᠠᠷᠢᠶᠠᠯᠠᠩ ᠤᠨ | ᠪᠣᠷᠳᠣᠭᠤᠷ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠰᠦᠯᠢᠶᠥᠦ ᠪᠦᠷᠬᠦᠪᠴᠢ ᠶᠢ ᠬᠢᠵᠠᠭᠠᠷᠯᠠᠬᠤ᠂ ᠲᠠᠷᠢᠶᠠᠨ ᠡᠮ ᠢ ᠬᠢᠵᠠᠭᠠᠷᠯᠠᠬᠤ ︽ᠳᠥᠷᠪᠡ ᠶᠢ | ᠬᠢᠵᠠᠭᠠᠷᠯᠠᠬᠤ︾ ᠠᠵᠢᠯᠯᠠᠭ᠎ᠠ ᠶᠢ ᠪᠠᠶᠢᠩᠭᠤ ᠬᠡᠷᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ︽ᠪᠣᠬᠢᠷᠳᠤᠯ ᠦᠭᠡᠢ ᠲᠡᠶᠢᠰᠢ ᠬᠥᠭᠵᠢᠬᠦ︾ ᠶᠢ | ᠠᠬᠢᠭᠤᠯᠵᠤ᠂ ᠨᠠᠩ ᠴᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪ ᠳᠠᠭᠤᠷᠢᠶᠠᠯ︾ ᠢ ᠪᠤᠢ ᠪᠣᠯᠭᠠᠵᠠᠢ᠃ | ︽ᠣᠳᠣᠬᠠᠨ ᠳᠤ᠂ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠤᠨ ᠬᠢᠨ ᠨᠠᠷᠢᠯᠢᠭᠵᠢᠭᠤᠯᠤᠨ ᠲᠠᠷᠢᠶᠠᠯᠠᠬᠤ᠂ ᠳᠣᠬᠢᠭᠤᠷ ᠲᠤᠯᠤᠭᠠᠨ ᠣᠲᠣ ᠨᠡᠷᠡᠮᠵᠢᠲᠦ | ᠠᠶᠠᠯᠠᠯ ᠵᠠᠮᠴᠢᠯᠠᠬᠤ ᠮᠡᠷᠭᠡᠵᠢᠯ ᠢ ᠬᠡᠷᠡᠭᠯᠡᠨ ᠳᠠᠷᠢᠵᠤ᠂ ᠮᠦ ᠪᠦᠷᠢ ᠳᠤ ᠢᠯᠡᠭᠦᠦ 1200 ᠰᠠᠭᠤᠷᠢ ᠣᠷᠴᠢᠮ ᠳᠠᠷᠢᠵᠤ᠂ ᠠᠰᠢᠭᠯᠠᠯᠲᠠ ᠶᠢᠨ ᠨᠣᠷᠮ᠎ᠠ ᠶᠢ 8% ᠪᠠᠷ | ᠨᠡᠮᠡᠭᠳᠡᠭᠦᠯᠪᠡ᠃ ᠡᠭᠦᠨ ᠤ ᠬᠠᠮᠲᠤ᠂ ᠨᠡᠯᠦ᠋ᠢᠲᠡᠯ᠎ᠡ ᠤᠰᠤᠯᠠᠬᠤ ᠶᠢ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠨᠠᠷᠢᠯᠢᠭ ᠣᠨᠣᠴᠠᠲᠠᠢ ᠳᠤᠰᠤᠯᠠᠭᠠᠨ | ᠤᠰᠤᠯᠠᠬᠤ ᠪᠣᠯᠭᠠᠨ ᠥᠭᠡᠷᠡᠴᠢᠯᠡᠵᠦ᠂ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠯᠲᠡ ᠵᠠᠰᠠᠯᠲᠠ ᠶᠢ ᠬᠡᠷᠡᠭᠵᠢᠭᠦᠯᠵᠦ᠂ ᠤᠰᠤ᠂ ᠪᠣᠷᠳᠣᠭᠤᠷ᠂ ᠡᠮ ᠤᠨ | ᠬᠡᠷᠡᠭᠯᠡᠯᠲᠡ ᠶᠢᠨ ᠨᠣᠷᠮ᠎ᠠ ᠶᠢ ᠨᠠᠩ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠤᠯᠭᠠᠵᠤ᠂ ᠡᠲᠡᠭᠡᠷ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠤᠰᠤ ᠶᠢ 30% ᠣᠷᠴᠢᠮ ᠠᠷᠪᠢᠯᠠᠵᠤ᠂ ᠪᠣᠷᠳᠣᠭᠤᠷ ᠢ 20% ᠣᠷᠴᠢᠮ ᠠᠷᠪᠢᠯᠠᠵᠤ᠂ ᠤᠨᠠᠯᠲᠠ ᠶᠢ ᠨᠠᠭᠠᠲᠤ ᠵᠠᠬ᠎ᠠ ᠳᠠᠭᠠᠨ 10% ᠨᠡᠮᠡᠭᠳᠡᠭᠦᠯᠵᠦ᠂ | ᠥᠪᠡᠷ ᠤᠨ ᠥᠷᠲᠡᠭ ᠢ ᠪᠠᠭᠤᠷᠠᠭᠤᠯᠵᠤ᠂ ᠦᠷ᠎ᠡ ᠠᠰᠢᠭ ᠢ ᠬᠠᠷᠢᠨ ᠳᠡᠭᠡᠭᠰᠢᠯᠡᠭᠦᠯᠪᠡ︾᠃ ᠪᠠᠢ ᠧᠨ ᠽᠧ ᠪᠠᠶᠠᠷ ᠲᠠᠢ ᠪᠠᠷ ᠲᠠᠨᠢᠯᠴᠠᠭᠤᠯᠬᠤ ᠳᠠᠭᠠᠨ᠂ ᠣᠶᠢᠷ᠎ᠠ ᠶᠢᠨ | ᠵᠢᠯ ᠤᠳ ᠲᠤ ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ᠂ ᠬᠠᠲᠤᠨ ᠭᠤᠣᠯ ᠤᠨ ᠤᠰᠤ ᠶᠢ ᠲᠤᠩᠭᠠᠵᠤ ᠳᠤᠰᠤᠯᠠᠭᠠᠨ ᠤᠰᠤᠯᠠᠬᠤ ᠵᠡᠷᠭᠡ | ᠮᠡᠷᠭᠡᠵᠢᠯ ᠢ ᠬᠡᠷᠡᠭᠵᠢᠭᠦᠯᠦᠭᠰᠡᠨ ᠢᠶᠠᠷ ᠲᠤᠬᠠᠢ ᠶᠢᠨ ᠭᠠᠵᠠᠷ ᠤᠨ ᠲᠠᠷᠢᠶᠠᠨ ᠭᠠᠵᠠᠷ ᠤᠨ ᠶᠠᠰᠤ ᠴᠢᠨᠠᠷ ᠨᠢᠰᠬᠦ ᠮᠡᠲᠦ ᠲᠦᠷᠭᠡᠨ ᠳᠡᠭᠡᠭᠰᠢᠯᠡᠪᠡ ᠭᠡᠵᠡᠢ᠃ | ︽ᠶᠡᠷᠦᠩᠬᠡᠢ ᠱᠦᠵᠢ ᠤᠳᠤ ᠦᠶ᠎ᠡ ᠶᠢᠨ ᠥᠨᠳᠥᠷ ᠪᠦᠲᠦᠮᠵᠢᠲᠡᠢ ᠲᠠᠷᠢᠶᠠᠯᠠᠩ ᠪᠣᠯᠣᠨ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠬᠦ | ᠬᠡᠷᠡᠭᠲᠡᠢ ᠭᠡᠵᠦ ᠬᠡᠯᠡᠪᠡ᠂ ᠡᠨᠡ ᠨᠢ ᠪᠢᠳᠡᠨ ᠳᠤ ᠴᠢᠭᠯᠡᠯ ᠢ ᠵᠢᠭᠠᠵᠤ ᠥᠭᠴᠡᠢ᠃ ᠬᠤᠶᠢᠰᠢᠳᠠ ᠪᠢᠳᠡ ᠳᠠᠷᠢᠵᠤ ᠤᠷᠭᠤᠭᠤᠯᠬᠤ ᠮᠡᠷᠭᠡᠵᠢᠯ ᠤᠨ ᠲᠠᠯ᠎ᠠ ᠪᠠᠷ ᠲᠠᠰᠤᠷᠠᠯᠲᠠ | ᠦᠭᠡᠢ ᠰᠢᠨ᠎ᠡ ᠶᠢ ᠡᠭᠦᠳᠴᠦ᠂ ᠬᠡᠪᠴᠢᠶᠡᠲᠦ ᠡᠵᠡᠩᠨᠡᠯᠲᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠥᠷᠭᠡᠨ ᠣᠯᠠᠨ ᠲᠠᠷᠢᠶᠠᠴᠢᠨ ᠡᠷᠦᠭᠡ ᠶᠢ ᠳᠠᠶᠢᠴᠢᠯᠠᠨ ᠢᠯᠡᠭᠦᠦ ᠠᠮᠤ ᠪᠤᠳᠠᠭ᠎ᠠ ᠳᠠᠷᠢᠵᠤ᠂ ᠰᠠᠶᠢᠨ ᠡᠭᠦᠯᠳᠡᠷ ᠤᠨ | ᠠᠮᠤ ᠪᠤᠳᠠᠭ᠎ᠠ ᠲᠠᠷᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠪᠠᠢ ᠧᠨ ᠽᠧ ᠢᠯᠡᠳᠬᠡᠪᠡ᠃ | |