ᠪᠤᠭᠤᠳᠠᠢ ᠬᠠᠳᠠᠭᠠᠯᠠᠬᠤ ᠮᠡᠷᠭᠡᠵᠢᠯ
ᠨᠡᠶᠢᠲᠡᠯᠡᠭᠰᠡᠨ ᠴᠠᠭ᠄
2024/1/12
     ᠨᠢᠭᠡ᠂ ᠬᠠᠳᠠᠭᠠᠯᠠᠬᠤ ᠠᠷᠭ᠎ᠠ     ᠪᠤᠭᠤᠳᠠᠢ ᠶᠢ ᠬᠤᠷᠢᠶᠠᠭᠰᠠᠨ ᠤ ᠳᠠᠷᠠᠭ᠎ᠠ ᠳᠡᠯᠭᠡᠵᠦ ᠬᠠᠳᠠᠭᠠᠬᠤ ᠪᠤᠶᠤ ᠬᠠᠭᠰᠠᠭᠠᠬᠤ᠂ ᠳᠡᠯᠭᠡᠵᠦ ᠬᠠᠳᠠᠭᠠᠬᠤ ᠠᠷᠭ᠎ᠠ᠄ ᠬᠥᠮᠥᠨ ᠤ ᠬᠦᠴᠦ ᠪᠠᠷ ᠳᠡᠯᠭᠡᠵᠦ ᠬᠠᠲᠠᠭᠠᠬᠤ ᠳᠤ ᠮᠣᠳᠣᠨ ᠬᠦᠷᠵᠡ ᠪᠠᠷ ᠰᠦᠷᠴᠢᠨ ᠳᠡᠯᠭᠡᠵᠦ ᠬᠠᠲᠠᠭᠠᠨ᠎ᠠ᠂ ᠮᠠᠰᠢᠨ ᠢᠶᠠᠷ ᠳᠡᠯᠭᠡᠵᠦ ᠬᠠᠲᠠᠭᠠᠬᠤ ᠳᠤ ᠵᠢᠵᠢᠭ ᠬᠡᠯᠪᠡᠷᠢ ᠶᠢᠨ ᠲᠷᠠᠺᠲ᠋ᠣᠷ ᠢᠶᠠᠷ ᠴᠢᠷᠦᠨ ᠬᠥᠷᠪᠡᠭᠦᠯᠬᠦ ᠮᠠᠰᠢᠨ ᠢᠶᠠᠷ ᠴᠠᠭ ᠲᠤᠬᠠᠢ ᠳᠤᠨᠢ ᠬᠦᠷᠪᠡᠭᠦᠯᠬᠦ ᠬᠡᠷᠡᠭᠲᠡᠢ᠃ ᠪᠤᠭᠤᠳᠠᠢ ᠶᠢᠨ ᠤᠰᠤᠨ ᠤ ᠪᠦᠷᠢᠯᠳᠦᠭᠦᠨ ᠨᠢ 13% ᠠᠴᠠ ᠳᠣᠷᠣᠭᠰᠢ ᠪᠤᠯᠤᠭᠰᠠᠨ ᠬᠤᠶᠢᠨ᠎ᠠ ᠰᠠᠶ᠋ᠢ ᠬᠦᠮᠦᠷᠭᠡᠯᠡᠵᠦ᠂ ᠬᠥᠮᠥᠷᠭᠡ ᠶᠢᠨ ᠬᠠᠳᠠᠭᠠᠯᠠᠬᠤ ᠳᠤᠯᠠᠭᠠᠨ ᠤ ᠬᠡᠮᠵᠢᠶ᠎ᠡ ᠶᠢ 20℃ ᠠᠴᠠ ᠳᠣᠷᠣᠭᠰᠢ ᠪᠠᠶᠢᠯᠭᠠᠬᠤ ᠬᠡᠷᠡᠭᠲᠡᠢ᠃     ᠬᠤᠶᠠᠷ᠂ ᠴᠢᠭᠢᠭᠲᠦᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ    ᠰᠠᠩ ᠬᠥᠮᠥᠷᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠡᠷ ᠤᠨ ᠣᠷᠣᠢ ᠶᠢ ᠰᠠᠶᠢᠲᠤᠷ ᠪᠢᠲᠡᠭᠦᠮᠵᠢᠯᠡᠵᠦ᠂ ᠪᠣᠷᠣᠭᠠᠨ ᠤ ᠤᠰᠤ ᠭᠤᠭᠤᠵᠢᠬᠤ ᠶᠢ ᠰᠡᠷᠭᠡᠶᠢᠯᠡᠵᠦ᠂ ᠬᠥᠮᠥᠷᠭᠡ ᠳᠠᠬᠢ ᠠᠮᠤ ᠪᠤᠳᠠᠭᠠᠨ ᠤ ᠤᠰᠤ᠂ ᠳᠤᠯᠠᠭᠠᠨ ᠤ ᠬᠡᠮᠵᠢᠶ᠎ᠡ ᠶᠢ ᠴᠠᠭ ᠲᠤᠬᠠᠢ ᠳᠤᠨᠢ ᠪᠠᠶᠢᠴᠠᠭᠠᠵᠤ᠂ ᠤᠰᠤ᠂ ᠳᠤᠯᠠᠭᠠᠨ ᠤ ᠬᠡᠮᠵᠢᠶ᠎ᠡ ᠶᠢᠨ ᠬᠤᠪᠢᠷᠠᠯᠲᠠ ᠠᠴᠠ ᠪᠤᠯᠵᠤ ᠢᠯᠵᠢᠷᠡᠬᠦ ᠶᠢ ᠰᠡᠷᠭᠡᠶᠢᠯᠡᠬᠦ ᠬᠡᠷᠡᠭᠲᠡᠢ᠃ ᠦᠷᠭᠦᠯᠵᠢ ᠤᠷᠪᠠᠭᠤᠯᠤᠨ ᠬᠥᠳᠡᠯᠭᠡᠵᠦ᠂ ᠠᠶᠠᠨᠳᠠᠭᠠᠨ ᠰᠠᠯᠬᠢ ᠨᠠᠪᠲᠠᠷᠡᠭᠦᠯᠵᠦ᠂ ᠴᠢᠬᠤᠯᠠ ᠲᠠᠢ ᠦᠶ᠎ᠡ ᠳᠤ ᠮᠠᠰᠢᠨ ᠢᠶᠠᠷ ᠰᠠᠯᠬᠢ ᠨᠠᠪᠲᠠᠷᠡᠭᠦᠯᠵᠦ᠂ ᠪᠤᠭᠤᠳᠠᠢ ᠶᠢ ᠳᠣᠣᠷ᠎ᠠ ᠳᠤᠯᠠᠭᠠᠨ ᠬᠠᠭᠤᠷᠠᠢ ᠣᠷᠴᠢᠨ ᠲᠣᠭᠤᠷᠢᠨ ᠳᠤ ᠪᠠᠶᠢᠯᠭᠠᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃      ᠭᠤᠷᠪᠠ᠂ ᠬᠤᠷᠣᠬᠠᠢ ᠶᠢ ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ     ᠶᠡᠷᠦ ᠳᠡᠭᠡᠨ ᠵᠡᠭᠦᠨ ᠬᠡᠰᠡᠭ ᠤᠨ ᠭᠠᠵᠠᠷ ᠣᠷᠣᠨ ᠤ ᠠᠭᠤᠷ ᠠᠮᠢᠰᠬᠤᠯ ᠬᠦᠢᠲᠡᠨ ᠰᠡᠷᠢᠭᠦᠨ ᠪᠥᠭᠡᠳ ᠬᠠᠳᠠᠭᠠᠯᠠᠬᠤ ᠴᠠᠭ ᠨᠢ ᠣᠬᠤᠷ᠂ ᠬᠤᠷᠣᠬᠠᠢ ᠶᠢᠨ ᠬᠥᠨᠥᠭᠡᠯ ᠡᠭᠦᠰᠬᠦ ᠨᠢ ᠪᠠᠭ᠎ᠠ ᠪᠠᠶᠢᠳᠠᠭ᠃     ᠪᠠᠷᠠᠭᠤᠨ ᠬᠡᠰᠡᠭ ᠤᠨ ᠭᠠᠵᠠᠷ ᠣᠷᠣᠨ ᠤ ᠬᠤᠷᠣᠬᠠᠢ ᠶᠢ ᠰᠡᠷᠭᠡᠶᠢᠯᠡᠬᠦ ᠳᠤ ᠨᠡᠷᠡᠨ ᠳᠤ ᠡᠭᠡᠭᠡᠵᠦ ᠬᠤᠷᠣᠬᠠᠢ ᠠᠯᠠᠬᠤ ᠠᠷᠭ᠎ᠠ ᠶᠢ ᠬᠡᠷᠡᠭᠯᠡᠵᠦ᠂ ᠲᠤᠩᠭᠠᠯᠠᠭ ᠡᠳᠦᠷ ᠤᠨ ᠦᠳᠡ ᠶᠢᠨ ᠡᠮᠦᠨ᠎ᠡ ᠶᠢ ᠰᠤᠩᠭᠤᠵᠤ᠂ ᠦᠳᠡ ᠶᠢᠨ ᠡᠮᠦᠨ᠎ᠡ ᠶᠢᠨ 9 ᠴᠠᠭ ᠠᠴᠠ ᠰᠡᠭᠦᠯᠡᠷ ᠨᠢᠮᠭᠡᠨ ᠲᠡᠯᠭᠡᠨ ᠨᠡᠷᠡᠨ ᠳᠤ ᠡᠭᠡᠭᠡᠵᠦ᠂ ᠵᠤᠵᠠᠭᠠᠨ ᠤ ᠬᠡᠮᠵᠢᠶ᠎ᠡ ᠶᠢ 10 ᠰᠠᠨᠲ᠋ᠢᠮᠧᠲᠷ ᠠᠴᠠ ᠬᠡᠲᠦᠷᠡᠭᠦᠯᠵᠦ ᠪᠣᠯᠬᠤ ᠦᠭᠡᠢ᠃ ᠦᠳᠡ ᠶᠢᠨ ᠬᠤᠶᠢᠨ᠎ᠠ ᠶᠢᠨ 3 ᠴᠠᠭ ᠠᠴᠠ ᠬᠤᠶᠢᠰᠢ ᠪᠤᠭᠤᠳᠠᠢ ᠪᠠᠨ ᠬᠤᠮᠢᠵᠤ᠂ 1 — 2 ᠴᠠᠭ ᠬᠠᠯᠠᠭᠤᠨ ᠢ ᠬᠠᠳᠠᠭᠠᠯᠠᠭᠰᠠᠨ ᠤ ᠳᠠᠷᠠᠭ᠎ᠠ ᠬᠦᠮᠦᠷᠭᠡᠯᠡᠬᠦ ᠬᠡᠷᠡᠭᠲᠡᠢ᠃      ᠬᠤᠯᠤᠭᠠᠨ᠎ᠠ ᠶᠢ ᠰᠡᠷᠭᠡᠶᠢᠯᠡᠬᠦ ᠳᠤ ᠬᠥᠮᠥᠷᠭᠡ ᠶᠢᠨ ᠰᠠᠭᠤᠷᠢ᠂ ᠬᠡᠷᠡᠮ᠂ ᠬᠡᠷᠡᠮ ᠤᠨ ᠭᠠᠳᠠᠷᠭᠤ᠂ ᠡᠭᠦᠳᠡ ᠴᠣᠩᠬᠤ᠂ ᠭᠡᠷ ᠤᠨ ᠣᠷᠣᠢ ᠪᠠ ᠬᠤᠭᠤᠯᠠᠢ ᠵᠡᠷᠭᠡ ᠭᠠᠵᠠᠷ ᠢᠶᠠᠷ ᠬᠤᠯᠤᠭᠠᠨ᠎ᠠ ᠶᠢ ᠰᠡᠷᠭᠡᠶᠢᠯᠡᠬᠦ ᠰᠢᠢᠳᠪᠦᠷᠢᠯᠡᠯᠲᠡ ᠬᠢᠬᠦ ᠬᠡᠷᠡᠭᠲᠡᠢ᠂ ᠠᠯᠢᠪᠠ ᠵᠠᠢ ᠵᠠᠪᠰᠠᠷ ᠢ 1 ᠰᠠᠨᠲ᠋ᠢᠮᠧᠲᠷ ᠠᠴᠠ ᠬᠡᠲᠦᠷᠡᠭᠦᠯᠵᠦ ᠪᠣᠯᠬᠤ ᠦᠭᠡᠢ᠃       
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ