ᠡᠪᠡᠰᠦ ᠪᠡᠯᠴᠢᠭᠡᠷ ᠤᠨ ᠭᠦᠷᠦᠰᠦ ᠰᠢᠷᠦᠢ ᠶᠢ ᠰᠤᠯᠠᠷᠠᠭᠤᠯᠬᠤ
ᠨᠡᠶᠢᠲᠡᠯᠡᠭᠰᠡᠨ ᠴᠠᠭ᠄
2024/1/12
     ︵1︶ ᠪᠡᠯᠴᠢᠭᠡᠷ ᠤᠨ ᠭᠦᠷᠤᠰᠤ ᠰᠢᠷᠤᠢ ᠶᠢ ᠶᠠᠭᠠᠭᠢᠵᠤ ᠰᠤᠯᠠᠷᠠᠭᠤᠯᠬᠤ ᠪᠤᠢ︖      ᠪᠤᠳᠠᠳᠤ ᠦᠢᠯᠡᠳᠪᠤᠷᠢᠯᠡᠯ ᠤᠨ ᠲᠤᠮᠳᠠ ᠪᠡᠯᠴᠢᠭᠡᠷ ᠢ ᠨᠡᠷᠬᠠᠳᠡᠨ ᠰᠤᠯᠠᠷᠠᠭᠤᠯᠬᠤ᠂ ᠭᠦᠷᠤᠰᠤ ᠶᠢ ᠡᠰᠭᠡᠵᠤ ᠵᠦᠰᠤᠭᠦ᠂ ᠤᠷᠪᠠᠭᠤᠯᠤᠨ ᠨᠠᠷᠬᠠᠳᠠᠬᠤ ᠵᠡᠷᠭᠡ ᠠᠷᠭ᠎ᠠ ᠪᠠᠷ ᠪᠡᠯᠴᠢᠭᠡᠷ ᠤᠨ ᠭᠦᠷᠤᠰᠤ ᠶᠢ ᠰᠤᠯᠠᠷᠠᠭᠤᠯᠵᠤ ᠭᠦᠷᠦᠰᠤ ᠰᠢᠷᠤᠢ ᠶᠢᠨ ᠪᠦᠳᠦᠴᠡ ᠪᠡ ᠭᠡᠢ ᠨᠡᠪᠳᠡᠷᠡᠭᠦ ᠴᠢᠨᠠᠷ ᠢ ᠰᠠᠶᠢᠵᠢᠷᠠᠭᠤᠯᠵᠤ᠂ ᠤᠰᠤ ᠰᠢᠮᠡᠳᠭᠦ ᠴᠢᠳᠠᠪᠤᠷᠢ ᠶᠢ ᠨᠢ ᠨᠡᠮᠡᠭᠳᠡᠭᠦᠯᠵᠤ᠂ ᠬᠠᠳᠤᠯᠠᠩ ᠪᠡᠯᠴᠢᠭᠡᠷ ᠤᠨ ᠤᠷᠤᠭᠤᠯᠤᠯᠳᠠ ᠳᠤ ᠰᠠᠶᠢᠨ ᠰᠠᠶᠢᠬᠠᠨ ᠨᠦᠭᠦᠴᠡᠯ ᠢ ᠪᠦᠷᠢᠯᠳᠦᠭᠦᠯᠦᠨ ᠦᠭᠳᠡᠭ ᠪᠠᠶᠢᠨ᠎ᠠ᠃      ︵2︶ ᠪᠡᠯᠴᠢᠭᠡᠷ ᠤᠨ ᠭᠦᠷᠤᠰᠤ ᠶᠢ ᠶᠠᠮᠠᠷ ᠠᠷᠭ᠎ᠠ ᠪᠠᠷ ᠨᠠᠷᠬᠠᠳᠠᠨ ᠰᠤᠯᠠᠷᠠᠭᠤᠯᠬᠤ ᠪᠤᠢ︖      ᠪᠡᠯᠴᠢᠭᠡᠷ ᠤᠨ ᠭᠦᠷᠦᠰᠤ ᠶᠢ ᠨᠠᠷᠬᠠᠳᠠᠨ ᠰᠤᠯᠠᠷᠠᠭᠤᠯᠬᠤ ᠪᠤᠯ ᠪᠡᠯᠴᠢᠭᠡᠷ ᠢ ᠰᠠᠶᠢᠵᠢᠷᠠᠭᠤᠯᠬᠤ ᠭᠤᠤᠯ ᠠᠷᠭ᠎ᠠ ᠨᠤᠭᠤᠳ ᠤᠨ ᠨᠢᠭᠡ ᠨᠢ ᠪᠤᠯᠤᠨ᠎ᠠ᠃ ᠲᠡᠭᠦᠨ ᠤ ᠭᠤᠤᠯ ᠦᠢᠯᠡᠳᠦᠯ ᠨᠢ ᠭᠡᠪᠡᠯ ᠨᠢᠭᠡ ᠳᠤ ᠪᠡᠯᠴᠢᠭᠡᠷ ᠢ ᠴᠡᠪᠡᠷᠯᠡᠵᠤ᠂ ᠰᠦᠪᠡᠷᠭᠡᠭ ᠦᠨᠳᠤᠰᠤ ᠶᠢᠨ ᠭᠡᠯᠪᠡᠷᠢ ᠪᠡ ᠦᠨᠳᠦᠰᠦᠯᠢᠭ ᠭᠡᠯᠪᠡᠷᠢ ᠶᠢᠨ ᠤᠷᠭᠤᠮᠠᠯ ᠤᠨ ᠰᠢᠮ᠎ᠠ ᠲᠡᠵᠢᠭᠡᠯ ᠤᠨ ᠰᠢᠨᠡᠴᠢᠯᠡᠯᠳᠡ ᠶᠢ ᠨᠢ ᠠᠭᠢᠭᠤᠯᠳᠠᠭ᠃ ᠬᠤᠶᠠᠷ ᠲᠤ ᠪᠡᠯᠴᠢᠭᠡᠷ ᠪᠤᠯᠤᠨ ᠭᠦᠷᠤᠰᠤᠨ ᠤ ᠦᠡᠭᠭᠡᠨ ᠲᠠᠪᠬᠤᠷᠭ᠎ᠠ ᠶᠢ ᠨᠠᠷᠬᠠᠳᠠᠨ ᠰᠤᠯᠠᠷᠠᠭᠤᠯᠪᠠᠯ᠂ ᠭᠦᠷᠤᠰᠤ ᠰᠢᠷᠤᠢ ᠶᠢᠨ ᠭᠡᠢ ᠨᠡᠪᠳᠡᠷᠡᠭᠦ ᠪᠡ ᠤᠰᠤ ᠰᠢᠮᠡᠳᠭᠦ ᠶᠢ ᠪᠦᠳᠦᠮᠵᠢᠳᠡᠢ ᠪᠠᠷ ᠰᠠᠶᠢᠵᠢᠷᠠᠭᠤᠯᠵᠤ᠂ ᠡᠪᠡᠰᠤᠨ ᠤ ᠰᠢᠨᠡᠴᠢᠯᠡᠯᠳᠡ ᠶᠢ ᠠᠭᠢᠭᠤᠯᠵᠤ ᠴᠢᠳᠠᠨ᠎ᠠ᠃      ︵3︶ ᠪᠡᠯᠴᠢᠭᠡᠷ ᠤᠨ ᠭᠦᠷᠤᠰᠤ ᠶᠢ ᠶᠠᠷᠦᠳᠡ ᠪᠠᠨ ᠶᠠᠭᠠᠭᠢᠵᠤ ᠨᠠᠷᠬᠠᠳᠠᠨ ᠰᠤᠯᠠᠷᠠᠭᠤᠯᠳᠠᠭ ᠪᠤᠢ︖     ᠶᠠᠷᠤ ᠳᠡᠭᠡᠨ ᠭᠦᠷᠦᠰᠤ ᠶᠢ ᠪᠦᠰᠡᠯᠢᠭ ᠰᠤᠯᠠᠷᠠᠭᠤᠯᠬᠤ ᠪᠠ ᠭᠦᠷᠤᠰᠤ ᠶᠢ ᠰᠤᠯᠠᠷᠠᠭᠤᠯᠤᠨ ᠨᠦᠭᠦᠵᠤ ᠲᠠᠷᠢᠬᠤ ᠠᠷᠭ᠎ᠠ ᠶᠢ ᠠᠪᠳᠠᠭ᠃ ᠪᠤᠳᠠᠳᠠᠢ ᠪᠠᠷ ᠭᠡᠯᠡᠪᠡᠯ᠄       ① ᠭᠦᠷᠤᠰᠤ ᠶᠢ ᠪᠦᠰᠡᠯᠢᠭ ᠰᠤᠯᠠᠷᠠᠭᠤᠯᠬᠤ᠄ ᠭᠦᠷᠤᠰᠤ ᠰᠤᠯᠠᠷᠠᠭᠤᠯᠬᠤ ᠮᠠᠰᠢᠨ ᠢᠶᠠᠷ ᠠᠳᠠᠯᠢ ᠦᠨᠳᠤᠷ ᠤᠨ ᠱᠤᠭᠤᠮ ᠢᠶᠠᠷ ᠨᠠᠷᠬᠠᠳᠠᠵᠤ᠂ ᠪᠦᠰᠡᠨ ᠤ ᠦᠷᠭᠡᠴᠡ ᠶᠢ 30m᠂ ᠬᠤᠭᠤᠷᠤᠨᠳᠤᠭᠢ ᠵᠠᠢ ᠶᠢ 5m ᠪᠠᠶᠢᠯᠭᠠᠵᠤ᠂ ᠪᠤᠷᠤᠭ᠎ᠠ ᠤᠷᠤᠠᠠᠰᠠᠨ ᠤ ᠰᠡᠭᠦᠯᠡᠷ ᠰᠤᠯᠠᠷᠠᠭᠤᠯᠵᠤ᠂ 15~20cm ᠭᠦᠨ ᠰᠤᠯᠠᠷᠠᠭᠤᠯᠪᠠᠯ ᠮᠠᠰᠢ ᠰᠠᠶᠢᠨ᠃ ᠡᠨᠡ ᠠᠷᠭ᠎ᠠ ᠨᠢ ᠶᠠᠷᠦᠩᠭᠡᠢ ᠳᠡᠭᠡᠨ ᠭᠠᠩ ᠬᠠᠭᠤᠷᠠᠢ ᠲᠠᠯ᠎ᠠ ᠶᠢᠨ ᠪᠦᠰᠨ ᠶᠢᠨ ᠦᠨᠳᠤᠰᠤᠨ ᠤ ᠪᠤᠳᠠ ᠶᠢᠨ ᠭᠡᠯᠪᠡᠷᠢᠳᠤ ᠪᠡᠯᠴᠢᠭᠡᠷ᠂ ᠵᠢᠱᠢᠶᠡᠯᠡᠪᠡᠯ ᠠᠭᠢᠳᠤ ᠪᠡᠯᠴᠢᠭᠡᠷ ᠲᠤ ᠲᠤᠭᠢᠷᠠᠨ᠎ᠠ᠃      ② ᠭᠦᠷᠦᠰᠤ ᠶᠢ ᠰᠤᠯᠠᠷᠠᠭᠤᠯᠤᠨ ᠨᠦᠭᠦᠵᠤ ᠲᠠᠷᠢᠬᠤ᠄ ᠡᠪᠡᠰᠤ ᠬᠠᠳᠤᠯᠠᠩ ᠨᠦᠭᠦᠵᠤ ᠲᠠᠷᠢᠬᠤ ᠳᠤ ᠪᠦᠰᠡ ᠶᠢᠨ ᠦᠷᠭᠡᠴᠡ ᠶᠢ 14~24cm᠂ ᠭᠦᠷᠦᠰᠤ ᠰᠤᠯᠠᠷᠠᠭᠤᠯᠬᠤ ᠭᠦᠨᠴᠡ ᠶᠢ 10~16cm ᠪᠠᠶᠢᠯᠭᠠᠵᠤ᠂ ᠨᠦᠭᠦᠨ ᠲᠠᠷᠢᠬᠤ ᠪᠦᠰᠡ ᠶᠢᠨ ᠬᠤᠭᠤᠷᠤᠨᠳᠤᠭᠢ ᠵᠠᠢ ᠶᠢ ᠭᠠᠵᠠᠷ ᠤᠨ ᠪᠠᠶᠢᠴᠠ ᠶᠢ ᠦᠵᠡᠨ ᠲᠤᠠᠠᠳᠠᠭᠠᠵᠤ᠂ ᠦᠷᠭᠡᠨ ᠨᠠᠷᠢᠨ ᠵᠤᠷᠠᠭ᠎ᠠ ᠪᠦᠷ ᠪᠠᠶᠢᠵᠤ ᠪᠤᠯᠤᠨ᠎ᠠ᠃ ᠨᠠᠷᠢᠨ ᠵᠤᠷᠠᠭ᠎ᠠ ᠶᠢᠨ ᠭᠦᠢᠭᠡᠨ ᠭᠤᠪᠢᠯ ᠤᠨ ᠪᠦᠰᠡ ᠶᠢᠨ ᠦᠷᠭᠡᠴᠡ ᠶᠢ 10cm᠂ ᠭᠦᠨᠴᠡ ᠶᠢ 5~6cm ᠢᠶᠠᠷ ᠨᠦᠭᠦᠨ ᠲᠠᠷᠢᠪᠡᠯ ᠮᠠᠰᠢ ᠰᠠᠶᠢᠨ ᠦᠷ᠎ᠡ ᠪᠦᠳᠦᠮᠵᠢ ᠲᠠᠢ ᠪᠠᠶᠢᠨ᠎ᠠ᠃      ︵4︶ ᠪᠠᠶᠢᠡᠭᠭᠤ ᠭᠡᠷᠡᠭᠯᠡᠳᠡᠭ ᠨᠠᠷᠬᠠᠳᠠᠭᠤᠷ ᠮᠠᠰᠢᠨ ᠳᠤ ᠶᠠᠮᠠᠷ ᠭᠡᠳᠦᠨ ᠵᠦᠢᠯ ᠪᠠᠶᠢᠬᠤ ᠪᠤᠢ︖      ᠪᠠᠶᠢᠡᠭᠭᠤ ᠭᠡᠷᠡᠭᠯᠡᠳᠡᠭ ᠨᠠᠷᠬᠠᠳᠠᠬᠤ ᠮᠠᠰᠢᠨ ᠬᠤᠶᠠᠷ ᠵᠦᠢᠯ ᠪᠠᠶᠢᠨ᠎ᠠ᠃ ᠲᠤᠬᠠᠶᠢᠯᠠᠪᠠᠯ ᠠᠷᠠᠭᠠᠳᠤ ᠨᠠᠷᠬᠠᠳᠠᠭᠤᠷ ᠮᠠᠰᠢᠨ ᠪᠠ ᠲᠤᠭᠤᠷᠢᠭ ᠨᠠᠷᠬᠠᠳᠠᠭᠤᠷ ᠮᠠᠰᠢᠨ ᠪᠤᠯᠤᠨ᠎ᠠ᠃ ᠠᠷᠠᠭᠠᠳᠤ ᠨᠠᠷᠬᠠᠳᠠᠭᠤᠷ ᠮᠠᠰᠢᠨ ᠢ ᠪᠤᠯ ᠡᠪᠡᠰᠤ ᠤᠷᠭᠤᠬᠤ ᠰᠢᠷᠤᠢ ᠶᠢᠨ ᠭᠡᠰᠡᠭ ᠪᠤᠯᠤᠨ ᠭᠦᠷᠦᠰᠤᠨ ᠤ ᠭᠠᠳᠠᠷ ᠲᠠᠪᠬᠤᠷᠭ᠎ᠠ ᠶᠢ ᠰᠤᠯᠠᠷᠠᠭᠤᠯᠬᠤ ᠳᠤ ᠭᠡᠷᠡᠭᠯᠡᠵᠤ᠂ ᠦᠨᠳᠤᠰᠦ ᠶᠢ ᠦᠭᠳᠡᠭᠡᠨ ᠠᠷᠢᠯᠭᠠᠵᠤ᠂ ᠭᠦᠪᠳᠤ ᠶᠢᠨ ᠵᠦᠢᠯ ᠢ ᠬᠤᠰᠤᠵᠤ ᠠᠷᠢᠯᠭᠠᠨ᠎ᠠ᠃ ᠲᠤᠭᠤᠷᠢᠭ ᠨᠠᠷᠬ᠎ᠠ ᠨᠢ ᠪᠤᠯ ᠨᠠᠯᠢᠶᠡᠳ ᠭᠦᠨ ᠭᠦᠷᠦᠰᠤᠨ ᠲᠠᠪᠬᠤᠷᠭ᠎ᠠ ︵ᠶᠠᠷᠦᠩᠭᠡᠢ ᠳᠡᠭᠡᠨ 6~8cm︶ ᠶᠢ ᠨᠠᠷᠬᠠᠳᠠᠨ ᠰᠤᠯᠠᠷᠠᠭᠤᠯᠵᠤ᠂ ᠡᠪᠡᠰᠤ ᠤᠷᠭᠤᠬᠤ ᠰᠢᠷᠤᠢ ᠶᠢᠨ ᠪᠦᠭᠦᠯᠢ ᠵᠢᠴᠢ ᠡᠪᠡᠰᠤᠨ ᠤ ᠲᠦᠷᠦᠯ ᠤᠨ ᠭᠦᠷᠦᠰᠤᠨ ᠲᠤᠤᠷᠠᠭᠢ ᠭᠡᠰᠡᠭ ᠢ ᠭᠡᠮᠭᠡᠴᠢᠳᠡᠭ ᠪᠠᠶᠢᠨ᠎ᠠ᠃ ᠡᠪᠡᠰᠤ ᠤᠷᠭᠤᠬᠤ ᠰᠢᠷᠤᠢ ᠨᠢ ᠨᠡᠯᠢᠶᠡᠳ ᠵᠤᠵᠠᠭᠠᠨ ᠪᠦᠭᠡᠳ ᠲᠠᠴᠢᠷ ᠪᠡᠯᠴᠢᠭᠡᠷ ᠢ ᠪᠤᠯ ᠰᠡᠳᠡᠷᠭᠡᠢ ᠲᠤᠭᠤᠷᠢᠭ ᠨᠠᠷᠬᠠᠳᠠᠭᠤᠷ ᠮᠠᠰᠢᠨ ᠢᠶᠠᠷ ᠨᠠᠷᠬᠠᠳᠠᠪᠠᠯ ᠮᠠᠰᠢ ᠰᠠᠶᠢᠨ ᠦᠷ᠎ᠡ ᠪᠦᠳᠦᠮᠵᠢ ᠤᠯᠤᠨ᠎ᠠ᠃      ︵5︶ ᠭᠦᠷᠦᠰᠤ ᠶᠢ ᠡᠰᠭᠡᠵᠤ ᠵᠦᠰᠤᠵᠤ ᠰᠠᠶᠢᠵᠢᠷᠠᠭᠤᠯᠬᠤ ᠭᠡᠳᠡᠭ ᠨᠢ ᠶᠠᠮᠠᠷ ᠠᠷᠭ᠎ᠠ ᠶᠢ ᠵᠢᠭᠠᠵᠤ ᠪᠠᠶᠢᠬᠤ ᠪᠤᠢ︖      ᠡᠩ ᠲᠠᠷᠢᠭᠦᠨ ᠳᠤ ᠶᠠᠭᠠᠭᠢᠭᠠᠳ ᠭᠦᠷᠤᠰᠤ ᠶᠢ ᠡᠰᠭᠡᠨ ᠵᠦᠰᠦᠭᠦ ᠠᠷᠭ᠎ᠠ ᠪᠠᠷ ᠪᠡᠯᠴᠢᠭᠡᠷ ᠢ ᠰᠠᠶᠢᠵᠢᠷᠠᠭᠤᠯᠳᠠᠭ ᠪᠤᠢ ᠭᠡᠪᠡᠯ ᠤᠯᠠᠨ ᠵᠢᠯ ᠤᠷᠭᠤᠠᠠᠰᠠᠨ ᠡᠪᠡᠰᠤ ᠪᠡᠯᠴᠢᠭᠡᠷ ᠨᠢ 3~5 ᠵᠢᠯ ᠴᠢᠨ᠋ᠬᠠᠰᠢᠯᠠᠪᠠᠯ ᠨᠡᠩ ᠤᠯᠠᠨ ᠵᠢᠯ ᠤᠷᠭᠤᠵᠤ ᠠᠰᠢᠠᠠᠯᠬᠠᠳᠠᠬᠤ ᠶᠠᠪᠤᠴᠠ ᠳᠠᠭᠠᠨ ᠡᠪᠡᠰᠤᠨ ᠤ ᠭᠦᠷᠦᠰᠤᠨ ᠲᠤᠤᠷᠠᠭᠢ ᠦᠨᠳᠤᠰᠤ ᠡᠰᠢ ᠨᠢ ᠦᠡᠭᠭᠡᠨ ᠲᠠᠯ᠎ᠠ ᠶᠢᠨ ᠰᠢᠷᠤᠢ ᠲᠠᠢ ᠪᠠᠷᠢᠯᠳᠤᠨ ᠪᠦᠭᠡᠮᠨᠡᠷᠡᠵᠤ᠂ ᠭᠦᠷᠤᠰᠤ ᠰᠢᠷᠤᠢ ᠶᠢ ᠬᠠᠳᠠᠭᠤᠷᠠᠭᠤᠯᠵᠤ᠂ ᠭᠦᠷᠤᠰᠤ ᠰᠢᠷᠤᠢ ᠶᠢᠨ ᠲᠡᠭᠡᠳᠤ ᠭᠡᠰᠡᠭ ᠨᠢ ᠨᠢᠭᠡᠨ ᠲᠠᠪᠬᠤᠷᠭ᠎ᠠ ᠡᠪᠡᠰᠦᠯᠢᠭ ᠬᠠᠯᠢᠰᠤ ᠪᠤᠯᠤᠭᠠᠳ᠂ ᠭᠡᠢ ᠨᠡᠪᠳᠡᠷᠡᠭᠦ ᠦᠭᠡᠢ ᠤᠰᠤ ᠰᠢᠮᠡᠳᠭᠦ ᠦᠭᠡᠢ ᠪᠤᠯᠵᠤ᠂ ᠤᠷᠭᠤᠮᠠᠯ ᠰᠢᠩᠭᠡᠷᠡᠵᠤ᠂ ᠮᠢᠺᠷᠤᠪ ᠤᠨ ᠠᠵᠢᠯᠯᠠᠭ᠎ᠠ ᠨᠢ ᠲᠤᠷᠦ᠋ᠢᠳᠠᠵᠤ᠂ ᠭᠦᠷᠤᠰᠤ ᠰᠢᠷᠤᠢ ᠭᠠᠨᠭ᠍ᠳᠠᠨ ᠬᠠᠳᠠᠵᠤ᠂ ᠰᠢᠩᠭᠡᠭᠡᠨ ᠠᠪᠬᠤ ᠰᠢᠮ᠎ᠠ ᠲᠡᠵᠢᠭᠡᠯ ᠤᠨ ᠵᠦᠢᠯ ᠨᠢ ᠭᠦᠷᠦᠯᠴᠡᠬᠦ ᠦᠭᠡᠢ ᠪᠤᠯᠤᠭᠠᠳ᠂ ᠦᠢᠯᠡᠳᠪᠤᠷᠢᠯᠡᠯ ᠤᠨ ᠭᠦᠴᠤᠨ ᠨᠢ ᠰᠢᠷᠦᠭᠦᠨ ᠪᠠᠭᠤᠷᠠᠳᠠᠭ ᠪᠠᠶᠢᠨ᠎ᠠ᠃ ᠡᠪᠡᠰᠤᠨ ᠤ ᠬᠠᠯᠢᠰᠤ ᠶᠢ ᠡᠰᠭᠡᠨ ᠵᠦᠰᠦᠵᠤ ᠪᠠᠶᠢᠬᠤ ᠨᠢ ᠲᠠᠷᠤᠢ ᠪᠠᠶᠢᠭᠠᠯᠢᠯᠢᠬ ᠪᠡᠯᠴᠢᠭᠡᠷ ᠤᠨ ᠤᠷᠭᠤᠮᠠᠯ ᠤᠨ ᠪᠦᠳᠦᠴᠡ ᠶᠢ ᠨᠢ ᠡᠪᠳᠡᠭᠦ ᠦᠭᠡᠢ ᠪᠠᠶᠢᠳᠠᠯ ᠲᠤᠤᠷ᠎ᠡ ᠡᠪᠡᠰᠤᠨ ᠬᠠᠯᠢᠰᠤᠯᠢᠭ ᠢ ᠵᠦᠰᠤᠨ ᠰᠠᠯᠭᠠᠵᠤ ᠪᠠᠶᠢᠬᠤ ᠨᠢᠭᠡᠨ ᠵᠦᠢᠯ ᠤᠨ ᠡᠪᠡᠰᠤ ᠪᠤᠶᠢᠵᠢᠭᠤᠯᠬᠤ ᠠᠷᠭ᠎ᠠ ᠭᠡᠮᠵᠢᠶ᠎ᠠ ᠪᠤᠯᠤᠨ᠎ᠠ᠃       ︵6︶ ᠪᠡᠯᠴᠢᠭᠡᠷ ᠪᠦᠭᠦᠨ ᠢ ᠴᠦᠮ ᠡᠰᠭᠡᠵᠤ ᠵᠦᠰᠤᠵᠤ ᠰᠠᠶᠢᠵᠢᠷᠠᠭᠤᠯᠵᠤ ᠪᠤᠯᠤᠨ᠎ᠠ ᠤᠤ︖       ᠡᠰᠭᠡᠵᠤ ᠵᠦᠰᠦᠭᠦ ᠠᠷᠭ᠎ᠠ ᠨᠢ ᠭᠡᠳᠦ᠋ᠢᠪᠡᠷ ᠰᠠᠶᠢᠨ ᠪᠤᠯᠪᠠᠴᠤ ᠪᠡᠯᠴᠢᠭᠡᠷ ᠪᠦᠭᠦᠨ ᠢ ᠴᠦᠮ ᠡᠰᠭᠡᠵᠤ ᠵᠦᠰᠦᠭᠦ ᠴᠢᠬᠤᠯᠠ ᠦᠭᠡᠢ ᠪᠠᠶᠢᠳᠠᠭ᠃ ᠭᠤᠤᠯ ᠨᠢ ᠪᠡᠯᠴᠢᠭᠡᠷ ᠤᠨ ᠪᠤᠳᠠᠳᠠᠢ ᠨᠦᠭᠦᠴᠡᠯ ᠢ ᠦᠨᠳᠦᠰᠦᠯᠡᠨ ᠲᠤᠠᠠᠳᠠᠭᠠᠬᠤ ᠭᠡᠷᠡᠭᠳᠡᠢ᠃ ᠵᠢᠱᠢᠶᠡᠯᠡᠪᠡᠯ ᠬᠠᠭᠢᠷ ᠭᠦᠢᠳᠡᠨ ᠴᠢᠭᠢᠭᠯᠢᠭ ᠦᠨᠳᠦᠷᠯᠢᠭ ᠤᠨ ᠪᠡᠯᠴᠢᠭᠡᠷ᠂ ᠠᠭᠤᠷ ᠠᠮᠢᠰᠬᠤᠯ ᠲᠤᠯᠠᠭᠠᠨ ᠪᠦᠭᠡᠳ ᠭᠦᠷᠦᠰᠤ ᠰᠢᠷᠤᠢ ᠨᠢ ᠵᠢᠯ ᠲᠤᠵᠢ ᠤᠰᠤᠷᠬᠠᠭ ᠪᠠᠶᠢᠳᠠᠭ ᠪᠡᠯᠴᠢᠭᠡᠷ ᠲᠤ ᠴᠦᠮ ᠡᠨᠡ ᠠᠷᠭ᠎ᠠ ᠶᠢ ᠭᠡᠷᠡᠭᠯᠡᠨ ᠰᠠᠶᠢᠵᠢᠷᠠᠭᠤᠯᠵᠤ ᠪᠤᠯᠤᠨ᠎ᠠ᠃ ᠨᠠᠯᠠᠤ ᠭᠦᠳᠦᠯ ᠪᠤᠯᠤᠨ ᠭᠦᠷᠦᠰᠤᠨ ᠲᠠᠪᠬᠤᠷᠭ᠎ᠠ ᠨᠢ ᠨᠢᠮᠭᠡᠨ ᠬᠠᠶᠢᠷ ᠴᠢᠯᠠᠭᠤ ᠲᠠᠢ ᠪᠠᠯᠴᠢᠭᠡᠷ ᠲᠤ ᠡᠨᠡ ᠠᠷᠭ᠎ᠠ ᠶᠢ ᠭᠡᠷᠡᠭᠯᠡᠵᠤ ᠪᠤᠯᠬᠤ ᠦᠭᠡᠢ᠃       ︵7︶ ᠡᠰᠭᠡᠵᠤ ᠵᠦᠰᠦᠭᠦ ᠠᠷᠭ᠎ᠠ ᠶᠢ ᠶᠠᠭᠠᠭᠢᠵᠤ ᠭᠡᠷᠡᠭᠯᠡᠭᠦ ᠪᠤᠢ︖ ᠶᠠᠮᠠᠷ ᠠᠰᠠᠭᠤᠳᠠᠯ ᠢ ᠠᠩᠬᠠᠷᠬᠤ ᠴᠢᠬᠤᠯᠠ ᠲᠠᠢ ᠪᠤᠢ︖       ᠡᠪᠡᠰᠤᠨ ᠭᠦᠷᠤᠰᠤ ᠶᠢ ᠡᠰᠭᠡᠵᠤ ᠵᠦᠰᠦᠭᠦ ᠭᠦᠨᠴᠡ ᠶᠢ ᠡᠪᠡᠰᠤᠨ ᠭᠦᠷᠦᠰᠤᠨ ᠤ ᠵᠤᠵᠠᠭᠠᠨ ᠢᠶᠠᠷ ᠪᠠᠷᠢᠮᠵᠢᠶᠠᠯᠡᠨ᠎ᠠ᠃ ᠶᠠᠷᠦᠩᠭᠡᠢ ᠳᠡᠭᠡᠨ 10~15cm ᠠᠴᠠ ᠨᠢᠮᠭᠡᠨ ᠪᠠᠶᠢᠯᠭᠠᠵᠤ ᠪᠤᠯᠬᠤ ᠦᠭᠡᠢ᠃ ᠵᠦᠰᠦᠭᠦ ᠮᠦᠷ ᠤᠨ ᠵᠠᠢ ᠶᠢ 30~60cm ᠪᠠᠶᠢᠯᠭᠠᠪᠠᠯ ᠲᠤᠭᠢᠷᠠᠮᠵᠢᠳᠡᠢ᠃ ᠡᠪᠡᠰᠤᠨ ᠭᠦᠷᠤᠰᠤ ᠶᠢ ᠡᠰᠭᠡᠵᠤ ᠵᠦᠰᠦᠭᠦ ᠳᠤ ᠵᠠᠷᠢᠮ ᠡᠪᠡᠰᠤᠨ ᠤ ᠦᠨᠳᠤᠰᠤᠨ ᠰᠢᠰᠲ᠋ᠧᠮ ᠢ ᠲᠠᠰᠤᠯᠵᠤ᠂ ᠲᠡᠭᠦᠨ ᠤ ᠤᠷᠭᠤᠴᠠ ᠶᠢ ᠨᠢ ᠨᠦᠯᠦᠭᠡᠯᠡᠭᠦ ᠨᠢ ᠵᠠᠶᠢᠯᠠᠰᠢ ᠦᠭᠡᠢ᠃ ᠡᠶᠢᠮᠤ ᠠᠴᠠ ᠬᠤᠷᠢᠶᠠᠯᠳᠠ ᠬᠠᠰᠤᠠᠠᠳᠠᠬᠤ ᠠᠴᠠ ᠵᠠᠶᠢᠯᠠᠰᠭᠢᠭᠦ ᠶᠢᠨ ᠲᠤᠰᠠᠳᠠ ᠡᠪᠡᠰᠤᠨ ᠭᠦᠷᠤᠰᠤ ᠶᠢ ᠡᠰᠭᠡᠵᠤ ᠵᠦᠰᠦᠭᠦ ᠶᠠᠪᠤᠳᠠᠯ ᠢ ᠡᠪᠡᠰᠤ ᠨᠤᠭᠤᠭ᠎ᠠ ᠶᠢᠨ ᠤᠷᠭᠤᠯᠳᠠ ᠶᠢᠨ ᠭᠦᠭ ᠦᠶ᠎ᠠ ᠳᠤ ᠭᠢᠵᠤ ᠪᠤᠯᠬᠤ ᠦᠭᠡᠢ᠂ ᠬᠠᠪᠤᠷ ᠡᠷᠳᠡ ᠪᠤᠶᠤ ᠨᠠᠮᠤᠷ ᠤᠨ ᠰᠡᠭᠦᠯᠴᠢ ᠭᠢᠪᠡᠯ ᠲᠤᠭᠢᠷᠠᠮᠵᠢᠳᠡᠢ᠃ ᠡᠰᠭᠡᠵᠤ ᠵᠦᠰᠦᠭᠦ ᠳᠡᠭᠡᠨ ᠡᠰᠭᠡᠵᠤ ᠵᠦᠰᠦᠭᠦ ᠶᠢᠨ ᠲᠠᠭᠠᠤ ᠪᠠᠭ᠎ᠠ ᠰᠤᠯᠠᠷᠠᠭᠤᠯᠪᠠᠯ ᠰᠠᠶᠢᠨ᠃ ᠤᠷᠪᠠᠭᠤᠯᠬᠤ ᠶᠢ ᠡᠷᠡᠰ ᠴᠡᠭᠡᠷᠯᠡᠭᠦ ᠭᠡᠷᠡᠭᠳᠡᠢ᠃       ︵8︶ ᠭᠦᠷᠦᠰᠤ ᠡᠰᠭᠡᠵᠤ ᠵᠦᠰᠦᠭᠦ ᠳᠤ ᠶᠠᠮᠠᠷ ᠮᠠᠰᠢᠨ ᠪᠠᠭᠠᠵᠢ ᠪᠠᠶᠢᠬᠤ ᠪᠤᠢ︖      ᠡᠪᠡᠰᠤᠨ ᠭᠦᠷᠤᠰᠤ ᠡᠰᠭᠡᠵᠤ ᠵᠦᠰᠦᠭᠦ ᠳᠤ ᠭᠦᠯᠦᠰᠢᠨ ᠤ ᠤᠨᠤᠭ᠎ᠠ ᠪᠤᠶᠤ ᠲᠷᠠᠺᠲ᠋ᠤᠷ ᠢᠶᠠᠷ ᠴᠢᠷᠭᠦ ᠲᠠᠷᠢᠶᠠᠯᠠᠩ ᠤᠨ ᠪᠠᠭᠠᠵᠢ ᠵᠢᠱᠢᠶᠡᠯᠡᠪᠡᠯ ᠬᠠᠷᠢᠶᠠᠴᠠᠢ ᠠᠠᠵᠢᠰᠤ᠂ ᠲᠤᠭᠤᠷᠢᠭ ᠨᠠᠷᠬᠠᠳᠠᠭᠤᠷ ᠮᠠᠰᠢᠨ᠂ ᠨᠢᠷᠤᠭᠤ ᠦᠭᠡᠢ ᠠᠠᠵᠢᠰᠤ ᠵᠡᠷᠭᠡ ᠶᠢ ᠴᠦᠮ ᠭᠡᠷᠡᠭᠯᠡᠵᠤ ᠪᠤᠯᠤᠨ᠎ᠠ᠃       ︵9︶ ᠭᠦᠢᠭᠡᠨ ᠤᠷᠪᠠᠭᠤᠯᠵᠤ ᠰᠠᠶᠢᠵᠢᠷᠠᠭᠤᠯᠬᠤ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖       ᠪᠡᠯᠴᠢᠭᠡᠷ ᠢ ᠭᠦᠢᠭᠡᠨ ᠤᠷᠪᠠᠭᠤᠯᠬᠤ ᠭᠡᠳᠡᠭ ᠨᠢ ᠲᠠᠷᠤᠢ ᠬᠤᠤᠰ ᠭᠦᠷᠳᠦᠳᠤ ᠬᠤᠤᠰ ᠬᠤᠰᠢᠭᠤᠳᠤ ᠠᠠᠵᠢᠰᠤ ᠪᠤᠶᠤ ᠮᠠᠰᠢᠨ ᠴᠢᠷᠦᠭᠦᠯᠳᠤ ᠲᠠᠪᠤᠨ ᠬᠤᠰᠢᠭᠤᠳᠤ ᠠᠠᠵᠢᠰᠤ ᠪᠠᠷ ᠪᠡᠯᠴᠢᠭᠡᠷ ᠢ 10~15cm ᠤᠷᠪᠠᠭᠤᠯᠵᠤ᠂ ᠲᠠᠭᠢᠨ ᠲᠤᠭᠤᠷᠢᠭ ᠨᠠᠷᠬᠠᠳᠠᠭᠤᠷ ᠮᠠᠰᠢᠨ ᠢᠶᠠᠷ ᠨᠠᠷᠬᠠᠳᠠᠵᠤ᠂ ᠪᠡᠯᠴᠢᠭᠡᠷ ᠤᠨ ᠭᠦᠷᠤᠰᠤ ᠰᠢᠷᠤᠢ ᠶᠢ ᠰᠤᠯᠠᠷᠠᠭᠤᠯᠵᠤ᠂ ᠡᠪᠡᠰᠤ ᠪᠡᠯᠴᠢᠭᠡᠷ ᠤᠨ ᠠᠶᠠᠠᠳᠠᠭᠠᠨ ᠰᠢᠨᠡᠴᠢᠯᠡᠭᠳᠡᠭᠦ ᠶᠢ ᠠᠭᠢᠭᠤᠯᠬᠤ ᠶᠢ ᠭᠡᠯᠡᠵᠤ ᠪᠤᠢ᠃ ᠬᠦᠢᠬᠡᠨ ᠤᠷᠪᠠᠭᠤᠯᠬᠤ ᠨᠢ ᠮᠦᠨ ᠴᠦ ᠡᠪᠡᠰᠤ ᠪᠡᠯᠴᠢᠭᠡᠷ ᠤᠨ ᠲᠡᠭᠡᠳᠤ ᠲᠠᠪᠬᠤᠷᠭ᠎ᠠ ᠶᠢᠨ ᠭᠦᠷᠤᠰᠤ ᠶᠢ ᠰᠠᠶᠢᠵᠢᠷᠠᠭᠤᠯᠬᠤ ᠹᠢᠽᠢᠺ ᠤᠨ ᠪᠠᠶᠢᠳᠠᠯ ᠢᠶᠠᠷ ᠲᠠᠮᠵᠢᠭᠤᠯᠤᠨ ᠬᠠᠳᠤᠯᠠᠩ ᠪᠡᠯᠴᠢᠭᠡᠷ ᠢ ᠤᠨᠠᠯᠳᠠ ᠬᠤᠷᠢᠶᠠᠯᠳᠠ ᠰᠠᠶᠢᠳᠠᠢ ᠪᠤᠯᠭᠠᠳᠠᠭ᠃ ᠡᠨᠡ ᠠᠷᠭ᠎ᠠ ᠶᠢ ᠵᠡᠭᠦᠨ ᠬᠤᠶᠢᠳᠤ ᠤᠷᠤᠨ ᠪᠤᠯᠤᠨ ᠦᠪᠤᠷ ᠮᠤᠩᠭᠤᠯ ᠤᠨ ᠭᠢᠯᠭᠠᠨ᠎ᠠ᠂ ᠭᠦᠭᠡ ᠡᠪᠡᠰᠤ ︵ᠠᠯᠢᠰᠤ︶ ᠪᠤᠶᠤ ᠰᠤᠯᠡ ᠡᠪᠡᠰᠤ᠂ ᠭᠦᠭᠡ ᠡᠪᠡᠰᠤ ᠶᠢᠨ ᠪᠡᠯᠴᠢᠭᠡᠷ ᠲᠤ ᠭᠡᠷᠡᠭᠯᠡᠭᠡᠳ ᠮᠠᠰᠢ ᠰᠠᠶᠢᠨ ᠦᠷ᠎ᠠ ᠪᠦᠳᠦᠭᠡᠯ ᠤᠯᠵᠠᠢ᠃ ᠬᠦᠢᠬᠡᠨ ᠤᠷᠪᠠᠭᠤᠯᠤᠭᠠᠳ ᠭᠤᠷᠪᠡᠨ ᠵᠢᠯ ᠤᠨ ᠲᠠᠷᠠᠭ᠎ᠠ ᠭᠦᠭᠡ ᠡᠪᠡᠰᠤ ᠨᠢ ᠡᠪᠡᠰᠤᠨ ᠤ ᠪᠦᠯᠦᠭᠯᠡᠯ ᠤᠨ 50% ᠠᠴᠠ ᠲᠡᠭᠡᠭᠰᠢᠭᠢ ᠶᠢ ᠡᠵᠡᠯᠡᠵᠤ᠂ ᠲᠠᠪᠠᠭᠤᠯᠢᠭ ᠪᠠᠶᠢᠷᠢᠨ ᠳᠤ ᠲᠠᠪᠰᠢᠬᠤ ᠶᠢᠨ ᠬᠠᠮᠳᠤ 4~5 ᠵᠢᠯ ᠦᠷᠭᠦᠯᠵᠢᠯᠡᠵᠤ᠂ ᠤᠨᠠᠯᠳᠠ ᠬᠤᠷᠢᠶᠠᠯᠳᠠ ᠨᠢ 2~3 ᠲᠠᠭᠢᠨ ᠲᠡᠭᠡᠭᠰᠢᠯᠡᠭᠦ ᠪᠤᠯᠤᠨ᠎ᠠ᠃       ︵10︶ ᠶᠠᠭᠠᠭᠢᠬᠤ ᠳᠠᠭᠠᠨ ᠬᠦᠢᠬᠡᠨ ᠤᠷᠪᠠᠭᠤᠯᠬᠤ ᠨᠢ ᠭᠦᠭᠡ ᠡᠪᠡᠰᠤᠨ ᠤ ᠤᠷᠭᠤᠯᠳᠠ ᠶᠢ ᠰᠠᠶᠢᠵᠢᠷᠠᠭᠤᠯᠵᠤ ᠴᠢᠳᠠᠳᠠᠭ ᠪᠤᠢ︖      ᠬᠦᠢᠬᠡᠨ ᠤᠷᠪᠠᠭᠤᠯᠬᠤ ᠨᠢ ᠠᠯᠢᠰᠤ ᠡᠪᠡᠰᠤᠨ ᠤ ᠪᠡᠯᠴᠢᠭᠡᠷ ᠤᠨ ᠤᠨᠠᠯᠳᠠ ᠶᠢ ᠨᠡᠮᠡᠭᠳᠡᠭᠦᠯᠭᠦ ᠬᠤᠶᠠᠷ ᠵᠦᠢᠯ ᠤᠨ ᠰᠢᠯᠳᠠᠭᠠᠨ ᠪᠠᠶᠢᠨ᠎ᠠ᠃ ᠨᠢᠭᠡ ᠳᠤ ᠬᠦᠢᠬᠡᠨ ᠤᠷᠪᠠᠭᠤᠯᠬᠤ ᠨᠢ ᠤᠤᠯ ᠤᠨ ᠤᠷᠭᠤᠮᠠᠯ ᠤᠨ ᠦᠨᠳᠤᠰᠤᠨ ᠲᠠᠪᠬᠤᠷᠭ᠎ᠠ ᠶᠢ ᠡᠪᠳᠡᠭᠡᠳ ᠨᠢᠠᠠᠳᠠ ᠭᠡᠯᠪᠡᠷᠢ ᠶᠢᠨ ᠭᠢᠯᠭᠠᠨ᠎ᠠ ᠪᠤᠯᠤᠨ ᠲᠡᠩᠭᠡᠯᠢᠭ ᠭᠡᠯᠪᠡᠷᠢ ᠶᠢᠨ ᠰᠤᠯᠠ ᠡᠪᠡᠰᠤ ᠶᠢ ᠮᠠᠰᠢ ᠶᠡᠭᠡ ᠬᠤᠭᠢᠷᠠᠭᠤᠯᠬᠤ ᠪᠤᠯᠪᠠᠴᠤ ᠦᠨᠳᠦᠰᠦᠯᠢᠭ ᠭᠦᠭᠡ ᠡᠪᠡᠰᠤ ᠶᠢᠨ ᠪᠡᠯᠭᠡ ᠶᠢᠨ ᠪᠤᠰᠤ ᠦᠷᠡᠵᠢᠯ ᠢ ᠠᠭᠢᠭᠤᠯᠵᠤ ᠴᠢᠳᠠᠨ᠎ᠠ᠃ ᠬᠤᠶᠠᠷ ᠲᠤ ᠬᠦᠢᠬᠡᠨ ᠤᠷᠪᠠᠭᠤᠯᠬᠤ ᠨᠢ ᠡᠪᠡᠰᠤᠨ ᠭᠦᠷᠤᠰᠤ ᠶᠢ ᠡᠪᠳᠡᠵᠤ᠂ ᠭᠦᠷᠦᠰᠤ ᠰᠢᠷᠤᠢ ᠶᠢᠨ ᠲᠡᠭᠡᠳᠤ ᠲᠠᠪᠬᠤᠷᠭ᠎ᠠ ᠶᠢ ᠰᠤᠯᠠᠷᠠᠭᠤᠯᠵᠤ᠂ ᠦᠨᠳᠦᠰᠦᠯᠢᠭ ᠤᠷᠭᠤᠮᠠᠯ ᠤᠨ ᠤᠷᠭᠤᠬᠤ ᠳᠤ ᠠᠰᠢᠭ ᠲᠠᠢ ᠪᠤᠯᠭᠠᠳᠠᠭ᠃ ᠬᠦᠢᠬᠡᠨ ᠤᠷᠪᠠᠭᠤᠯᠵᠤ ᠡᠭᠦᠯᠳᠡᠷ ᠰᠠᠶᠢᠵᠢᠷᠠᠭᠤᠯᠬᠤ ᠠᠷᠭ᠎ᠠ ᠭᠡᠮᠵᠢᠶ᠎ᠠ ᠨᠢ ᠦᠨᠳᠦᠰᠦᠯᠢᠭ ᠦᠶᠡᠳᠤ ᠤᠷᠭᠤᠮᠠᠯ ᠤᠨ ᠢᠵᠠᠭᠤᠷᠳᠤ ᠡᠪᠡᠰᠤ ᠵᠢᠴᠢ ᠦᠨᠳᠤᠰᠦᠯᠢᠭ ᠪᠤᠷᠴᠠᠬ ᠤᠨ ᠢᠵᠠᠭᠤᠷᠳᠤ ᠡᠪᠡᠰᠤᠨ ᠳᠤ ᠲᠤᠭᠢᠷᠠᠨ᠎ᠠ᠃       ︵11︶ ᠶᠠᠮᠠᠷ ᠠᠷᠭ᠎ᠠ ᠭᠢᠳᠡᠯ ᠢᠶᠠᠷ ᠬᠦᠢᠬᠡᠨ ᠤᠷᠪᠠᠭᠤᠯᠤᠨ ᠰᠤᠯᠠᠷᠠᠭᠤᠯᠬᠤ ᠪᠤᠢ︖       ᠬᠦᠢᠬᠡᠨ ᠤᠷᠪᠠᠭᠤᠯᠤᠨ ᠨᠠᠷᠬᠠᠳᠠᠨ ᠰᠤᠯᠠᠷᠠᠭᠤᠯᠬᠤ ᠠᠷᠭ᠎ᠠ ᠭᠢᠳᠡᠯ ᠭᠡᠪᠡᠯ ᠮᠠᠰᠢᠨ ᠴᠢᠷᠦᠭᠦᠯᠳᠤ ᠲᠠᠪᠤᠨ ᠬᠤᠰᠢᠭᠤᠳᠤ ᠠᠠᠵᠢᠰᠤ᠂ ᠬᠤᠤᠰ ᠭᠦᠷᠳᠤᠳᠤ ᠬᠤᠤᠰ ᠬᠤᠰᠢᠭᠤᠳᠤ ᠠᠠᠵᠢᠰᠤ ᠪᠠᠷ ᠬᠦᠢᠬᠡᠨ ᠤᠷᠪᠠᠭᠤᠯᠤᠨ᠎ᠠ᠃ ᠲᠡᠭᠦᠨ ᠤ ᠠᠵᠢᠯᠯᠠᠬᠤ ᠠᠷᠭ᠎ᠠ ᠨᠢ ᠭᠡᠪᠡᠯ ᠰᠢᠭᠤᠳ ᠤᠷᠪᠠᠭᠤᠯᠬᠤ ᠪᠤᠶᠤ ᠲᠤᠭᠤᠷᠢᠭ ᠤᠨ ᠭᠡᠯᠪᠡᠷᠢ ᠲᠠᠢ ᠤᠷᠪᠠᠭᠤᠯᠵᠤ᠂ 15~20cm ᠭᠦᠨ ᠤᠷᠪᠠᠭᠤᠯᠪᠠᠯ ᠲᠤᠭᠢᠷᠠᠮᠵᠢᠳᠡᠢ᠃ ᠤᠷᠪᠠᠭᠤᠯᠤᠠᠠᠰᠠᠨ ᠤ ᠰᠡᠭᠦᠯᠡᠷ ᠠᠷᠠᠭ᠎ᠠ ᠦᠭᠡᠢ ᠭᠦᠨᠳᠤ ᠭᠡᠯᠪᠡᠷᠢ ᠶᠢᠨ ᠨᠠᠷᠬᠠᠳᠠᠭᠤᠷ ᠢᠶᠠᠷ ᠲᠠᠷᠦ᠋ᠢᠬᠠᠨ ᠨᠢᠭᠡ ᠤᠳᠠᠭ᠎ᠠ ᠨᠠᠷᠬᠠᠳᠠᠭᠠᠳ ᠲᠠᠭᠢᠨ ᠭᠦᠡᠭᠭᠡᠨ ᠭᠡᠯᠪᠡᠷᠢ ᠶᠢᠨ ᠲᠤᠭᠤᠷᠢᠭ ᠨᠠᠷᠬᠠᠳᠠᠭᠤᠷ ᠢᠶᠠᠷ ᠬᠤᠶᠠᠷ ᠤᠳᠠᠬ᠎ᠠ ᠨᠠᠷᠬᠠᠳᠠᠵᠤ᠂ ᠭᠦᠷᠦᠰᠤ ᠰᠢᠷᠤᠢ ᠶᠢᠨ ᠭᠠᠳᠠᠷᠭᠤ ᠶᠢ ᠨᠠᠷᠢᠨ᠂ ᠭᠡᠮᠭᠡᠳᠡᠭ᠂ ᠲᠡᠭᠰᠢ ᠪᠤᠯᠭᠠᠨ᠎ᠠ᠃ ᠡᠪᠡᠰᠤᠨ ᠤ ᠦᠨᠳᠤᠰᠤᠨ ᠭᠡᠰᠡᠭ ᠢ ᠢᠯᠡ ᠪᠠᠶᠢᠯᠭᠠᠵᠤ ᠪᠤᠯᠬᠤ ᠦᠭᠡᠢ᠃ ᠭᠦᠷᠤᠰᠤ ᠰᠢᠷᠤᠢ ᠨᠡᠯᠢᠶᠡᠳ ᠤᠰᠤᠷᠬᠠᠭ ᠦᠶ᠎ᠠ ᠳᠤ ᠤᠷᠪᠠᠭᠤᠯᠪᠠᠯ ᠬᠠᠮᠤᠭ ᠤᠨ ᠰᠠᠶᠢᠨ᠃ ᠬᠠᠪᠤᠷ ᠲᠠᠭᠠᠨ ᠭᠠᠩ ᠬᠠᠭᠰᠠᠷᠠᠭᠠᠨ ᠲᠠᠢ ᠭᠠᠵᠠᠷ ᠤᠷᠤᠨ ᠪᠤᠯ ᠭᠠᠩ ᠬᠠᠭᠰᠠᠷᠠᠭᠠᠨ ᠠᠴᠠ ᠵᠠᠶᠢᠯᠠᠰᠭᠢᠵᠤ᠂ ᠪᠤᠷᠤᠭᠠᠨ ᠤ ᠤᠯᠠᠷᠢᠯ ᠭᠦᠷᠴᠤ ᠢᠷᠡᠭᠦ ᠠᠴᠠ ᠡᠮᠦᠨ᠎ᠠ 6 ᠳ᠋ᠤᠭᠠᠷ ᠰᠠᠷ᠎ᠠ ᠶᠢᠨ ᠰᠡᠭᠦᠯᠴᠢ ᠪᠠᠷ ᠤᠷᠪᠠᠭᠤᠯᠪᠠᠯ ᠬᠠᠮᠤᠭ ᠤᠨ ᠲᠤᠭᠢᠷᠠᠮᠵᠢᠳᠡᠢ᠃     ︵12︶ ᠬᠦᠢᠬᠡᠨ ᠤᠷᠪᠠᠭᠤᠯᠤᠨ ᠰᠤᠯᠠᠷᠠᠭᠤᠯᠬᠤ ᠳᠤ ᠶᠠᠮᠠᠷ ᠠᠩᠬᠠᠷᠬᠤ ᠴᠢᠬᠤᠯᠠ ᠲᠠᠢ ᠠᠰᠠᠭᠤᠳᠠᠯ ᠪᠠᠶᠢᠨ᠎ᠠ ᠪᠤᠢ︖     ᠭᠤᠤᠯ ᠨᠢ ᠲᠤᠤᠷᠠᠭᠢ ᠮᠡᠳᠤ ᠲᠦᠷᠪᠡᠨ ᠠᠰᠠᠭᠤᠳᠠᠯ ᠢ ᠠᠩᠬᠠᠷᠬᠤ ᠭᠡᠷᠡᠭᠳᠡᠢ᠃     ① ᠬᠦᠢᠬᠡᠨ ᠤᠷᠪᠠᠭᠤᠯᠬᠤ ᠠᠷᠭ᠎ᠠ ᠶᠢ ᠵᠦᠪᠭᠡᠨ ᠦᠨᠳᠤᠰᠦᠯᠢᠭ ᠭᠡᠯᠪᠡᠷᠢ ᠶᠢᠨ ᠪᠡᠯᠴᠢᠭᠡᠷ᠂ ᠵᠢᠱᠢᠶᠡᠯᠡᠪᠡᠯ ᠭᠦᠭᠡ ᠡᠪᠡᠰᠤᠨ ᠤ ᠭᠠᠵᠠᠷ ᠲᠡᠭᠡᠷ᠎ᠡ ᠭᠡᠷᠡᠭᠯᠡᠭᠦ ᠭᠡᠷᠡᠭᠳᠡᠢ᠃     ② ᠬᠦᠢᠬᠡᠨ ᠤᠷᠪᠠᠭᠤᠯᠤᠨ ᠨᠠᠷᠬᠠᠳᠠᠨ ᠰᠤᠯᠠᠷᠠᠭᠤᠯᠵᠤ ᠰᠠᠶᠢᠵᠢᠷᠠᠭᠤᠯᠤᠠᠠᠰᠠᠨ ᠤ ᠰᠡᠭᠦᠯᠡᠷᠭᠢ ᠪᠡᠯᠴᠢᠭᠡᠷ ᠢ 2~3 ᠵᠢᠯ ᠤᠨ ᠲᠤᠳᠤᠷ᠎ᠠ ᠵᠦᠪᠭᠡᠨ ᠬᠠᠳᠤᠯᠠᠩ ᠳᠤ ᠯᠡ ᠠᠰᠢᠠᠠᠯᠠᠵᠤ᠂ ᠦᠨᠳᠤᠰᠦᠯᠢᠭ ᠭᠡᠯᠪᠡᠷᠢ ᠶᠢᠨ ᠦᠶᠡᠳᠤ ᠤᠷᠭᠤᠮᠠᠯ ᠤᠨ ᠭᠡᠪ ᠤᠨ ᠪᠤᠶᠢᠵᠢᠯᠳᠡ ᠤᠷᠭᠤᠯᠳᠠ ᠶᠢ ᠪᠠᠳᠤᠯᠠᠬᠤ ᠭᠡᠷᠡᠭᠳᠡᠢ᠃      ③ ᠭᠦᠨᠳᠤ ᠨᠤᠴᠢᠳᠡᠢ ᠭᠠᠩ ᠭᠠᠮᠰᠢᠭ ᠲᠠᠢ ᠵᠢᠯ ᠳᠤ ᠬᠦᠢᠬᠡᠨ ᠤᠷᠪᠠᠭᠤᠯᠵᠤ ᠪᠤᠯᠬᠤ ᠦᠭᠡᠢ᠃ ᠲᠠᠶᠢᠮᠤ ᠪᠢᠰᠢ ᠪᠤᠯ ᠦᠷ᠎ᠡ ᠪᠦᠳᠦᠮᠵᠢ ᠤᠯᠵᠤ ᠴᠢᠳᠠᠬᠤ ᠦᠭᠡᠢ ᠮᠦᠷᠳᠡᠭᠡᠨ ᠭᠡᠳᠡᠷᠭᠦ ᠪᠠᠨ ᠭᠦᠷᠤᠰᠤ ᠰᠢᠷᠤᠢ ᠶᠢ ᠡᠯᠡᠰᠦᠷᠭᠡᠭᠵᠢᠭᠦᠯᠭᠦ ᠪᠤᠯᠤᠨ᠎ᠠ᠃      ④ ᠬᠦᠢᠬᠡᠨ ᠤᠷᠪᠠᠭᠤᠯᠤᠠᠠᠰᠠᠨ ᠤ ᠰᠡᠭᠦᠯᠡᠷ ᠭᠦᠷᠢᠶᠡᠯᠡᠭᠦ ᠵᠡᠷᠭᠡ ᠬᠠᠮᠠᠭᠠᠯᠠᠯᠳᠠ ᠶᠢᠨ ᠠᠷᠭ᠎ᠠ ᠪᠠᠷ ᠰᠠᠶᠢᠳᠤᠷ ᠬᠠᠮᠠᠭᠠᠯᠠᠬᠤ ᠭᠡᠷᠡᠭᠳᠡᠢ᠃    
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾