ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ ᠲᠦᠷᠦᠭᠦᠬᠡᠨ᠂ ᠲᠥᠷᠥ ᠶᠢᠨ ᠶᠠᠪᠤᠳᠠᠯ ᠤᠨ | ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ ︿ | ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ | ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠭᠠᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠭᠦᠨᠵᠡᠭᠡᠢ | ᠠᠬᠢᠭᠤᠯᠵᠤ᠂ ᠨᠠᠩ ᠣᠯᠠᠨ ᠬᠦᠷᠢᠶ᠎ᠡ ᠨᠠᠩ ᠶᠡᠭᠡ ᠬᠡᠪᠴᠢᠶᠡᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠶᠢ ᠪᠡᠶᠡᠯᠡᠭᠦᠯᠬᠦ ᠲᠤᠬᠠᠢ | ᠪᠠᠶᠢᠷᠢᠯᠠᠭᠤᠯᠤᠭᠰᠠᠨ ᠪᠠᠶᠢᠨ᠎ᠠ᠃ | ︽ᠵᠢᠯᠤᠭᠤᠳᠬᠤ ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ | ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠨ᠂ ᠪᠦᠬᠦᠯᠢ ᠴᠣᠭᠴᠠᠲᠤ ᠲᠥᠯᠥᠪᠯᠡᠭᠡ ᠶᠢ ᠴᠢᠩᠭᠠᠳᠬᠠᠵᠤ᠂ ᠵᠠᠭᠪᠤᠷ ᠤᠨ ᠰᠢᠨᠡᠴᠢᠯᠡᠯᠲᠡ ᠶᠢ | ᠠᠬᠢᠭᠤᠯᠵᠤ᠂ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ ᠪᠠ ᠲᠣᠭᠠᠴᠢᠯᠠᠯᠲᠠ ᠪᠠᠷ ᠬᠦᠴᠦᠨ ᠴᠢᠳᠠᠮᠵᠢ ᠣᠯᠭᠤᠬᠤ ᠬᠤᠶᠠᠷ ᠬᠦᠷᠳᠦᠲᠦ ᠬᠥᠳᠡᠯᠭᠡᠭᠦᠷ ᠢ | ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ | ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠣᠯᠠᠨ ᠡᠰᠢᠲᠦ᠂ ᠴᠤᠪᠤᠷᠠᠯ ᠬᠠᠮᠤᠭ ᠰᠢᠯᠢᠳᠡᠭ᠂ ᠮᠠᠲ᠋ᠧᠷᠢᠶᠠᠯ | ᠬᠠᠮᠤᠭ ᠳᠦᠬᠦᠮ᠂ ᠥᠪᠡᠷ ᠤᠨ ᠥᠷᠲᠡᠭ ᠬᠠᠮᠤᠭ ᠳᠣᠣᠷ᠎ᠠ ᠪᠣᠯᠭᠠᠬᠤ ᠶᠢ ᠪᠡᠶᠡᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ | ᠬᠦᠷᠲᠡᠭᠡᠨ ᠠᠷᠠᠳ ᠲᠤ ᠲᠥᠬᠦᠮ ᠦᠵᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ ᠭᠡᠵᠦ | ᠵᠢᠭᠠᠨ ᠭᠠᠷᠭᠠᠵᠠᠢ᠃ | ︽ᠵᠢᠯᠤᠭᠤᠳᠬᠤ ᠰᠠᠨᠠᠯ︾ ᠳᠤ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠲᠤᠷᠠᠳᠪᠠ᠃ 2024 ᠣᠨ ᠳᠤ ︽ᠥᠨᠳᠥᠷ ᠪᠦᠲᠦᠮᠵᠢᠲᠡᠶ ᠪᠠᠷ ᠨᠢᠭᠡ | ᠠᠵᠢᠯ ᠶᠠᠪᠤᠳᠠᠯ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠰᠢᠭᠤᠯᠤᠨ ᠠᠬᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠨᠢᠭᠡᠳᠦᠭᠡᠷ ᠪᠦᠯᠦᠭ ᠥᠨᠳᠥᠷ ᠳᠠᠪᠲᠠᠮᠵᠢ ᠲᠠᠢ᠂ ᠥᠷᠭᠡᠨ ᠬᠡᠪᠴᠢᠶ᠎ᠡ ᠲᠠᠢ᠂ ᠦᠯᠡᠮᠵᠢ ᠠᠰᠠᠭᠤᠳᠠᠯ ᠲᠠᠢ ︽ᠨᠢᠭᠡ ᠠᠵᠢᠯ | ᠶᠠᠪᠤᠳᠠᠯ︾ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ 2027 ᠣᠨ ᠪᠣᠯᠬᠤ ᠳᠤ᠂ ᠨᠡᠶᠢᠳᠡᠮ ᠬᠦᠷᠲᠡᠬᠦ᠋ᠢᠴᠡ᠂ ᠣᠶᠤᠨᠯᠢᠭ ᠳᠥᠭᠦᠮ | ᠳᠥᠲᠡ᠂ ᠡᠷᠬᠡ ᠲᠡᠭᠰᠢ ᠲᠦᠭᠡᠮᠡᠯ ᠬᠦᠷᠲᠡᠭᠡᠮᠵᠢᠲᠦ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠨᠢ | ᠪᠦᠷᠢᠯᠳᠦᠭᠦᠯᠦᠨ᠂ ᠠᠵᠤ ᠠᠬᠤᠶᠢᠯᠠᠯ ᠪᠠ ᠬᠤᠪᠢ ᠬᠥᠮᠥᠨ ᠤ ᠬᠤᠶᠠᠷ ᠪᠦᠬᠦᠯᠢ ᠠᠮᠢ ᠨᠠᠰᠤᠨ ᠤ ᠦᠶᠡᠯᠡᠯ ᠤᠨ ᠴᠢᠬᠤᠯᠠ ᠱᠠᠲᠤᠨ ᠳᠤ ︽ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠠᠵᠤ ᠠᠬᠤᠶᠢᠯᠠᠯ | ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠦᠨ᠎ᠡ᠃ | ︽ᠵᠢᠯᠤᠭᠤᠳᠬᠤ ᠰᠠᠨᠠᠯ︾ ᠳᠤ 5 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠃ ᠨᠢᠭᠡ ᠳᠤ᠂ ᠠᠷᠭ᠎ᠠ ᠵᠠᠮ ᠤᠨ ᠪᠠᠶᠢᠭᠤᠯᠤᠯᠲᠠ ᠶᠢ | ᠴᠢᠩᠭᠠᠳᠬᠠᠨ᠂ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ ᠭᠦᠢᠴᠡᠳᠬᠡᠬᠦ ᠳᠤ ︽ᠭᠠᠭᠴᠠᠬᠠᠨ ᠡᠭᠦᠳᠡ ᠪᠠᠷ ᠣᠷᠣᠬᠤ︾᠂ ᠰᠦᠯᠵᠢᠶᠡᠨ ᠳᠡᠭᠡᠷ᠎ᠡ ᠠᠵᠢᠯ | ᠶᠠᠪᠤᠳᠠᠯ ᠭᠦᠢᠴᠡᠳᠬᠡᠬᠦ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡ | ᠯᠠ ᠤᠲᠠᠰᠤ ᠪᠠᠷ ᠬᠠᠷᠢᠭᠤᠯᠬᠤ︾ ᠶᠢ ᠠᠬᠢᠭᠤᠯᠤᠨ᠎ᠠ᠃ ᠬᠤᠶᠠᠷ ᠲᠤ᠂ ᠵᠠᠭᠪᠤᠷ ᠤᠨ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠯᠪᠣᠭᠳᠠᠬᠤ ᠵᠦᠢᠯᠡᠰ ᠢ | ᠲᠥᠪᠯᠡᠷᠡᠭᠦᠯᠦᠨ ᠭᠦᠢᠴᠡᠳᠬᠡᠬᠦ᠂ ᠲᠤᠲᠠᠭᠳᠠᠬᠤ ᠵᠦᠢᠯᠡᠰ ᠢ ᠠᠮᠠᠯᠠᠨ ᠭᠦᠢᠴᠡᠳᠬᠡᠬᠦ᠂ ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ᠂ | ᠲᠦᠷᠦ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠬᠤ ᠠᠴᠠ ᠬᠡᠯᠲᠦᠷᠢᠭᠦᠯᠦᠨ ᠭᠦᠢᠴᠡᠳᠬᠡᠬᠦ ᠶᠢ ᠠᠬᠢᠭᠤᠯᠤᠨ᠎ᠠ᠃ ᠭᠤᠷᠪᠠ ᠳᠤ᠂ ᠲᠣᠭᠠᠴᠢᠯᠠᠯᠲᠠ ᠪᠠᠷ | ᠬᠦᠴᠦᠨ ᠴᠢᠳᠠᠮᠵᠢ ᠣᠯᠭᠤᠬᠤ ᠶᠢ ᠴᠢᠩᠭᠠᠳᠬᠠᠵᠤ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠡᠷᠦᠩᠬᠡᠢ ᠬᠦᠢᠰᠦ ᠶᠢ ᠪᠠᠶᠢᠭᠤᠯᠵᠤ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠤᠪᠢᠶᠠᠯᠴᠠᠬᠤ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠦᠬᠦ ᠶᠠᠪᠤᠴᠠ ᠳᠤ ᠰᠢᠨ᠎ᠡ ᠮᠡᠷᠭᠡᠵᠢᠯ | ᠬᠡᠷᠡᠭᠯᠡᠬᠦ ᠶᠢ ᠦᠷᠭᠦᠯᠵᠢᠯᠡᠨ ᠴᠢᠩᠭᠠᠳᠬᠠᠨ᠎ᠠ᠃ ᠳᠥᠷᠪᠡ ᠳᠤ᠂ ᠬᠡᠪᠴᠢᠶ᠎ᠡ ᠶᠢ ᠥᠷᠭᠡᠳᠬᠡᠨ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠬᠠᠪᠰᠤᠷᠤᠨ ᠭᠦᠢᠴᠡᠳᠬᠡᠬᠦ | ᠪᠠ ᠣᠷᠣᠯᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠦᠷᠳᠡᠭ ᠨᠡᠮᠡᠭᠳᠡᠯ ᠤᠨ | ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠎ᠡ᠃ ᠲᠠᠪᠤ ᠳᠤ᠂ ᠠᠵᠢᠯ ᠤᠨ ᠰᠠᠭᠤᠷᠢ ᠶᠢ ᠪᠠᠬᠢᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠨ ᠤ ᠲᠣᠭᠲᠠᠯᠴᠠᠭ᠎ᠠ ᠬᠢᠭᠡᠳ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ | ᠬᠠᠩᠭᠠᠯᠭ᠎ᠠ ᠶᠢ ᠡᠷᠴᠢᠮᠯᠡᠨ᠎ᠡ᠃ | ︽ᠵᠢᠯᠤᠭᠤᠳᠬᠤ ᠰᠠᠨᠠᠯ︾ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠨᠢᠭᠡᠳᠦᠭᠡᠷ ᠪᠦᠯᠦᠭ ᠤᠨ 13 ᠭᠤᠣᠯᠳᠠᠯᠭ᠎ᠠ ᠲᠠᠢ | ᠵᠦᠢᠯᠡᠰ ᠤᠨ ᠨᠠᠷᠢᠨ ᠲᠠᠩᠰᠠ ᠶᠢ ᠲᠣᠳᠤᠷᠬᠠᠶᠢᠯᠠᠵᠠᠢ᠃ ᠡᠭᠦᠨ ᠳᠤ᠂ ᠡᠵᠡᠩᠨᠡᠬᠦ ᠭᠤᠣᠯ ᠴᠣᠭᠴᠠ ᠶᠢᠨ ᠠᠵᠢᠯ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 8 | ᠵᠦᠢᠯ ᠪᠣᠶ᠂ ᠳᠠᠷᠤᠢ ᠲᠡᠭᠡᠭᠡᠪᠦᠷᠢ ᠶᠢᠨ ᠠᠵᠤ ᠠᠬᠤᠶᠢᠯᠠᠯ ᠡᠷᠭᠢᠯᠡᠬᠦ᠂ ᠤᠰᠤ ᠴᠠᠬᠢᠯᠭᠠᠨ ᠬᠡᠢ ᠰᠦᠯᠵᠢᠶ᠎ᠡ ᠶᠢ ᠬᠠᠮᠲᠤᠷᠠᠭᠤᠯᠤᠨ ᠤᠭᠰᠠᠷᠠᠬᠤ᠂ ᠢᠲᠡᠭᠡᠮᠵᠢ ᠪᠠᠨ | ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠰᠡᠨ ᠮᠡᠳᠡᠭᠡ ᠵᠠᠩᠭᠢ ᠶᠢ ᠬᠠᠷᠭᠤᠭᠤᠯᠤᠨ | ᠪᠠᠶᠢᠴᠠᠭᠠᠬᠤ᠂ ᠠᠵᠤ ᠠᠬᠤᠶᠢᠯᠠᠯ ᠤᠨ ᠳᠠᠩᠰᠠᠯᠠᠯᠲᠠ ᠶᠢ ᠴᠣᠴᠠᠯᠬᠤ ᠵᠡᠷᠭᠡ ᠶᠢ ᠪᠠᠭᠲᠠᠭᠠᠨ᠎ᠠ᠃ ᠬᠤᠪᠢ ᠬᠦᠮᠦᠨ ᠤ ᠠᠵᠢᠯ ᠶᠠᠪᠤᠳᠠᠯ ᠭᠦᠢᠴᠡᠳᠬᠡᠬᠦ ᠳᠤ | ᠬᠠᠷᠢᠶᠠᠯᠠᠭᠳᠠᠬᠤ ᠨᠢ 5 ᠵᠦᠢᠯ ᠪᠣᠶ᠂ ᠳᠠᠷᠤᠢ ᠰᠤᠷᠭᠠᠭᠤᠯᠢ ᠳᠤ ᠣᠷᠣᠬᠤ᠂ ᠰᠠᠭᠤᠭᠠᠯᠢ ᠠᠷᠠᠳ ᠤᠨ ᠨᠡᠶᠢᠭᠡᠮ ᠤᠨ ᠪᠠᠲᠤᠯᠠᠭᠠᠨ ᠤ ᠺᠠᠷᠲ ᠤᠨ ᠦᠢᠯᠡᠴᠢᠯᠡᠭᠡ᠂ | ᠵᠡᠮᠳᠡᠭᠴᠦᠳ ᠲᠠᠬᠢ ᠦᠢᠯᠡᠴᠢᠯᠡᠭᠡ ᠵᠡᠷᠭᠡ ᠶᠢ ᠪᠠᠭᠲᠠᠭᠠᠨ᠎ᠠ᠃ | ︽ᠵᠢᠯᠤᠭᠤᠳᠬᠤ ᠰᠠᠨᠠᠯ︾ ᠳᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠪᠠᠷ ᠭᠤᠣᠯᠳᠠᠭᠤᠯᠵᠤ ᠬᠦᠴᠦ ᠪᠠᠨ ᠬᠠᠮᠲᠤᠳᠬᠠᠨ | ᠪᠣᠭᠤᠮᠲᠠ ᠰᠢᠪᠲᠤᠯᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠬᠠᠭᠤᠯᠤᠨ ᠳᠡᠯᠭᠡᠷᠡᠭᠦᠯᠬᠦ ᠪᠠᠨ ᠡᠷᠴᠢᠮᠯᠡᠵᠦ᠂ ᠡᠯ᠎ᠡ ᠱᠠᠲᠤᠨ ᠤ ᠣᠷᠣᠨ ᠨᠤᠲᠤᠭ ᠤᠨ | ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠡᠯᠪᠡᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠷᠰᠢᠵᠤ ᠵᠢᠱᠢᠶ᠎ᠡ ᠦᠵᠡᠭᠦᠯᠬᠦ | ᠠᠵᠢᠯ ᠢ ᠥᠷᠨᠢᠭᠦᠯᠵᠦ᠂ ᠥᠭᠡᠷᠡᠴᠢᠯᠡᠯᠲᠡ ᠰᠢᠨᠡᠴᠢᠯᠡᠯᠲᠡ ᠬᠢᠬᠦ᠂ ᠵᠣᠷᠢᠭᠲᠠᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠨᠢᠭᠡ ᠪᠦᠯᠦᠭ ︽ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠭᠤᠤᠳᠠᠯᠭ᠎ᠠ ᠲᠠᠢ ᠵᠦᠢᠯᠡᠰ ᠢ ᠵᠢᠯ ᠳᠠᠷᠠᠭᠠᠯᠠᠨ ᠭᠠᠷᠭᠠᠵᠤ᠂ ᠪᠣᠳᠠᠲᠤ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | |