︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠪᠠᠶᠢᠭᠤᠯᠤᠯᠲᠠ ᠶᠢᠨ ᠢᠨᠵᠧᠨᠧᠷᠢᠩ ᠢ ᠳᠥᠭᠦᠮᠴᠢᠯᠡᠭᠡᠳ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠭᠡᠳᠡᠭ᠂ ᠡᠨᠡ ᠪᠣᠯ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠪᠣᠯᠣᠨ ᠵᠡᠭᠦᠨ ᠬᠤᠶᠢᠲᠤ | ᠣᠷᠣᠨ ᠳᠤ ᠪᠠᠶᠢᠭᠤᠯᠤᠭᠰᠠᠨ ᠲᠣᠮᠣ ᠭᠡᠯᠪᠡᠷᠢ ᠶᠢᠨ ᠬᠥᠮᠥᠨ ᠤ ᠬᠦᠴᠦᠨ ᠤ ᠣᠶ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠪᠣᠯᠣᠨ᠎ᠠ᠂ ᠰᠢᠨᠵᠢᠶᠠᠩ ᠠᠴᠠ | ᠡᠬᠢᠯᠡᠵᠦ ᠬᠠᠷᠠᠮᠥ᠋ᠷᠡᠨ ᠭᠦᠷᠳᠡᠭ᠃ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠵᠢᠱᠢᠯᠲᠡ ᠪᠠᠷ 2050 ᠣᠨ ᠳᠤ ᠳᠠᠭᠤᠰᠬᠠᠵᠤ᠂ 73 ᠵᠢᠯ ᠤᠨ ᠬᠤᠭᠤᠴᠠᠭ᠎ᠠ ᠶᠢ ᠬᠡᠷᠡᠭᠰᠡᠵᠦ᠂ | ᠭᠤᠷᠪᠠᠨ ᠱᠠᠲᠤ ᠨᠠᠢᠮᠠᠨ ᠬᠤᠭᠤᠴᠠᠭ᠎ᠠ ᠬᠤᠪᠢᠶᠠᠨ ᠶᠠᠪᠤᠭᠳᠠᠭᠤᠯᠵᠤ᠂ 10 ᠵᠢᠯ ᠣᠷᠴᠢᠮ ᠤᠨ ᠴᠠᠭ ᠢ ᠬᠡᠷᠡᠭᠰᠡᠨ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠬᠢᠬᠦ ᠪᠠᠷ ᠴᠢᠷᠮᠠᠶᠢᠨ᠎ᠠ᠃ 2021 — 2030 ᠣᠨ ᠪᠣᠯ ︽ᠤᠮᠠᠷᠠᠲᠤ ᠶᠢᠨ ᠭᠤᠷᠪᠠᠨ ᠣᠷᠣᠨ︾ | ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠪᠤᠯᠤᠨ᠎ᠠ︔ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ︔ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠮᠥᠨ᠃ | ᠵᠠᠰᠠᠯᠲᠠ ᠶᠢᠨ ᠭᠤᠣᠯᠳᠠᠯᠭ᠎ᠠ ᠶᠢ ᠲᠣᠪᠤᠶᠢᠯᠭᠠᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ᠂ ᠬᠠᠲᠤᠨ ᠭᠤᠣᠯ ᠤᠨ ︽ᠶᠡᠭᠡ ᠲᠣᠬᠤᠢ︾ | ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ | ᠳᠠᠶᠢᠯᠠᠯᠳᠤᠭᠠᠨ᠂ ᠾᠧᠰᠢ ᠶᠢᠨ ᠬᠤᠩᠭᠢᠯ — ᠲᠠᠺᠯᠢᠮᠠᠺᠠᠨ ᠤ ᠡᠯᠡᠰᠦᠨ ᠴᠦᠯ ᠤᠨ ᠬᠥᠪᠡᠭᠡᠨ ᠳᠠᠬᠢ ᠬᠤᠷᠢᠭᠯᠠᠯᠲᠠ ᠶᠢᠨ ᠳᠠᠶᠢᠯᠠᠯᠳᠤᠭᠠᠨ ᠢ ᠪᠦᠭᠦ | ᠬᠦᠴᠦᠨ ᠢᠶᠠᠷ ᠢᠶᠠᠨ ᠰᠠᠶᠢᠲᠤᠷ ᠬᠢᠨ᠎ᠡ᠃ | ᠰᠢᠨᠵᠢᠯᠡᠨ ᠪᠠᠶᠢᠴᠠᠭᠠᠭᠰᠠᠨ ᠴᠡᠭ᠄ | ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ | ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠢ ᠰᠢᠭᠤᠢ ᠶᠢᠨ ᠲᠠᠯᠠᠪᠠᠢ 1960 ᠣᠨ ᠳᠤ ᠪᠠᠶᠢᠭᠤᠯᠤᠭᠳᠠᠵᠤ᠂ ᠭᠠᠵᠠᠷ | ᠰᠢᠷᠣᠢ ᠶᠢᠨ ᠲᠠᠯᠠᠪᠠᠢ ᠨᠢ 5.2 ᠲᠦᠮᠡᠨ ᠮᠦ ᠪᠤᠢ᠃ ᠥᠩᠭᠡᠷᠡᠭᠰᠡᠨ ᠳᠤ᠂ ᠤᠢ ᠰᠢᠭᠤᠢ ᠶᠢᠨ ᠲᠠᠯᠠᠪᠠᠢ ᠶᠢᠨ ᠡᠷᠭᠢᠨ ᠲᠣᠭᠤᠷᠢᠨ ᠤ ᠡᠯᠡᠰᠦᠷᠬᠡᠭᠵᠢᠯ ᠬᠦᠨᠳᠦ | ᠨᠣᠴᠢᠲᠠᠢ ᠪᠠᠶᠢᠵᠤ᠂ ᠰᠠᠯᠬᠢ ᠰᠢᠭᠤᠷᠭ᠎ᠠ ᠳᠡᠭᠳᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠪᠠᠶᠢᠪᠠ᠃ ᠲᠠᠪᠢ ᠵᠢᠷᠠᠭᠠᠳ | ᠣᠨ ᠠᠴᠠ ᠡᠬᠢᠯᠡᠨ᠂ ᠬᠡᠳᠦᠨ ᠦᠶ᠎ᠡ ᠶᠢᠨ ᠤᠢ ᠰᠢᠭᠤᠢ ᠶᠢᠨ ᠠᠵᠢᠯᠲᠠᠨ ᠴᠥᠬᠦᠷᠡᠰᠢ ᠦᠭᠡᠢ ᠲᠡᠮᠡᠴᠡᠨ ᠨᠡᠶᠢᠳᠡ 3.9 ᠲᠦᠮᠡᠨ ᠮᠦ ᠮᠣᠳᠣ ᠳᠠᠷᠢᠵᠠᠢ᠃ 1978 | ᠣᠨ ᠳᠤ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠬᠤᠶᠠᠳᠤᠭᠠᠷ ᠬᠤᠭᠤᠴᠠᠭ᠎ᠠ᠂ | ᠴᠢᠨᠠᠷ ᠮᠠᠭᠤ ᠦᠷ᠎ᠡ ᠠᠰᠢᠭ ᠳᠣᠣᠷ᠎ᠠ ᠤᠢ ᠶᠢ ᠥᠭᠡᠷᠡᠴᠢᠯᠡᠬᠦ ᠢᠨᠵᠧᠨᠧᠷᠢᠩ ᠢ ᠵᠠᠯᠭᠠᠭ᠎ᠠ ᠪᠠᠷ ᠬᠡᠷᠡᠭᠵᠢᠭᠦᠯᠵᠦ᠂ ᠣᠶᠢᠵᠢᠭᠤᠯᠵᠤ ᠨᠣᠭᠤᠭᠠᠷᠠᠭᠤᠯᠬᠤ ᠪᠠᠷ | ᠳᠠᠮᠵᠢᠭᠤᠯᠤᠨ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠤ ᠡᠬᠢ ᠰᠤᠷᠪᠤᠯᠵᠢ ᠶᠢ ᠰᠠᠶᠢᠵᠢᠷᠠᠭᠤᠯᠬᠤ ᠦᠢᠯᠡᠳᠦᠯ ᠢ ᠪᠠᠳᠠᠷᠠᠭᠤᠯᠪᠠ᠃ ᠤᠳᠤ | ᠤᠢ ᠰᠢᠭᠤᠢ ᠶᠢᠨ ᠲᠠᠯᠠᠪᠠᠢ ᠶᠢᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ 65% ᠳᠤ ᠬᠦᠷᠴᠦ᠂ ᠨᠣᠮᠢᠨ ᠨᠣᠭᠤᠭᠠᠨ ᠠᠮᠢ ᠠᠬᠤᠢ ᠶᠢᠨ ᠬᠠᠯᠬᠠᠪᠴᠢ ᠶᠢ | ᠪᠠᠶᠢᠭᠤᠯᠤᠭᠰᠠᠨ ᠪᠠᠶᠢᠨ᠎ᠠ᠃ | ᠵᠣᠨ ᠤ ᠡᠬᠢ ᠪᠠᠷ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠤᠯᠠᠭᠠᠨᠲᠤᠭ ᠪᠠᠯᠭᠠᠰᠤᠨ ᠤ ᠤᠯᠤᠰ ᠤᠨ ᠡᠵᠡᠩᠨᠡᠯᠲᠡ ᠶᠢᠨ ᠰᠢᠨᠬᠤᠸᠠ ᠣᠶ | ᠰᠢᠭᠤᠢ ᠶᠢᠨ ᠲᠠᠯᠠᠪᠠᠶ ᠳᠤ ᠡᠪᠡᠰᠦ ᠮᠣᠳᠣ ᠬᠥᠬᠡᠷᠡᠨ ᠨᠣᠭᠤᠭᠠᠷᠠᠵᠤ᠂ ᠵᠦᠢᠯ ᠤᠨ ᠰᠢᠪᠠᠭᠤᠳ ᠵᠢᠷᠭᠢᠨ ᠳᠣᠩᠭᠤᠳᠴᠤ᠂ ᠨᠠᠭᠤᠷ ᠤᠨ ᠤᠰᠤ ᠲᠣᠯᠢ ᠰᠢᠭ᠋ ᠮᠡᠯᠮᠡᠯᠵᠡᠨ | ᠰᠡᠷᠢᠭᠦᠨ ᠰᠠᠯᠬᠢ ᠦᠯᠢᠶᠡᠨ᠎ᠡ᠃ | 6 ᠰᠠᠷ᠎ᠠ ᠶᠢᠨ 6 ᠤ ᠦᠳᠡ ᠶᠢᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ | ᠰᠢᠭᠤᠢ ᠶᠢᠨ ᠲᠠᠯᠠᠪᠠᠶ ᠳᠤ ᠢᠷᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ 1978 ᠣᠨ ᠠᠴᠠ ᠡᠬᠢᠯᠡᠨ᠂ ᠲᠤᠰ ᠤᠢ ᠰᠢᠭᠤᠢ ᠶᠢᠨ ᠲᠠᠯᠠᠪᠠᠢ ᠨᠢ ᠲᠠᠷᠢᠶᠠᠨ ᠭᠠᠵᠠᠷ ᠬᠤᠵᠢᠷᠰᠢᠭᠰᠠᠨ ᠠᠴᠠ | ᠪᠣᠯᠤᠭᠰᠠᠨ ᠡᠯᠡᠰᠦᠷᠬᠡᠭᠵᠢᠯ ᠤᠨ ᠠᠰᠠᠭᠤᠳᠠᠯ ᠢ ᠶᠡᠭᠡ ᠪᠠᠷ ᠵᠠᠰᠠᠵᠤ᠂ ᠨᠡᠶᠢᠲᠡ 3.9 ᠲᠦᠮᠡᠨ ᠮᠦ ᠮᠣᠳᠣ ᠳᠠᠷᠢᠵᠠᠢ᠃ ᠤᠢ ᠰᠢᠭᠤᠢ ᠶᠢᠨ ᠲᠠᠯᠠᠪᠠᠢ ᠳᠤ᠂ ᠰᠢ ᠶᠢᠨ | ᠫᠢᠩ ᠥᠪᠥᠷ ᠮᠣᠩᠭᠤᠯ ᠤᠨ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ | ᠤᠢ ᠰᠢᠭᠤᠢ ᠶᠢᠨ ᠲᠠᠯᠠᠪᠠᠢ ᠶᠢᠨ ᠡᠯᠡᠰᠦ ᠶᠢ ᠵᠠᠰᠠᠵᠤ ᠪᠤᠶᠢᠵᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠵᠠᠰᠠᠵᠤ ᠪᠠᠶᠢᠭ᠎ᠠ ᠡᠯᠡᠰᠦᠷᠬᠡᠭ | ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠶᠡᠷᠦᠩᠬᠡᠢ ᠱᠦᠵᠢ ᠶᠢᠨ ᠬᠦᠷᠴᠦ ᠢᠷᠡᠭᠰᠡᠨ ᠨᠢ ᠣᠶ ᠰᠢᠭᠤᠢ ᠶᠢᠨ ᠲᠠᠯᠠᠪᠠᠶ ᠶᠢᠨ ᠺᠠᠳ᠋ᠷ ᠠᠵᠢᠯᠲᠠᠨ ᠤ ᠡᠷᠴᠢ ᠵᠣᠷᠢᠭ ᠢ ᠬᠥᠪᠴᠢᠯᠡᠵᠦ᠂ ᠶᠡᠷᠦᠩᠬᠡᠢ | ᠱᠦᠵᠢ ᠶᠢᠨ ᠶᠠᠷᠢᠶ᠎ᠠ ᠨᠢ ᠣᠯᠠᠨ ᠢ ᠵᠣᠷᠢᠭᠵᠢᠭᠤᠯᠪᠠ᠃ ᠶᠡᠷᠦᠩᠬᠡᠢ ᠱᠦᠵᠢ ᠶᠢᠨ ᠰᠢᠨᠵᠢᠯᠡᠨ ᠪᠠᠶᠢᠴᠠᠭᠠᠭᠰᠠᠨ ᠮᠥᠷ ᠢ ᠲᠠᠭᠠᠵᠤ ᠰᠤᠷᠪᠤᠯᠵᠢᠯᠠᠬᠴᠢ ᠤᠯᠤᠰ ᠤᠨ | ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠢᠷᠡᠵᠦ᠂ ᠠᠳᠡ ᠬᠥᠮᠥᠰ ᠤᠨ ᠰᠡᠳᠬᠢᠯ ᠢ ᠲᠤᠬᠳᠤᠯᠤᠭᠤᠯᠤᠬᠰᠠᠨ ᠴᠠᠭ ᠮᠥᠴᠡ ᠶᠢ ᠳᠠᠬᠢᠨᠲᠠ | ᠰᠤᠷᠪᠤᠯᠵᠢᠯᠠᠵᠤ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ ᠨᠠᠨᠳᠢᠨ ᠡᠷᠡᠮᠡᠯᠵᠡᠯ ᠤᠨ ᠳᠤᠮᠳᠠ ᠢᠷᠡᠭᠡᠳᠦᠢ ᠶᠢᠨ ᠴᠢᠭᠯᠡᠯ ᠢᠶᠠᠨ ᠭᠤᠶᠢᠪᠢᠰᠢ ᠦᠭᠡᠢ | ᠡᠷᠢᠯᠬᠢᠯᠡᠪᠡ᠃ | ︽ᠶᠡᠷᠦᠩᠬᠡᠢ ᠱᠦᠵᠢ ᠰᠢᠷᠬᠡᠭ ᠡᠪᠡᠰᠦ ᠰᠠᠭᠤᠷᠢ ᠮᠣᠳᠣᠨ ᠳᠤ ᠭᠦᠷᠳᠡᠯ᠎ᠡ ᠴᠥᠮ ᠪᠢᠯᠬᠠᠮ᠎ᠠ ᠬᠠᠶᠢᠷ᠎ᠠ ᠰᠡᠳᠬᠢᠯᠭᠡ ᠲᠠᠢ ᠪᠠᠶᠢᠳᠠᠭ︾ ︽ᠶᠡᠷᠦᠩᠬᠡᠢ ᠱᠦᠵᠢ | ᠲᠡᠷᠭᠡ ᠠᠴᠠ ᠪᠠᠨ ᠪᠠᠭᠤᠮᠠᠭᠴᠠ᠂ ᠪᠢᠳᠠᠨ ᠠᠴᠠ ᠮᠣᠳᠣ ᠲᠠᠷᠢᠬᠤ ᠠᠷᠭ᠎ᠠ ᠭᠡᠯᠪᠡᠷᠢ ᠶᠢ ᠠᠰᠠᠭᠤᠨ ᠯᠠᠪᠯᠠᠵᠤ᠂ ᠡᠳᠡᠭᠡᠷ ᠮᠣᠳᠣ ᠶᠢ ᠨᠦᠬᠡᠯᠡᠵᠦ ᠵᠠᠶᠢᠯᠠᠭᠰᠠᠨ ᠶᠤᠮ ᠤᠤ︖ | ᠨᠢᠰᠬᠡᠯ ᠢᠶᠠᠷ ᠣᠶᠢᠵᠢᠭᠤᠯᠤᠭᠰᠠᠨ ᠦᠦ︖ ᠭᠡᠵᠦ ᠠᠰᠠᠭᠤᠪᠠ᠃ ᠡᠨᠡ ᠨᠢ ᠶᠡᠷᠦᠩᠬᠡᠢ ᠱᠦᠵᠢ ᠠᠮᠢ ᠠᠬᠤᠢ ᠶᠢᠨ ᠬᠦᠷᠢᠶ᠎ᠡ ᠴᠠᠷᠠᠭ᠎ᠠ ᠶᠢ ᠮᠠᠰᠢ ᠰᠠᠶᠢᠨ ᠣᠶᠢᠯᠠᠭᠠᠳᠠᠭ | ᠭᠡᠵᠦ ᠨᠠᠳᠠ ᠳᠤ ᠰᠠᠨᠠᠭᠳᠠᠭᠰᠠᠨ︾ ᠭᠡᠵᠦ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠯᠢᠨ ᠾᠧ ᠲᠣᠭᠤᠷᠢᠭ ᠤᠨ ᠨᠠᠮ ᠤᠨ | ᠬᠤᠷᠢᠶ᠎ᠠ ᠶᠢᠨ ᠱᠦᠵᠢ ᠵᠤᠤ ᠵᠢᠶᠦ᠋ᠨ ᠯᠢᠩ ᠶᠡᠷᠦᠩᠬᠡᠢ ᠱᠦᠵᠢ ᠳᠤ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠪᠠᠶᠢᠳᠠᠯ ᠢ ᠨᠠᠷᠢᠨ | ᠲᠠᠨᠢᠯᠴᠠᠭᠤᠯᠵᠤ᠂ ᠶᠡᠷᠦᠩᠬᠡᠢ ᠱᠦᠵᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠢᠶᠠᠨ ᠡᠷᠭᠢᠴᠡᠭᠦᠯᠬᠦ ᠳᠡᠭᠡᠨ ᠳᠣᠬᠳᠣᠯᠤᠬᠰᠠᠨ ᠰᠡᠳᠬᠢᠯᠭᠡ ᠪᠠᠨ ᠳᠠᠷᠤᠵᠤ ᠶᠠᠳᠠᠨ | ᠶᠠᠷᠢᠯ᠎ᠠ᠃ ᠥᠨᠥᠳᠥᠷ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠨᠣᠮᠢᠨ ᠳᠣᠯᠭᠢᠶ᠎ᠠ ᠬᠠᠶᠠᠯᠠᠨ᠎ᠠ᠃ ᠭᠡᠪᠡᠴᠦ ᠬᠠᠭᠠᠰ ᠵᠠᠭᠤᠨ ᠤ | ᠡᠮᠦᠨ᠎ᠡ ᠠᠳᠡᠬᠢ ᠨᠢ ᠡᠯᠦᠢ ᠬᠤᠯᠤᠢ᠂ ᠡᠵᠡᠭᠦᠢ ᠴᠦᠯ ᠬᠤᠵᠢᠷᠯᠢᠭ ᠠᠲᠠᠷ ᠭᠠᠵᠠᠷ ᠪᠠᠶᠢᠵᠠᠢ᠃ ᠬᠠᠲᠠᠭᠤ ᠪᠡᠷᠬᠡ ᠣᠷᠴᠢᠨ ᠲᠣᠭᠤᠷᠢᠨ ᠳᠤ᠂ ᠠᠲᠡ ᠦᠨᠳᠦᠰᠦ | ᠬᠠᠳᠬᠤᠨ ᠤᠷᠭᠤᠭᠰᠠᠨ ᠮᠣᠳᠣ ᠪᠣᠯᠭᠠᠨ ᠳᠤ ᠴᠥᠮ ᠣᠯᠠᠨ ᠤ ᠬᠦᠴᠦ ᠬᠥᠯᠥᠰᠦ ᠰᠢᠩᠭᠡᠭᠰᠡᠨ ᠪᠠᠶᠢᠯ᠎ᠠ᠃ ︽ᠶᠡᠷᠦᠩᠬᠡᠢ ᠱᠦᠵᠢ ᠠᠳᠡᠬᠢ ᠳᠠᠷᠢᠭᠰᠠᠨ ᠮᠣᠳᠣᠨ ᠤ | ᠲᠦᠷᠦᠯ ᠪᠠ ᠲᠡᠳᠡᠭᠡᠷ ᠤᠨ ᠣᠨᠴᠠᠯᠢᠭ ᠢ ᠮᠠᠰᠢ ᠠᠩᠬᠠᠷᠴᠤ ᠪᠠᠶᠢᠯ᠎ᠠ︾ ᠭᠡᠵᠦ ᠵᠤᠤ ᠵᠢᠶᠦ᠋ᠨ ᠯᠢᠩ ᠬᠡᠯᠡᠨ᠎ᠡ᠃ | ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠨᠢ ᠯᠢᠨ ᠾᠧ ᠲᠣᠭᠤᠷᠢᠭ ᠤᠨ ᠴᠣᠷ ᠤᠨ ᠭᠠᠭᠴᠠ ᠣᠶ ᠰᠢᠭᠤᠢ ᠶᠢᠨ ᠲᠠᠯᠠᠪᠠᠶ | ᠪᠣᠯᠤᠭᠰᠠᠨ ᠤ ᠬᠤᠪᠢ ᠳᠤ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠤ ᠡᠬᠢ ᠰᠤᠷᠪᠤᠯᠵᠢ ᠶᠢ ᠰᠠᠶᠢᠵᠢᠷᠠᠭᠤᠯᠬᠤ ᠦᠢᠯᠡᠳᠦᠯ | ᠭᠠᠷᠭᠠᠭᠰᠠᠨ ᠢᠶᠠᠷ ᠪᠠᠷᠠᠬᠤ ᠦᠭᠡᠢ᠂ ᠡᠷᠭᠢᠨ ᠲᠣᠭᠤᠷᠢᠨ ᠤ ᠲᠠᠷᠢᠶᠠᠨ ᠭᠠᠵᠠᠷ ᠢ ᠬᠠᠮᠠᠭᠠᠯᠠᠵᠤ᠂ ᠮᠥᠨᠳᠥᠷ ᠪᠠ ᠡᠯᠡᠰᠦᠨ ᠰᠢᠭᠤᠷᠭ᠎ᠠ ᠵᠡᠷᠭᠡ ᠪᠠᠶᠢᠭᠠᠯᠢ ᠶᠢᠨ ᠭᠠᠮᠰᠢᠭ ᠢ | ᠪᠠᠭᠠᠰᠬᠠᠵᠤ᠂ ᠣᠶ ᠰᠢᠭᠤᠢ ᠶᠢᠨ ᠲᠠᠯᠠᠪᠠᠶ ᠶᠢᠨ ᠡᠷᠭᠢᠨ ᠲᠣᠭᠤᠷᠢᠨ ᠳᠤ ᠡᠶᠡᠷᠭᠦ ᠠᠭᠤᠷ ᠠᠮᠢᠰᠬᠤᠯ ᠢ ᠪᠤᠶ ᠪᠣᠯᠭᠠᠵᠠᠢ᠃ ᠣᠢ ᠰᠢᠭᠤᠢ ᠶᠢᠨ ᠲᠠᠯᠠᠪᠠᠢ ᠶᠢᠨ ᠭᠠᠵᠠᠷ | ᠪᠣᠯᠭᠠᠨ ᠳᠤ ᠬᠠᠷᠠᠭᠳᠠᠬᠤ ᠬᠤᠯᠠᠨ ᠪᠤᠶᠠ ᠨᠢ ᠣᠷᠴᠢᠨ ᠲᠣᠭᠤᠷᠢᠨ ᠤ ᠬᠤᠪᠢᠷᠠᠯᠲᠠ ᠶᠢ ᠭᠡᠷᠡᠴᠢᠯᠡᠨ᠎ᠡ᠃ ᠵᠤᠤ ᠵᠢᠶᠦ᠋ᠨ ᠯᠢᠩ ᠬᠤᠶᠠᠷ ᠪᠠᠭᠴᠠ ᠴᠠᠭᠠᠨ ᠴᠡᠴᠡᠭ | ᠳᠡᠯᠭᠡᠷᠡᠭᠰᠡᠨ ᠤᠷᠭᠤᠮᠠᠯ ᠢ ᠵᠢᠭᠠᠵᠤ᠂ ᠶᠡᠷᠦᠩᠬᠡᠢ ᠱᠦᠵᠢ ᠳᠤ᠄ ︽ᠥᠩᠭᠡᠷᠡᠭᠰᠡᠨ ᠳᠤ ᠠᠳᠡᠬᠢ ᠲᠠᠷᠢᠶᠠᠴᠢᠳ ᠲᠠᠷᠢᠶ᠎ᠠ ᠲᠠᠷᠢᠬᠤ ᠳᠠᠭᠠᠨ ᠬᠤᠯᠠᠨ ᠪᠤᠶᠠ ᠤᠷᠭᠤᠭᠰᠠᠨ | ᠭᠠᠵᠠᠷ ᠢ ᠰᠣᠩᠭᠤᠵᠤ ᠲᠠᠷᠢᠲᠠᠬ ᠪᠠᠶᠢᠵᠠᠢ᠂ ᠬᠤᠯᠠᠨ ᠪᠤᠶᠠ ᠤᠷᠭᠤᠭᠰᠠᠨ ᠭᠠᠵᠠᠷ ᠤᠨ ᠬᠥᠷᠥᠰᠥ ᠰᠢᠷᠣᠢ ᠶᠢᠨ ᠨᠥᠬᠦᠴᠡᠯ ᠰᠠᠶᠢᠨ ᠪᠠᠶᠢᠳᠠᠭ︾ ᠭᠡᠵᠦ | ᠲᠠᠨᠢᠯᠴᠠᠭᠤᠯᠤᠨ᠎ᠠ᠃ ᠶᠡᠷᠦᠩᠬᠡᠢ ᠱᠦᠵᠢ᠂ ᠬᠥᠮᠥᠨ ᠲᠥᠷᠥᠯᠬᠢᠲᠡᠨ ᠨᠡᠩ ᠰᠠᠶᠢᠲᠤᠷ ᠣᠷᠣᠰᠢᠨ ᠲᠣᠭᠲᠠᠨᠢᠵᠤ ᠬᠥᠭᠵᠢᠬᠦ ᠭᠡᠪᠡᠯ ᠡᠷᠬᠡᠪᠰᠢ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠬᠡᠷᠡᠭᠲᠡᠢ᠃ ᠡᠨᠡ ᠪᠣᠯ ᠨᠢᠭᠡᠨ ᠴᠢᠯᠠᠭᠤ ᠥᠩᠬᠦᠷᠢᠭᠦᠯᠦᠨ ᠠᠭᠤᠯᠠᠨ ᠳᠤ ᠭᠠᠷᠬᠤ ᠶᠠᠪᠤᠴᠠ ᠮᠥᠨ᠂ ᠪᠠᠭ᠎ᠠ ᠯᠠ ᠰᠤᠯᠠᠷᠠᠭᠰᠠᠭᠠᠷ | ᠳᠠᠭᠢᠨ ᠳᠠᠪᠲᠠᠨ ᠬᠢᠬᠦ ᠶᠠᠪᠤᠳᠠᠯ ᠭᠠᠷᠳᠠᠭ ᠭᠡᠵᠦ ᠴᠢᠩᠭᠠᠳᠬᠠᠪᠠ᠃ ᠵᠤᠤ ᠵᠢᠶᠦ᠋ᠨ ᠯᠢᠩ ᠪᠠᠰᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠠᠮ ᠤᠷᠳᠤ ᠪᠠᠶᠢᠭᠰᠠᠭᠠᠷ | ᠭᠡᠳᠡᠭ ᠢ ᠭᠦᠨᠵᠡᠭᠡᠢ ᠲᠠᠨᠢᠵᠤ ᠣᠯᠪᠠ᠃ ᠵᠤᠤ ᠵᠢᠶᠦ᠋ᠨ ᠯᠢᠩ᠄ ︽ᠬᠡᠷᠪᠡ ᠰᠠᠶᠢᠲᠤᠷ ᠬᠠᠮᠠᠭᠠᠯᠠᠪᠠᠯ᠂ ᠡᠯᠡᠰᠦᠨ ᠴᠦᠯ ᠢ ᠨᠣᠭᠤᠭᠠᠨ ᠪᠦᠷᠢᠳᠦ ᠪᠤᠯᠭᠠᠵᠤ ᠪᠣᠯᠣᠨ᠎ᠠ᠂ | ᠭᠡᠲᠡᠯ᠎ᠡ ᠰᠠᠶᠢᠲᠤᠷ ᠬᠠᠮᠠᠭᠠᠯᠠᠵᠤ ᠳᠡᠶᠢᠯᠭᠦ ᠦᠭᠡᠢ ᠪᠣᠯ᠂ ᠨᠣᠭᠤᠭᠠᠨ ᠪᠦᠷᠢᠳᠦ ᠴᠦ ᠡᠯᠡᠰᠦᠨ ᠴᠦᠯ ᠪᠣᠯᠵᠤ ᠬᠤᠪᠢᠷᠠᠵᠤ ᠮᠡᠳᠡᠨ᠎ᠠ᠃ ᠪᠠᠶᠠᠨᠨᠠᠭᠤᠷ ᠬᠤᠳᠠ ᠶᠢᠨ ᠠᠮᠢ | ᠠᠬᠤᠢ ᠶᠢᠨ ᠡᠯᠧᠮᠧᠨ᠋ᠲ ᠪᠦᠷᠢᠨ ᠭᠦᠢᠴᠡᠳ᠂ ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠳᠠᠬᠢ ᠠᠮᠢ ᠠᠬᠤᠢ ᠶᠢᠨ ᠪᠠᠶᠢᠷᠢ ᠰᠠᠭᠤᠷᠢ ᠮᠠᠰᠢ ᠴᠢᠬᠤᠯᠠ᠂ ᠪᠢᠳᠡ | ᠯᠠᠪᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠨᠡ ᠬᠦ ᠵᠠᠩᠭᠢᠯᠠᠭ᠎ᠠ ᠶᠢ ᠪᠠᠲᠤ ᠡᠵᠡᠮᠳᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ︾ ᠭᠡᠵᠦ ᠬᠡᠯᠡᠪᠡ᠃ | ︽ᠶᠡᠷᠦᠩᠬᠡᠢ ᠱᠦᠵᠢ ᠪᠢᠳᠡᠨ ᠢ ᠰᠡᠳᠬᠢᠯ ᠳᠡᠭᠡᠨ ᠪᠤᠳᠤᠵᠤ ᠪᠠᠶᠢᠨ᠎ᠠ︾ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠶᠢᠨ 3.9 | ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠤᠭᠰᠠᠨ ᠤᠢ ᠰᠢᠭᠤᠢ ᠨᠢ ᠭᠤᠷᠪᠠᠨ ᠦᠶ᠎ᠡ ᠶᠢᠨ ᠬᠥᠮᠥᠰ ᠤᠨ ᠲᠡᠮᠡᠴᠡᠯ ᠠᠴᠠ ᠢᠷᠡᠯᠲᠡ ᠲᠠᠢ ᠶᠤᠮ᠃ ᠤᠢ | ᠰᠢᠭᠤᠢ ᠶᠢᠨ ᠲᠠᠯᠠᠪᠠᠢ ᠶᠢᠨ ᠠᠵᠢᠯᠲᠠᠨ ᠠᠵᠢᠯᠴᠢᠨ ᠤ ᠠᠮᠢᠳᠤᠷᠠᠯ ᠤᠨ ᠬᠢᠷᠢ ᠲᠦᠪᠰᠢᠨ ᠴᠦ ᠶᠡᠷᠦᠩᠬᠡᠢ ᠱᠦᠵᠢ ᠶᠢᠨ ᠰᠡᠳᠬᠢᠯ ᠠᠴᠠ ᠤᠶᠠᠭᠠᠲᠠᠢ ᠶᠠᠪᠤᠳᠠᠯ ᠪᠣᠯᠣᠨ᠎ᠠ᠃ | ︽ᠶᠡᠷᠦᠩᠬᠡᠢ ᠱᠦᠵᠢ ᠪᠢᠳᠡᠨ ᠢ ᠰᠡᠳᠬᠢᠯ ᠳᠡᠭᠡᠨ ᠪᠤᠳᠤᠵᠤ ᠪᠠᠶᠢᠨ᠎ᠠ᠂ ᠲᠡᠷᠡ ᠪᠠᠷ ᠪᠢᠳᠡᠨ ᠲᠠᠢ ᠭᠡᠷ ᠤᠨ ᠵᠣᠭᠤᠭ ᠳᠡᠯᠭᠡᠵᠦ ᠪᠠᠶᠢᠭ᠎ᠠ ᠮᠡᠲᠦ ᠤᠢ ᠰᠢᠭᠤᠢ ᠶᠢᠨ | ᠲᠠᠯᠠᠪᠠᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠤᠢ ᠰᠢᠭᠤᠢ ᠶᠢᠨ ᠲᠠᠯᠠᠪᠠᠢ ᠶᠢᠨ ᠠᠵᠢᠯᠲᠠᠨ ᠠᠵᠢᠯᠴᠢᠨ ᠤ ᠬᠥᠯᠥᠰᠦ ᠣᠯᠭᠤᠮᠵᠢ ᠵᠡᠷᠭᠡ ᠠᠰᠠᠭᠤᠳᠠᠯ ᠢ | ᠠᠰᠠᠭᠤᠵᠤ ᠭᠠᠷᠤᠯ᠎ᠠ︾ ᠭᠡᠵᠦ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠶᠢᠨ ᠳᠠᠷᠤᠭ᠎ᠠ ᠳ᠋ᠦ᠋ ᠸᠧᠨ ᠬᠤᠸᠠ ᠬᠠᠯᠠᠭᠤᠨ ᠳᠣᠲᠣᠨᠣ | ᠶᠠᠷᠢᠯᠴᠠᠭᠠᠨ ᠤ ᠪᠠᠨ ᠲᠤᠬᠠᠢ ᠡᠷᠭᠢᠴᠡᠭᠦᠯᠦᠨ ᠲᠠᠶᠢᠪᠤᠭᠤᠬᠠᠨ ᠶᠠᠷᠢᠨ᠎ᠠ᠃ | ᠬᠥᠮᠥᠨ ᠤ ᠬᠦᠴᠦ ᠪᠠᠷ ᠤᠰᠤ ᠲᠠᠲᠠᠵᠤ᠂ ᠬᠥᠮᠥᠨ ᠤ ᠬᠦᠴᠦ ᠪᠠᠷ ᠴᠢᠬᠢ ᠵᠥᠭᠡᠭᠡᠪᠦᠷᠢᠯᠡᠨ᠂ ᠥᠩᠭᠡᠷᠡᠭᠰᠡᠨ ᠳᠤ ᠡᠯᠡᠰᠦᠨ ᠭᠦᠨ ᠳᠤ ᠮᠣᠳᠣ ᠲᠠᠷᠢᠬᠤ ᠳᠤ | ᠵᠥᠪᠭᠡᠨ ᠬᠥᠮᠥᠨ ᠤ ᠬᠦᠴᠦᠨ ᠳᠤ ᠲᠦᠰᠢᠭᠯᠡᠵᠦ᠂ ᠠᠵᠢᠯᠲᠠᠨ ᠠᠵᠢᠯᠴᠢᠨ ᠮᠣᠳᠣᠨ ᠴᠢᠬᠢ ᠪᠠᠨ ᠲᠡᠪᠡᠷᠢᠭᠡᠳ ᠡᠯᠡᠰᠦᠨ ᠳᠤ ᠬᠡᠳᠦᠨ ᠺᠢᠯᠣᠮᠧᠳ᠋ᠷ ᠠᠯᠬᠤᠨ᠎ᠠ᠃ ᠳ᠋ᠦ᠋ | ᠸᠧᠨ ᠬᠤᠸᠠ᠄ ︽ᠲᠡᠷᠡ ᠦᠶ᠎ᠡ ᠳᠤ ᠮᠣᠳᠣᠨ ᠴᠢᠬᠢᠨ ᠤ ᠡᠳᠡᠭᠡᠷᠡᠯᠲᠡ ᠶᠢᠨ ᠨᠣᠷᠮ᠎ᠠ ᠳᠣᠣᠷ᠎ᠠ ᠪᠠᠶᠢᠭᠰᠠᠨ ᠪᠣᠯᠬᠤᠷ ᠪᠠᠰᠠ ᠰᠡᠵᠢᠭᠯᠡᠭᠳᠡᠵᠦ ᠥᠩᠭᠡᠷᠡᠭᠰᠡᠨ ᠶᠤᠮ᠃ | ᠭᠡᠪᠡᠴᠦ ᠨᠢᠭᠡ ᠮᠣᠳᠣ ᠠᠮᠢᠳᠤ ᠪᠠᠶᠢᠳᠠᠭ ᠯᠠ ᠶᠤᠮ ᠪᠣᠯ ᠮᠠᠨ ᠤ ᠴᠢᠭᠯᠡᠯ ᠪᠠ ᠠᠷᠭ᠎ᠠ ᠵᠥᠪ ᠪᠤᠯᠬᠤ ᠶᠢ ᠭᠡᠷᠡᠴᠢᠯᠡᠨ᠎ᠡ︾ ᠭᠡᠵᠦ ᠶᠠᠷᠢᠨ᠎ᠠ᠃ ᠣᠳᠣᠬᠠᠨ ᠳᠤ᠂ ᠣᠶ | ᠰᠢᠭᠤᠢ ᠶᠢᠨ ᠲᠠᠯᠠᠪᠠᠶ ᠶᠢᠨ 80 ᠭᠠᠷᠤᠢ ᠵᠦᠢᠯ ᠤᠨ ᠬᠡᠭᠡᠷ᠎ᠡ ᠶᠢᠨ ᠠᠮᠢᠲᠠᠨ ᠪᠠ 30 ᠭᠠᠷᠤᠢ ᠵᠦᠢᠯ ᠤᠨ ᠤᠷᠭᠤᠮᠠᠯ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠵᠤ᠂ | ᠬᠠᠶᠢᠯᠠᠷ ᠨᠠᠷᠠᠰᠤ᠂ ᠭᠠᠴᠤᠷ᠎ᠠ ᠵᠡᠷᠭᠡ ᠥᠩᠭᠡᠷᠡᠭᠰᠡᠨ ᠳᠤ ᠣᠷᠣᠰᠢᠨ ᠠᠮᠢᠳᠤᠷᠠᠬᠤ ᠳᠤ ᠬᠦᠴᠢᠷᠲᠡᠢ ᠪᠠᠶᠢᠭᠰᠠᠨ ᠮᠣᠳᠣᠨ ᠤ ᠲᠥᠷᠥᠯ ᠴᠦ ᠢᠳᠡᠯᠢᠭ ᠤᠷᠭᠤᠵᠤ | ᠪᠠᠶᠢᠨ᠎ᠠ᠃ | ᠰᠠᠶᠢᠨ ᠰᠠᠶᠢᠬᠠᠨ ᠠᠮᠢ ᠠᠬᠤᠢ ᠶᠢᠨ ᠲᠤᠰ ᠪᠡᠶ᠎ᠡ ᠳᠤ ᠠᠵᠤ ᠠᠬᠤᠢ ᠨᠡᠶᠢᠭᠡᠮ ᠤᠨ ᠦᠷᠳᠡᠭ ᠠᠭᠤᠯᠤᠭᠳᠠᠵᠤ ᠪᠠᠶᠢᠳᠠᠭ᠃ ᠲᠥᠰᠥᠭᠡᠯᠡᠨ ᠪᠤᠳᠣᠬᠰᠠᠨ ᠢᠶᠠᠷ᠂ | ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠨᠢ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠷᠥᠰᠥ ᠰᠢᠷᠣᠢ ᠶᠢ ᠰᠠᠶᠢᠵᠢᠷᠠᠭᠤᠯᠵᠤ᠂ ᠲᠠᠷᠢᠮᠠᠯ | ᠤᠨ ᠵᠦᠢᠯ ᠤᠨ ᠤᠨᠠᠯᠲᠠ ᠶᠢ 15% ᠣᠷᠴᠢᠮ ᠨᠡᠮᠡᠭᠳᠡᠭᠦᠯᠵᠦ᠂ ᠮᠦ ᠪᠦᠷᠢ ᠶᠢᠨ ᠳᠤᠮᠳᠠᠴᠢ ᠣᠷᠣᠯᠭ᠎ᠠ ᠶᠢ 200 ᠲᠥᠭᠦᠷᠢᠭ ᠣᠷᠴᠢᠮ ᠨᠡᠮᠡᠭᠳᠡᠭᠦᠯᠵᠦ᠂ | ᠲᠠᠷᠢᠶᠠᠴᠢᠳ ᠤᠨ ᠬᠥᠮᠥᠨ ᠳᠤᠮᠳᠠᠴᠢ ᠣᠷᠣᠯᠭ᠎ᠠ ᠶᠢ 1500 ᠲᠥᠭᠦᠷᠢᠭ ᠣᠷᠴᠢᠮ ᠨᠡᠮᠡᠭᠳᠡᠭᠦᠯᠪᠡ᠃ ᠣᠢ ᠰᠢᠭᠤᠢ ᠶᠢᠨ ᠲᠠᠯᠠᠪᠠᠢ ᠪᠠᠰᠠ ᠠᠮᠢ ᠠᠬᠤᠢ ᠶᠢᠨ ᠦᠷ᠎ᠡ | ᠠᠰᠢᠭ ᠢ ᠠᠳᠬᠤᠵᠤ᠂ ᠣᠯᠠᠨ ᠶᠠᠩᠵᠤ ᠶᠢᠨ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ ᠡᠬᠢᠯᠡᠪᠡ᠃ | ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠤᠢ ᠰᠢᠭᠤᠢ ᠶᠢᠨ ᠠᠵᠢᠯᠲᠠᠨ ᠠᠵᠢᠯᠴᠢᠨ ᠤ ᠣᠷᠣᠯᠭ᠎ᠠ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠂ ᠳ᠋ᠦ᠋ ᠸᠧᠨ | ᠬᠤᠸᠠ ᠡᠳᠡᠭᠡᠷ ᠪᠠᠶᠢᠳᠠᠯ ᠢ ᠨᠢᠭᠡᠳ ᠨᠢᠭᠡ ᠪᠠᠷ ᠶᠡᠷᠦᠩᠬᠡᠢ ᠱᠦᠵᠢ ᠳᠤ ᠬᠠᠷᠢᠭᠤ ᠮᠡᠳᠡᠭᠦᠯᠵᠦ᠂ ᠶᠡᠷᠦᠩᠬᠡᠢ ᠱᠦᠵᠢ ᠰᠠᠨᠠᠭ᠎ᠠ ᠠᠮᠤᠷ ᠪᠠᠶᠢᠵᠤ᠂ ᠣᠯᠠᠨ ᠤ ᠠᠮᠢᠳᠤᠷᠠᠯ | ᠤᠯᠠᠮ ᠠᠴᠠ ᠤᠯᠠᠮ ᠰᠠᠶᠢᠵᠢᠷᠠᠬᠤ ᠶᠢ ᠬᠦᠰᠡᠪᠡ︕ | ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ ᠤᠳᠠᠭᠠᠨ | ᠳᠠᠭᠠᠭᠠᠮᠠᠭᠠᠢ ᠪᠠᠷ ᠵᠢᠳᠬᠦᠨ ᠴᠢᠷᠮᠠᠶᠢᠬᠤ ᠬᠡᠷᠡᠭᠲᠡᠢ | 40 ᠭᠠᠷᠤᠢ ᠵᠢᠯ ᠳᠤ᠂ ᠳᠤᠮᠳᠠᠳᠤ ᠤᠯᠤᠰ ᠳᠡᠯᠡᠬᠡᠢ ᠳ᠋ᠠᠬᠢᠨ ᠢ ᠳᠣᠩᠰᠣᠯᠭᠠᠮ᠎ᠠ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠴᠣᠭᠴᠠᠯᠠᠪᠠ᠃ | 1978 ᠣᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠤ ᠬᠤᠶᠢᠲᠤ | ᠬᠡᠰᠡᠭ᠂ ᠵᠡᠭᠦᠨ ᠬᠤᠶᠢᠲᠤ ᠣᠷᠣᠨ ᠤ ᠪᠠᠷᠠᠭᠤᠨ ᠬᠡᠰᠡᠭ ᠤᠨ ᠰᠠᠯᠬᠢ ᠡᠯᠡᠰᠦᠨ ᠤ ᠬᠥᠨᠥᠭᠡᠯ᠂ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ ᠭᠠᠵᠠᠷ | ᠣᠷᠣᠨ ᠳᠤ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠢᠨᠵᠧᠨᠧᠷᠢᠩ ᠢ ᠪᠠᠶᠢᠭᠤᠯᠬᠤ ᠪᠠᠷ ᠲᠣᠭᠲᠠᠵᠤ᠂ ᠬᠥᠮᠥᠨ ᠲᠥᠷᠥᠯᠬᠢᠲᠡᠨ ᠤ ᠲᠡᠦᠬᠡᠨ | ᠳᠡᠭᠡᠷᠡᠬᠢ ᠬᠠᠮᠤᠭ ᠤᠨ ᠶᠡᠭᠡ ᠬᠥᠮᠥᠨ ᠤ ᠬᠦᠴᠦᠨ ᠤ ᠠᠮᠢ ᠠᠬᠤᠢ ᠶᠢᠨ ᠣᠶ ᠰᠢᠭᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠡᠬᠢᠯᠡᠭᠰᠡᠨ ᠪᠠᠶᠢᠨ᠎ᠠ᠃ ᠡᠳᠦᠷ | ᠰᠥᠨᠢ ᠶᠢᠨ ᠰᠣᠯᠢᠭᠳᠠᠯ᠂ ᠳᠦᠷᠪᠡᠨ ᠤᠯᠠᠷᠢᠯ ᠤᠨ ᠡᠷᠭᠢᠯᠲᠡ ᠳᠤ᠂ ᠤᠮᠠᠷᠠᠲᠤ ᠶᠢᠨ ᠭᠤᠷᠪᠠᠨ ᠣᠷᠣᠨ ᠤ ᠬᠥᠮᠥᠰ ᠡᠯᠡᠰᠦ ᠲᠠᠢ ᠲᠡᠮᠡᠴᠡᠬᠦ ᠪᠠᠨ ᠶᠡᠷᠦ ᠠᠴᠠ | ᠵᠣᠭᠰᠣᠭᠰᠠᠨ ᠦᠭᠡᠢ᠃ ᠬᠡᠳᠦᠨ ᠦᠶ᠎ᠡ ᠶᠢᠨ ᠬᠥᠮᠥᠰ᠂ ᠲᠦᠭ ᠲᠦᠮᠡᠨ ᠠᠷᠠᠳ ᠤᠯᠠᠨ ᠤ ᠬᠠᠯᠠᠰᠢᠷᠠᠯ ᠦᠭᠡᠢ ᠲᠡᠮᠡᠴᠡᠯ ᠢᠶᠠᠷ ᠳᠡᠮᠵᠢᠨ᠂ ᠰᠠᠯᠬᠢ ᠡᠯᠡᠰᠦ ᠶᠢ | ᠬᠠᠮᠲᠤ ᠪᠠᠷ ᠰᠡᠷᠭᠡᠶᠢᠯᠡᠨ ᠬᠤᠷᠢᠭᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠲᠠᠷᠢᠶᠠᠯᠠᠩ ᠢ ᠬᠠᠮᠠᠭᠠᠯᠠᠨ ᠮᠠᠯ ᠠᠵᠤ ᠠᠬᠤᠢ ᠶᠢ ᠬᠥᠭᠵᠢᠭᠦᠯᠬᠦ ᠨᠣᠮᠢᠨ ᠨᠣᠭᠤᠭᠠᠨ | ᠬᠠᠯᠬᠠᠪᠴᠢ ᠡᠬᠡ ᠤᠯᠤᠰ ᠤᠨ ᠤᠮᠠᠷᠠᠲᠤ ᠬᠢᠯᠢ ᠳᠤ ᠰᠡᠬᠦ᠋ᠢᠨ ᠰᠦᠨᠳᠡᠷᠯᠡᠪᠡ᠃ | ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠬᠤ ᠳᠠᠭᠠᠨ᠂ ᠶᠡᠷᠦᠩᠬᠡᠢ ᠱᠦᠵᠢ ᠥᠪᠥᠷ ᠮᠣᠩᠭᠤᠯ ᠤᠨ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠬᠡᠷᠡᠭᠵᠢᠭᠦᠯᠬᠦ ᠬᠡᠪᠴᠢᠶᠡᠨ ᠤ ᠲᠠᠷᠬᠠᠯᠲᠠ ᠶᠢᠨ ᠵᠢᠷᠤᠭ ᠤᠨ ᠡᠮᠦᠨ᠎ᠡ ᠵᠤᠬᠰᠤᠬᠤ ᠳᠤ᠂ ᠥᠪᠡᠷᠲᠡᠭᠡᠨ ᠵᠠᠰᠠᠬᠤ | ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠤᠤ | ᠱᠧᠩ ᠶᠡᠷᠦᠩᠬᠡᠢ ᠱᠦᠵᠢ ᠳᠤ ᠥᠪᠥᠷ ᠮᠣᠩᠭᠤᠯ ᠤᠨ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ | ᠲᠠᠨᠢᠯᠴᠠᠭᠤᠯᠪᠠ᠃ ︽ᠪᠢᠳᠡ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠢ ᠬᠡᠷᠡᠭᠵᠢᠭᠦᠯᠬᠦ ᠬᠡᠪᠴᠢᠶᠡᠨ ᠤ ᠲᠠᠷᠬᠠᠯᠲᠠ ᠶᠢᠨ ᠵᠢᠷᠤᠭ ᠤᠨ ᠡᠮᠦᠨ᠎ᠡ ᠬᠦᠷᠬᠦ | ᠳᠤ᠂ ᠶᠡᠷᠦᠩᠬᠡᠢ ᠱᠦᠵᠢ ᠶᠡᠭᠡ ᠬᠢᠩᠭᠠᠨ ᠳᠠᠪᠠᠭ᠎ᠠ ᠶᠢ ᠬᠠᠷᠠᠵᠤ᠂ ᠨᠠᠳᠠ ᠠᠴᠠ ᠶᠡᠭᠡ ᠬᠢᠩᠭᠠᠨ ᠳᠠᠪᠠᠭ᠎ᠠ ᠤᠳᠤ ᠶᠠᠮᠠᠷ ᠵᠡᠷᠭᠡ ᠪᠠᠶᠢᠨ᠎ᠠ ᠪᠤᠢ ᠭᠡᠵᠦ ᠠᠰᠠᠭᠤᠪᠠ︖ | ᠪᠢ ᠶᠡᠷᠦᠩᠬᠡᠢ ᠱᠦᠵᠢ ᠳᠤ᠂ ᠶᠡᠭᠡ ᠬᠢᠩᠭᠠᠨ ᠳᠠᠪᠠᠭ᠎ᠠ ᠤᠳᠤ ᠨᠢᠭᠡᠨᠲᠡ ᠮᠣᠳᠣ ᠣᠭᠲᠣᠯᠬᠤ ᠪᠠᠨ ᠵᠣᠭᠰᠣᠵᠤ᠂ ᠪᠠᠶᠢᠭᠠᠯᠢ ᠪᠠ ᠤᠢ ᠰᠢᠭᠤᠢ ᠮᠠᠰᠢ ᠰᠠᠶᠢᠨ ᠰᠡᠷᠭᠦᠵᠦ | ᠪᠠᠶᠢᠨ᠎ᠠ ᠭᠡᠵᠦ ᠬᠠᠷᠢᠭᠤᠯᠪᠠ︾ ᠭᠡᠵᠦ ᠸᠠᠩ ᠵᠤᠤ ᠱᠧᠩ ᠶᠠᠷᠢᠯ᠎ᠠ᠃ | ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ︽ᠤᠮᠠᠷᠠᠲᠤ ᠶᠢᠨ ᠭᠤᠷᠪᠠᠨ ᠣᠷᠣᠨ︾ ᠢ ᠰᠤᠨᠳᠠᠯᠠᠨ᠂ ᠠᠮᠢ ᠠᠬᠤᠢ ᠣᠷᠴᠢᠨ | ᠲᠣᠭᠤᠷᠢᠨ ᠬᠡᠪᠡᠷᠡᠭ ᠪᠠᠶᠢᠳᠠᠭ᠃ ︽ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ | ᠪᠠᠶᠢᠭᠤᠯᠬᠤ ᠬᠡᠷᠡᠭᠲᠡᠢ︾᠂ ︽ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ︾᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠦᠶ᠎ᠡ ᠶᠢᠨ ᠦᠶ᠎ᠡ ᠳᠡᠭᠡᠨ ᠴᠢᠷᠮᠠᠶᠢᠨ ᠠᠵᠢᠯᠯᠠᠬᠤ ᠬᠡᠷᠡᠭᠲᠡᠢ︾ ᠁ ᠶᠡᠷᠦᠩᠬᠡᠢ ᠱᠦᠵᠢ ᠢᠮᠠᠭᠲᠠ ᠥᠪᠥᠷ ᠮᠣᠩᠭᠤᠯ ᠤᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠬᠦᠨᠳᠦ ᠨᠠᠶᠢᠳᠠᠯᠭ᠎ᠠ ᠲᠠᠯᠪᠢᠭᠰᠠᠭᠠᠷ ᠢᠷᠡᠵᠡᠶ᠃ | ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠢ ᠪᠦᠭᠦ ᠲᠠᠯ᠎ᠠ ᠪᠠᠷ ᠬᠡᠷᠡᠭᠵᠢᠭᠦᠯᠵᠦ᠂ ᠴᠥᠯᠯᠡᠷᠭᠡᠭᠵᠢᠭᠰᠡᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠠᠬᠢᠴᠠ ᠶᠢ ᠦᠷᠭᠦᠯᠵᠢᠯᠡᠨ | ᠠᠭᠢᠭᠤᠯᠪᠠ︔ | ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠢ 18 ᠪᠠᠶᠢᠭᠤᠯᠵᠤ᠂ ︽ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠵᠦ᠂ ᠬᠠᠮᠠᠭᠠᠯᠠᠬᠤ ᠶᠢ ᠲᠡᠷᠢᠭᠦᠨ ᠳᠤ | ᠲᠠᠯᠪᠢᠬᠤ ᠣᠶᠢᠯᠠᠭᠠᠭᠳᠠᠬᠤᠨ ᠢ ᠪᠠᠷᠢᠮᠲᠠᠯᠠᠪᠠ︔ | ᠮᠡᠷᠭᠡᠵᠢᠯ ᠤᠨ ᠳᠦᠷᠢᠮ ᠳᠤ ᠵᠠᠰᠠᠪᠤᠷᠢ ᠣᠷᠣᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠳᠡᠯᠭᠡᠷᠡᠭᠦᠯᠦᠨ ᠵᠢᠱᠢᠶ᠎ᠡ ᠦᠵᠡᠭᠦᠯᠭᠦ ᠶᠡᠭᠡ ᠬᠡᠮᠵᠢᠶᠡᠨ ᠤ ᠲᠥᠷᠥᠯ ᠵᠦᠢᠯ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠡᠷᠭᠡᠶᠢᠯᠡᠨ ᠵᠠᠰᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠪᠡ︔ | ᠠᠵᠤ ᠠᠬᠤᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠶ ᠰᠢᠭᠤᠢ ᠡᠯᠡᠰᠦᠨ ᠤ ᠳᠠᠭᠠᠭᠤᠯᠤᠭᠴᠢ ᠠᠵᠤ ᠠᠬᠤᠶᠢᠯᠠᠯ ᠢ | ᠪᠤᠶᠢᠵᠢᠭᠤᠯᠤᠨ᠂ ᠣᠶ ᠰᠢᠭᠤᠢ ᠡᠯᠡᠰᠦᠨ ᠤ ᠠᠵᠤ ᠦᠢᠯᠡᠰ ᠤᠨ ᠬᠡᠪᠴᠢᠶᠡᠵᠢᠭᠰᠡᠨ᠂ ᠡᠷᠴᠢᠮᠵᠢᠭᠰᠡᠨ᠂ ᠰᠢᠯᠢᠳᠡᠭᠵᠢᠭᠰᠡᠨ ᠴᠢᠭᠯᠡᠯ ᠢᠶᠠᠷ ᠬᠥᠭᠵᠢᠬᠦ ᠶᠢ ᠳᠠᠶᠢᠴᠢᠯᠠᠪᠠ ᠁ | | ᠥᠪᠥᠷ ᠮᠣᠩᠭᠤᠯ ᠶᠠᠭ ᠦᠢᠯᠡᠳᠦᠯᠭᠡ ᠶᠢᠨ ᠳᠤᠮᠳᠠ ᠡᠯᠡᠰᠦ ᠶᠢ ᠨᠣᠮᠣᠬᠠᠳᠬᠠᠬᠤ ᠶᠢ ᠰᠦᠪᠡᠭᠴᠢᠯᠡᠵᠦ᠂ ᠨᠣᠭᠤᠭᠠᠷᠠᠭᠤᠯᠤᠯᠲᠠ ᠶᠢ ᠪᠡᠶᠡᠯᠡᠭᠦᠯᠵᠦ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ 1.22 ᠳ᠋ᠦᠩᠰᠢᠭᠤᠷ ᠮᠦ ᠣᠶᠢᠵᠢᠭᠤᠯᠵᠤ᠂ 2.86 ᠳ᠋ᠦᠩᠰᠢᠭᠤᠷ ᠮᠦ ᠡᠪᠡᠰᠦ | ᠳᠠᠷᠢᠵᠤ᠂ ᠵᠢᠯ ᠳᠤᠮᠳᠠᠴᠢ ᠪᠠᠷ 1200 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠬᠡᠪᠴᠢᠶ᠎ᠡ ᠨᠢ ᠴᠥᠮ ᠪᠦᠭᠦ ᠤᠯᠤᠰ ᠤᠨ | ᠲᠡᠷᠢᠭᠦᠨ ᠳᠤ ᠣᠷᠣᠪᠠ᠃ ᠪᠦᠭᠦ ᠣᠷᠣᠨ ᠤ ᠠᠮᠢ ᠠᠬᠤᠢ ᠣᠷᠴᠢᠨ ᠲᠣᠭᠤᠷᠢᠨ ︽ᠪᠦᠬᠦᠯᠢ ᠴᠣᠭᠴᠠ ᠪᠠᠷ ᠬᠤᠷᠢᠭᠯᠠᠵᠤ᠂ ᠬᠡᠰᠡᠭ ᠲᠠᠯ᠎ᠠ ᠪᠠᠷ ᠰᠠᠶᠢᠵᠢᠷᠠᠭᠰᠠᠨ︾ | ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ | ᠦᠷᠭᠦᠯᠵᠢᠯᠡᠨ ᠳᠡᠭᠡᠭᠰᠢᠯᠡᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠦᠷᠭᠦᠯᠵᠢᠯᠡᠨ ᠪᠠᠭᠠᠰᠪᠠ᠃ | ︽ᠶᠡᠷᠦᠩᠬᠡᠢ ᠱᠦᠵᠢ ᠶᠢᠨ ᠬᠦᠷᠴᠦ ᠢᠷᠡᠭᠰᠡᠨ ᠨᠢ ᠬᠥᠮᠥᠰ ᠢ ᠵᠣᠷᠢᠭᠵᠢᠭᠤᠯᠤᠭᠰᠠᠨ ᠪᠥᠭᠡᠳ ᠮᠠᠨ ᠤ ᠢᠷᠡᠭᠡᠳᠦᠢ ᠶᠢᠨ ᠠᠵᠢᠯ ᠳᠤ ᠬᠢᠵᠠᠭᠠᠯᠠᠰᠢ ᠦᠭᠡᠢ | ᠬᠥᠳᠡᠯᠭᠡᠬᠦ ᠬᠦᠴᠦᠨ ᠢ ᠠᠪᠴᠢᠷᠠᠵᠤ ᠥᠭᠴᠡᠢ︾ ᠭᠡᠵᠦ ᠸᠠᠩ ᠵᠤᠤ ᠱᠧᠩ ᠡᠷᠡᠰ ᠪᠠᠲᠤ ᠬᠡᠯᠡᠪᠡ᠃ 2021 ᠣᠨ ᠠᠴᠠ 2030 ᠣᠨ ᠪᠣᠯ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠶᠢᠨ ᠬᠤᠭᠤᠴᠠᠭ᠎ᠠ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠪᠣᠯᠣᠨ᠎ᠠ᠃ ᠸᠠᠩ ᠵᠣᠣ ᠱᠧᠩ᠄ ︽ᠥᠪᠥᠷ ᠮᠣᠩᠭᠤᠯ ᠤᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠤᠶ ᠪᠤᠯᠭᠠᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠦᠨ᠎ᠡ︾ ᠭᠡᠵᠦ ᠢᠯᠡᠳᠬᠡᠪᠡ᠃ | ᠬᠥᠬᠡᠮᠳᠦᠭ ᠨᠣᠭᠤᠭᠠᠨ ᠢ ᠬᠥᠭᠡᠭᠡᠴᠡᠯᠳᠦᠵᠦ᠂ ᠬᠦᠰᠡᠯ ᠵᠡᠭᠦᠳᠦ ᠪᠠᠨ ᠲᠡᠷᠭᠡᠯᠰᠢᠭᠦᠯᠦᠨᠡᠮ᠃ ᠶᠡᠷᠦᠩᠬᠡᠢ ᠱᠦᠵᠢ ᠶᠢᠨ ᠪᠣᠳᠣᠯᠬᠢᠯᠠᠯ ᠪᠣᠯ ᠵᠢᠷᠤᠭᠯᠠᠨ ᠪᠢᠴᠢᠭᠰᠡᠨ | ᠠᠤᠭ᠎ᠠ ᠶᠡᠭᠡ ᠠᠷᠭ᠎ᠠ ᠪᠣᠳᠣᠯᠭ᠎ᠠ ᠪᠣᠯᠣᠨ᠎ᠠ︔ ᠶᠡᠷᠦᠩᠬᠡᠢ ᠱᠦᠵᠢ ᠶᠢᠨ ᠬᠠᠯᠠᠮᠵᠢᠯᠠᠯ ᠪᠣᠯ ᠲᠣᠮᠣ ᠤᠯᠤᠰ ᠤᠨ ᠤᠳᠤᠷᠢᠳᠤᠭᠴᠢ ᠶᠢᠨ ᠠᠷᠠᠳ ᠤᠨ ᠲᠥᠯᠥᠭᠡ ᠵᠢᠳᠬᠦᠬᠦ | ᠰᠡᠳᠬᠢᠯᠭᠡ ᠮᠥᠨ᠃ ᠤᠮᠠᠷᠠᠲᠤ ᠬᠢᠯᠢ ᠶᠢᠨ ᠬᠥᠪᠡᠭᠦᠳ ᠥᠬᠢᠳ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ᠡᠬᠡ ᠤᠯᠤᠰ ᠤᠨ ᠤᠮᠠᠷᠠᠲᠤ | ᠬᠢᠯᠢ ᠳᠤ ᠰᠡᠬᠦ᠋ᠢᠨ ᠰᠦᠨᠳᠡᠷᠯᠡᠭᠰᠡᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠨᠡᠩ ᠪᠠᠲᠤ ᠪᠠᠬᠢ ᠪᠣᠯᠭᠠᠨ᠎ᠠ᠃ | |