ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ | ᠣᠨᠣᠪᠴᠢᠲᠠᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠶ᠎ᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠬᠢᠯᠭᠠᠨ ᠮᠡᠳᠡᠭᠡ 1 ᠰᠠᠷ᠎ᠠ ᠶᠢᠨ 16 ᠤ ᠡᠳᠦᠷ ᠬᠡᠪᠯᠡᠭᠳᠡᠭᠰᠡᠨ 2 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ | ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠢᠭᠡᠳᠦᠮᠡᠯ ᠹᠷᠣᠨᠲ ᠪᠣᠯ ᠨᠠᠮ ᠤᠨ ᠶᠡᠷᠦᠩᠬᠡᠢ ᠱᠤᠭᠤᠮ ᠶᠡᠷᠦᠩᠬᠡᠢ ᠲᠦᠷᠦ ᠶᠢᠨ ᠪᠣᠳᠣᠯᠭ᠎ᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ | ᠮᠠᠨ ᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠳᠠᠯᠢ ᠪᠤᠰᠤ ᠲᠡᠦᠬᠡᠨ ᠴᠠᠭ ᠦᠶ᠎ᠡ ᠳᠤ ᠴᠢᠬᠤᠯᠠ ᠦᠢᠯᠡᠳᠦᠯ ᠦᠵᠡᠭᠦᠯᠪᠡ | ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠠᠴᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ | ᠪᠣᠳᠣᠯᠭ᠎ᠠ ᠶᠢᠨ ᠪᠦᠬᠦ ᠲᠠᠯ᠎ᠠ ᠪᠣᠯᠣᠨ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ | ᠲᠦᠷᠦ ᠶᠢ ᠵᠠᠰᠠᠵᠤ ᠵᠠᠰᠠᠭ ᠢ ᠡᠷᠬᠢᠯᠡᠬᠦ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠨᠢᠭᠡᠳᠦᠮᠡᠯ ᠹᠷᠣᠨᠲ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ | ᠬᠢᠵᠦ᠂ ᠨᠢᠭᠡᠳᠦᠮᠡᠯ ᠹᠷᠣᠨᠲ ᠤᠨ ᠠᠵᠢᠯ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠨᠢᠭᠡᠳᠦᠮᠡᠯ ᠹᠷᠣᠨᠲ ᠨᠢ ᠪᠦᠯᠬᠦᠮᠳᠡᠬᠦ᠂ ᠡᠷᠡᠯᠬᠡᠭᠯᠡᠨ | ᠤᠷᠤᠭᠰᠢᠯᠠᠬᠤ᠂ ᠵᠠᠮ ᠨᠡᠭᠡᠭᠡᠬᠦ᠂ ᠬᠥᠭᠵᠢᠶᠡᠨᠲᠡᠢ ᠪᠠᠶᠢᠬᠤ ᠰᠠᠶᠢᠨ ᠰᠠᠶᠢᠬᠠᠨ ᠪᠠᠶᠢᠳᠠᠯ ᠢ ᠢᠯᠡᠷᠡᠭᠦᠯᠵᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠣᠯᠣᠭᠰᠠᠨ ᠬᠠᠮᠤᠭ ᠤᠨ ᠶᠡᠭᠡ ᠦᠷ᠎ᠡ ᠪᠦᠲᠦᠭᠡᠯ ᠪᠣᠯ ᠳᠠᠷᠤᠢ | ᠦᠢᠯᠡᠳᠦᠯᠭᠡ ᠶᠢᠨ ᠳᠤᠮᠳᠠ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ | ᠪᠦᠷᠢᠯᠳᠦᠭᠦᠯᠵᠦ᠂ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ | ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠭᠰᠠᠨ ᠶᠠᠪᠤᠳᠠᠯ ᠪᠣᠯᠣᠨ᠎ᠠ᠃ ᠬᠤᠷᠢᠶᠠᠩᠭᠤᠶᠢᠯᠠᠪᠠᠯ ᠳᠣᠣᠷᠠᠬᠢ 12 ᠲᠠᠯ᠎ᠠ ᠪᠣᠯᠣᠨ᠎ᠠ᠃ ᠨᠢᠭᠡᠳᠦᠭᠡᠷ ᠲᠤ᠂ ᠡᠷᠬᠡᠪᠰᠢ | ᠨᠢᠭᠡᠳᠦᠮᠡᠯ ᠹᠷᠣᠨᠲ ᠤᠨ ᠴᠢᠬᠤᠯᠠ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠪᠣᠯ ᠨᠠᠮ ᠤᠨ ᠳᠠᠶᠢᠰᠤᠨ ᠢ ᠳᠠᠷᠤᠵᠤ | ᠢᠯᠠᠯᠲᠠ ᠣᠯᠬᠤ᠂ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠡᠷᠳᠡᠨᠢ ᠮᠥᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ | ᠬᠥᠪᠡᠭᠦᠳ ᠥᠬᠢᠳ ᠢ ᠪᠦᠯᠬᠦᠮᠳᠡᠭᠦᠯᠵᠦ ᠪᠠᠶᠢᠭᠠᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠴᠢᠬᠤᠯᠠ ᠡᠷᠳᠡᠨᠢ | ᠮᠥᠨ ᠪᠣᠯᠬᠤᠷ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠤᠳᠤ᠂ ᠨᠢᠭᠡᠳᠦᠮᠡᠯ ᠹᠷᠣᠨᠲ ᠤᠨ ᠠᠵᠢᠯ ᠴᠠᠭ ᠦᠶ᠎ᠡ ᠠᠴᠠ ᠬᠤᠴᠣᠷᠤᠭᠰᠠᠨ ᠪᠢᠰᠢ᠂ | ᠴᠢᠬᠤᠯᠠ ᠦᠭᠡᠢ ᠪᠣᠯᠤᠭᠰᠠᠨ ᠪᠢᠰᠢ᠂ ᠬᠠᠷᠢᠨ ᠨᠡᠩ ᠴᠢᠬᠤᠯᠠ ᠪᠣᠯᠵᠠᠢ᠃ ᠬᠤᠶᠠᠳᠤᠭᠠᠷ ᠲᠤ᠂ ᠡᠷᠬᠡᠪᠰᠢ ᠬᠥᠮᠥᠨ ᠤ ᠰᠡᠳᠬᠢᠯ ᠪᠠ ᠬᠦᠴᠦᠨ ᠴᠢᠳᠠᠯ ᠤᠨ | ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠥᠮᠥᠨ ᠤ ᠰᠡᠳᠬᠢᠯ ᠤᠨ ᠬᠠᠨᠳᠤᠰᠢ᠂ ᠬᠦᠴᠦᠨ ᠴᠢᠳᠠᠯ ᠤᠨ ᠬᠠᠷᠢᠴᠠᠯ ᠪᠣᠯ ᠨᠠᠮ ᠪᠠ ᠠᠷᠠᠳ ᠲᠦᠮᠡᠨ ᠤ | ᠦᠢᠯᠡᠰ ᠤᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠮᠥᠨ᠂ ᠬᠠᠮᠤᠭ ᠤᠨ ᠶᠡᠭᠡ ᠤᠯᠤᠰ ᠲᠦᠷᠦ ᠮᠥᠨ᠃ ᠨᠢᠭᠡᠳᠦᠮᠡᠯ ᠹᠷᠣᠨᠲ ᠤᠨ ᠠᠵᠢᠯ ᠤᠨ ᠮᠥᠨ | ᠴᠢᠨᠠᠷ ᠤᠨ ᠱᠠᠭᠠᠷᠳᠠᠯᠭ᠎ᠠ ᠪᠣᠯ ᠶᠡᠭᠡ ᠪᠦᠯᠬᠦᠮᠳᠡᠯ ᠶᠡᠭᠡ ᠬᠤᠯᠪᠣᠭᠠᠯᠠᠯ ᠮᠥᠨ᠂ ᠰᠢᠢᠳᠪᠦᠷᠢᠯᠡᠬᠦ ᠵᠦᠢᠯ ᠪᠣᠯ ᠳᠠᠷᠤᠢ ᠬᠥᠮᠥᠨ ᠤ ᠰᠡᠳᠬᠢᠯ ᠪᠠ ᠬᠦᠴᠦᠨ ᠴᠢᠳᠠᠯ ᠤᠨ | ᠠᠰᠠᠭᠤᠳᠠᠯ ᠮᠥᠨ᠃ ᠭᠤᠷᠪᠠᠳᠤᠭᠠᠷ ᠲᠤ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ ᠤᠨ ᠬᠠᠷᠢᠴᠠᠭ᠎ᠠ ᠶᠢ ᠡᠷᠬᠡᠪᠰᠢ ᠵᠥᠪ ᠰᠢᠢᠳᠪᠦᠷᠢᠯᠡᠬᠦ ᠬᠡᠷᠡᠭᠲᠡᠢ᠃ | ᠡᠭᠦᠨ ᠤ ᠵᠠᠩᠭᠢᠯᠠᠭ᠎ᠠ ᠨᠢ ᠠᠳᠠᠯᠢ ᠪᠠᠨ ᠡᠷᠢᠵᠦ ᠵᠥᠷᠢᠶ᠎ᠡ ᠪᠠᠨ ᠦᠯᠡᠳᠡᠭᠡᠬᠦ ᠶᠢ ᠪᠠᠷᠢᠮᠲᠠᠯᠠᠵᠤ᠂ ︽ᠪᠦᠯᠬᠦᠮᠳᠡᠬᠦ – ᠰᠢᠭᠦᠮᠵᠢᠯᠡᠬᠦ – ᠪᠦᠯᠬᠦᠮᠳᠡᠬᠦ︾ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠵᠤ᠂ ᠤᠯᠠᠨ ᠶᠠᠩᠵᠤᠲᠤ ᠴᠢᠨᠠᠷ ᠢ ᠬᠦᠨᠳᠦᠳᠬᠡᠬᠦ ᠳᠤᠮᠳᠠ ᠨᠢᠭᠡᠳᠦᠯᠲᠦ ᠴᠢᠨᠠᠷ ᠢ ᠡᠷᠢᠯᠬᠢᠯᠡᠵᠦ᠂ ᠬᠠᠮᠤᠭ ᠤᠨ ᠶᠡᠭᠡ ᠶᠡᠷᠦᠩᠬᠡᠢ | ᠬᠤᠷᠢᠶᠠᠭᠴᠢ ᠲᠤᠭ᠎ᠠ ᠶᠢ ᠡᠷᠢᠨ ᠣᠯᠵᠤ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠬᠤ ᠬᠡᠷᠡᠭᠲᠡᠢ᠃ ᠳᠥᠷᠪᠡᠳᠦᠭᠡᠷ ᠲᠤ᠂ ᠡᠷᠬᠡᠪᠰᠢ ᠳᠤᠮᠳᠠᠳᠤ | ᠤᠯᠤᠰ ᠤᠨ ᠰᠢᠨ᠎ᠡ ᠮᠠᠶ᠋ᠢᠭ ᠤᠨ ᠲᠦᠷᠦ ᠶᠢᠨ ᠨᠠᠮ ᠤᠨ ᠳᠦᠷᠢᠮ ᠢ ᠰᠠᠶᠢᠲᠤᠷ ᠬᠥᠭᠵᠢᠭᠦᠯᠵᠦ ᠰᠠᠶᠢᠲᠤᠷ ᠲᠡᠭᠦᠯᠳᠡᠷᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠨᠢᠭᠡᠳᠦᠮᠡᠯ | ᠹᠷᠣᠨᠲ ᠤᠨ ᠬᠢᠨ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢᠨ ᠵᠡᠷᠭᠡ ᠪᠠᠷ ᠤᠯᠠᠨ ᠨᠠᠮ ᠬᠠᠮᠲᠤᠷᠠᠨ | ᠠᠵᠢᠯᠯᠠᠬᠤ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠰᠢᠨ᠎ᠡ ᠳᠡᠭᠡᠭᠰᠢᠯᠡᠯᠲᠡ ᠲᠠᠢ ᠪᠣᠯᠭᠠᠬᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ᠃ ᠲᠠᠪᠤᠳᠤᠭᠠᠷ ᠲᠤ᠂ ᠡᠷᠬᠡᠪᠰᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ᠃ ᠳᠤᠮᠳᠠᠳᠤ ᠤᠯᠤᠰ ᠤᠨ | ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠨᠦᠭᠦᠳ ᠤᠨ ᠠᠭᠤᠤ ᠶᠡᠭᠡ | ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ | ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ | ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠵᠢᠷᠭᠤᠳᠤᠭᠠᠷ ᠲᠤ᠂ ᠡᠷᠬᠡᠪᠰᠢ ᠮᠠᠨ ᠤ ᠤᠯᠤᠰ ᠤᠨ | ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ | ᠤᠨᠤᠯ ᠪᠠ ᠴᠢᠭᠯᠡᠯᠲᠡ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ | ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠯᠳᠤᠭᠤᠯᠬᠤ ᠬᠡᠷᠡᠭᠲᠡᠢ᠃ ᠳᠣᠯᠣᠳᠤᠭᠠᠷ ᠲᠤ᠂ ᠨᠠᠮ ᠤᠨ ᠭᠠᠳᠠᠨᠠᠬᠢ ᠰᠡᠬᠡᠭᠡᠲᠡᠨ ᠪᠠ ᠨᠡᠶᠢᠭᠡᠮ ᠤᠨ ᠰᠢᠨ᠎ᠡ | ᠳᠠᠪᠬᠤᠷᠭ᠎ᠠ ᠶᠢᠨ ᠬᠥᠮᠥᠰ ᠤᠨ ᠨᠢᠭᠡᠳᠦᠮᠡᠯ ᠹᠷᠣᠨᠲ ᠤᠨ ᠠᠵᠢᠯ ᠢ ᠡᠷᠬᠡᠪᠰᠢ ᠰᠠᠶᠢᠲᠤᠷ ᠬᠢᠬᠦ ᠬᠡᠷᠡᠭᠲᠡᠢ᠃ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠢ ᠰᠠᠶᠢᠲᠤᠷ | ᠬᠢᠬᠦ ᠳᠤ ᠭᠦᠢᠴᠡᠳ ᠬᠦᠨᠳᠦᠳᠬᠡᠬᠦ ᠪᠣᠯ ᠤᠷᠢᠲᠠᠯ ᠮᠥᠨ᠂ ᠬᠥᠲᠥᠯᠥᠨ ᠵᠢᠯᠤᠭᠤᠳᠬᠤ ᠪᠠᠨ ᠴᠢᠩᠭᠠᠳᠬᠠᠬᠤ ᠪᠣᠯ ᠵᠠᠩᠭᠢᠯᠠᠭ᠎ᠠ ᠮᠥᠨ᠂ ᠦᠢᠯᠡᠳᠦᠯ ᠢᠶᠠᠨ | ᠪᠠᠳᠠᠷᠠᠭᠤᠯᠬᠤ ᠪᠣᠯ ᠵᠣᠷᠢᠯᠭ᠎ᠠ ᠮᠥᠨ᠃ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠢᠯᠡᠰ ᠤᠨ ᠪᠦᠲᠦᠭᠡᠨ ᠪᠠᠶᠢᠭᠤᠯᠤᠭᠴᠢ ᠮᠥᠨ᠂ ᠲᠡᠳᠡᠨ ᠢ ᠵᠣᠬᠢᠶᠠᠨ ᠪᠠᠶᠢᠭᠤᠯᠵᠤ᠂ ᠬᠥᠲᠥᠯᠥᠨ ᠵᠢᠯᠤᠭᠤᠳᠬᠤ ᠪᠠᠨ ᠴᠢᠩᠭᠠᠳᠬᠠᠨ᠂ ᠦᠢᠯᠡᠳᠦᠯ ᠢᠶᠠᠨ | ᠪᠠᠳᠠᠷᠠᠭᠤᠯᠬᠤ ᠬᠡᠷᠡᠭᠲᠡᠢ᠃ ᠨᠠᠢᠮᠠᠳᠤᠭᠠᠷ ᠲᠤ᠂ ᠡᠷᠬᠡᠪᠰᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠬᠥᠭᠵᠢᠬᠦ ᠪᠠ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠥᠰᠦᠨ ᠪᠤᠶᠢᠵᠢᠬᠤ ᠶᠢ ᠠᠬᠢᠭᠤᠯᠬᠤ ᠬᠡᠷᠡᠭᠲᠡᠢ᠃ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ | ᠪᠣᠯ ᠴᠢᠬᠤᠯᠠ ᠶᠡᠭᠡ ᠠᠵᠤ ᠠᠬᠤᠢ ᠶᠢᠨ ᠠᠰᠠᠭᠤᠳᠠᠯ ᠮᠥᠨ᠂ ᠪᠠᠰᠠ ᠴᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠮᠥᠨ᠃ ᠬᠦᠰᠡᠯᠡᠩ ᠢᠲᠡᠭᠡᠯ | ᠪᠢᠰᠢᠷᠡᠯ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠪᠠ ᠬᠤᠳᠠᠯᠳᠤᠭᠠᠨ ᠤ ᠬᠤᠭᠤᠷᠣᠨᠳᠤᠬᠢ ᠳᠣᠲᠣᠨᠣ ᠴᠢᠬᠡᠴᠢ ᠬᠠᠷᠢᠴᠠᠭ᠎ᠠ ᠶᠢ | ᠪᠠᠶᠢᠭᠤᠯᠬᠤ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢᠨ ᠬᠥᠮᠥᠰ ᠢ ᠬᠥᠲᠥᠯᠥᠨ ᠵᠢᠯᠣᠭᠤᠳᠴᠤ ᠬᠢᠷᠢ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ | ᠪᠦᠲᠦᠭᠡᠨ ᠪᠠᠶᠢᠭᠤᠯᠤᠭᠴᠢ ᠪᠣᠯᠭᠠᠬᠤ ᠬᠡᠷᠡᠭᠲᠡᠢ᠃ ᠶᠢᠰᠦᠳᠦᠭᠡᠷ ᠲᠤ᠂ ᠰᠢᠶᠠᠩᠭᠠᠩ ᠣᠣᠮᠧᠨ ᠲᠠᠶᠢᠸᠠᠨ ᠪᠠ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠤᠨ | ᠬᠥᠮᠥᠰ ᠤᠨ ᠰᠡᠳᠬᠢᠯ ᠢ ᠣᠯᠬᠤ ᠦᠢᠯᠡᠳᠦᠯ ᠢ ᠡᠷᠬᠡᠪᠰᠢ ᠪᠠᠳᠠᠷᠠᠭᠤᠯᠬᠤ ᠬᠡᠷᠡᠭᠲᠡᠢ᠃ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ᠂ ᠤᠯᠤᠰ ᠢᠶᠠᠨ | ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ | ᠬᠥᠭᠵᠢᠯ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠯᠠᠪᠳᠠᠭᠤᠨ ᠳᠠᠭᠠᠭᠠᠮᠠᠭᠠᠢ | ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ | ᠲᠤᠭᠤᠰᠢᠯᠠᠭᠤᠯᠵᠤ᠂ ᠲᠠᠶᠢᠸᠠᠨ ᠤ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠰᠡᠷᠭᠦᠴᠡᠵᠦ᠂ ᠡᠬᠡ ᠤᠯᠤᠰ ᠤᠨ ᠪᠦᠷᠢᠨ ᠨᠢᠭᠡᠳᠦᠯ ᠢ ᠠᠬᠢᠭᠤᠯᠤᠨ᠎ᠠ᠃ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠳᠤᠮᠳᠠᠳᠤ ᠶᠢᠨ ᠵᠡᠭᠦᠳᠦ ᠶᠢ ᠬᠠᠮᠲᠤ ᠪᠠᠷ ᠪᠡᠶᠡᠯᠡᠭᠦᠯᠦᠨ ᠬᠠᠮᠲᠤ ᠪᠠᠷ ᠡᠳ᠋ᠯᠡᠬᠦ ᠭᠤᠣᠯ ᠰᠡᠳᠦᠪ ᠤᠨ ᠲᠣᠭᠤᠷᠢᠨ ᠳᠤ᠂ ᠭᠠᠳᠠᠭᠠᠳᠤ ᠳᠤ ᠰᠠᠭᠤᠭ᠎ᠠ | ᠬᠠᠷᠢᠶᠠᠲᠤ ᠠᠬ᠎ᠠ ᠳᠡᠭᠦᠦ ᠨᠠᠷ ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠢ ᠢᠳᠡᠪᠬᠢᠲᠡᠢ ᠪᠠᠷ | ᠬᠥᠲᠥᠯᠥᠨ ᠵᠢᠯᠤᠭᠤᠳᠴᠤ ᠪᠠᠶᠢᠭᠠᠳ ᠡᠬᠡ ᠤᠯᠤᠰ ᠤᠨ ᠢᠶᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠨᠠᠶᠢᠷᠠᠮᠳᠠᠯ ᠢᠶᠠᠷ ᠨᠢᠭᠡᠳᠬᠡᠬᠦ ᠶᠡᠭᠡ | ᠦᠢᠯᠡᠰ ᠤᠨ ᠲᠥᠯᠥᠭᠡ ᠬᠦᠴᠦᠯᠡᠨ ᠴᠢᠷᠮᠠᠶᠢᠨ᠎ᠠ᠃ ᠠᠷᠪᠠᠳᠤᠭᠠᠷ ᠲᠤ᠂ ᠡᠷᠬᠡᠪᠰᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠬᠥᠮᠥᠵᠢᠯ ᠢ ᠴᠢᠩᠭᠠᠳᠬᠠᠨ᠂ ᠬᠡᠪ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠬᠡᠷᠡᠭᠯᠡᠨ᠂ ᠦᠢᠯᠡᠳᠦᠯ ᠢᠶᠠᠨ | ᠪᠠᠳᠠᠷᠠᠭᠤᠯᠵᠤ᠂ ᠮᠠᠨ ᠤ ᠨᠠᠮ ᠲᠠᠢ ᠨᠢᠭᠲᠠ ᠬᠠᠮᠲᠤᠷᠠᠨ ᠠᠵᠢᠯᠯᠠᠬᠤ ᠨᠢᠭᠡ ᠪᠦᠯᠦᠭ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠢ ᠬᠦᠴᠦᠯᠡᠨ ᠬᠥᠮᠥᠵᠢᠭᠦᠯᠬᠦ | ᠬᠡᠷᠡᠭᠲᠡᠢ᠃ ᠠᠷᠪᠠᠨ ᠨᠢᠭᠡᠳᠦᠭᠡᠷ ᠲᠤ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠵᠢᠮ᠎ᠡ ᠶᠣᠰᠣ ᠶᠢ ᠡᠷᠬᠡᠪᠰᠢ ᠡᠵᠡᠮᠰᠢᠬᠦ ᠬᠡᠷᠡᠭᠲᠡᠢ᠃ ᠨᠠᠮ ᠤᠨ ᠭᠠᠳᠠᠨᠠᠬᠢ | ᠬᠥᠮᠥᠰ ᠯᠦᠭᠡ ᠶᠢᠨ ᠪᠦᠯᠬᠦᠮᠳᠡᠯ ᠬᠠᠷᠢᠯᠴᠠᠭ᠎ᠠ ᠪᠠᠨ ᠴᠢᠩᠭᠠᠳᠬᠠᠵᠤ᠂ ᠬᠤᠯᠪᠣᠭᠠᠲᠠᠨ ᠤ ᠪᠠᠨ ᠠᠰᠢᠭ ᠲᠤᠰᠠ ᠶᠢ ᠬᠦᠨᠳᠦᠳᠬᠡᠬᠦ᠂ ᠬᠠᠮᠠᠭᠠᠯᠠᠬᠤ᠂ ᠬᠠᠷᠠᠭᠠᠯᠵᠠᠬᠤ | ᠵᠠᠷᠴᠢᠮ ᠢ ᠪᠠᠷᠢᠮᠲᠠᠯᠠᠨ᠂ ᠦᠨᠡᠨᠴᠢ ᠪᠠᠷ ᠬᠠᠨᠳᠤᠵᠤ᠂ ᠰᠡᠳᠬᠢᠯᠭᠡ ᠪᠠᠷ ᠬᠥᠨᠳᠡᠵᠦ᠂ ᠶᠣᠰᠣ ᠤᠴᠢᠷ ᠢ ᠣᠶᠢᠯᠠᠭᠠᠭᠤᠯᠵᠤ᠂ ᠪᠣᠳᠠᠲᠠᠢ ᠪᠠᠷ ᠬᠠᠪᠰᠤᠷᠴᠤ᠂ ᠨᠠᠮ ᠳᠠᠭᠠᠨ | ᠦᠨᠡᠨ ᠰᠡᠳᠬᠢᠯ ᠠᠴᠠ ᠪᠠᠨ ᠨᠥᠬᠦᠷᠯᠡᠭᠰᠡᠨ ᠨᠠᠮ ᠤᠨ ᠭᠠᠳᠠᠨᠠᠬᠢ ᠦᠯᠡᠮᠵᠢ ᠤᠯᠠᠨ ᠨᠠᠶᠢᠵᠠ ᠨᠠᠷ ᠲᠠᠢ ᠲᠠᠨᠢᠯᠴᠠᠬᠤ ᠬᠡᠷᠡᠭᠲᠡᠢ᠃ ᠠᠷᠪᠠᠨ ᠬᠤᠶᠠᠳᠤᠭᠠᠷ ᠲᠤ᠂ | ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠬᠡᠪᠰᠢ ᠴᠢᠩᠭᠠᠳᠬᠠᠬᠤ ᠬᠡᠷᠡᠭᠲᠡᠢ᠃ ᠨᠢᠭᠡᠳᠦᠮᠡᠯ ᠹᠷᠣᠨᠲ ᠪᠣᠯ ᠨᠠᠮ ᠤᠨ | ᠤᠳᠤᠷᠢᠳᠤᠭᠰᠠᠨ ᠨᠢᠭᠡᠳᠦᠮᠡᠯ ᠹᠷᠣᠨᠲ ᠮᠥᠨ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠪᠠᠲᠤᠯᠠᠬᠤ | ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠪᠣᠯ ᠪᠦᠬᠦ ᠨᠠᠮ ᠤᠨ ᠠᠵᠢᠯ ᠮᠥᠨ᠂ ᠡᠷᠬᠡᠪᠰᠢ ᠪᠦᠬᠦ ᠨᠠᠮ ᠢᠶᠠᠷ ᠢᠶᠠᠨ ᠴᠢᠬᠤᠯᠠᠴᠢᠯᠠᠵᠤ᠂ ᠤᠯᠠᠨ ᠢᠶᠠᠷ ᠢᠶᠠᠨ | ᠬᠠᠮᠲᠤ ᠪᠠᠷ ᠬᠢᠵᠦ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ | ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠬᠦᠨᠳᠦᠳᠬᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯ ᠨᠠᠮ ᠤᠨ | ᠨᠢᠭᠡᠳᠦᠮᠡᠯ ᠹᠷᠣᠨᠲ ᠤᠨ ᠵᠠᠭᠤᠨ ᠵᠢᠯ ᠤᠨ ᠬᠥᠭᠵᠢᠯᠲᠡ ᠶᠢᠨ ᠲᠡᠦᠬᠡ ᠶᠢᠨ ᠤᠶᠤᠨ ᠤᠬᠠᠭᠠᠨ ᠤ ᠤᠬᠢ ᠲᠠᠯᠠᠰᠲᠤ ᠮᠥᠨ᠂ ᠰᠢᠨ᠎ᠡ ᠴᠠᠭ ᠦᠶ᠎ᠡ ᠶᠢᠨ ᠨᠢᠭᠡᠳᠦᠮᠡᠯ | ᠹᠷᠣᠨᠲ ᠤᠨ ᠠᠵᠢᠯ ᠤᠨ ᠦᠨᠳᠦᠰᠦᠨ ᠵᠦᠭᠯᠡᠭᠦᠷ ᠮᠥᠨ᠂ ᠪᠦᠬᠦ ᠨᠠᠮ ᠢᠶᠠᠷ ᠢᠶᠠᠨ ᠡᠷᠬᠡᠪᠰᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |