ᠨᠦᠩ ᠬᠤᠸᠠ 50-CP-2.5kg
ᠨᠡᠶᠢᠲᠡᠯᠡᠭᠰᠡᠨ ᠴᠠᠭ᠄
2024/1/23
                                              ᠲᠥᠷᠥᠯ ᠵᠦᠢᠯ ᠤᠨ ᠨᠡᠷᠡᠶᠢᠳᠦᠯ᠄ ᠡᠷᠳᠡᠨᠢ ᠰᠢᠰᠢ       ᠡᠭᠦᠯᠳᠡᠷ ᠤᠨ ᠨᠡᠷᠡᠶᠢᠳᠦᠯ᠄ ᠨᠦᠩ ᠬᠤᠸᠠ 50-CP-2.5kg       ᠮᠤᠵᠢ ᠶᠢᠨ ᠱᠠᠲᠤᠨ ᠤ ᠬᠢᠨᠠᠨ ᠲᠣᠭᠲᠠᠭᠠᠯᠲᠠ ᠶᠢᠨ ᠳ᠋ᠤᠭᠠᠷ᠄ ᠱᠠᠨ ᠱᠧᠨ ᠢᠦᠢ 2000011      ᠥᠪᠡᠷᠮᠢᠴᠡ ᠣᠨᠴᠠᠯᠢᠭ       ᠨᠢᠯᠬ᠎ᠠ ᠴᠢᠬᠢ ᠶᠢᠨ ᠨᠠᠪᠴᠢᠨ ᠤ ᠳᠤᠭᠲᠤᠢ ᠨᠢ ᠪᠣᠷᠣ ᠥᠩᠭᠡᠲᠡᠢ᠂ ᠰᠠᠭᠤᠷᠢ ᠶᠢᠨ ᠬᠡᠯᠪᠡᠷᠢ ᠨᠢ ᠨᠢᠭᠲᠠ ᠴᠢᠩᠭ᠎ᠠ ᠪᠠᠶᠢᠵᠤ᠂ ᠥᠨᠳᠥᠷ ᠨᠢ 260 ᠰᠠᠨᠲ᠋ᠢᠮᠧᠳ᠋ᠷ᠂ ᠲᠦᠷᠦᠭᠦᠦ ᠶᠢᠨ ᠪᠠᠶᠢᠷᠢ ᠨᠢ 115 ᠰᠠᠨᠲ᠋ᠢᠮᠧᠳ᠋ᠷ᠂ ᠲᠦᠷᠦᠭᠦᠦ ᠶᠢᠨ ᠤᠷᠳᠤ ᠨᠢ 20.5 ᠰᠠᠨᠲ᠋ᠢᠮᠧᠳ᠋ᠷ᠂ ᠲᠦᠷᠦᠭᠦᠦ ᠶᠢᠨ ᠪᠦᠳᠦᠭᠦᠨ ᠨᠢ 5.4 ᠰᠠᠨᠲ᠋ᠢᠮᠧᠳ᠋ᠷ︔ ᠦᠷ᠎ᠡ ᠶᠢᠨ ᠲᠦᠷᠦᠭᠦᠦ ᠨᠢ ᠪᠦᠳᠦᠭᠦᠨ ᠲᠦᠩᠰᠡ ᠶᠢᠨ ᠬᠡᠯᠪᠡᠷᠢ ᠲᠠᠢ᠂ ᠲᠦᠷᠦᠭᠦᠦ ᠶᠢᠨ ᠲᠡᠩᠭᠡᠯᠢᠭ ᠨᠢ ᠴᠠᠭᠠᠨ᠂ ᠲᠦᠷᠦᠭᠦᠦ ᠶᠢᠨ ᠮᠥᠷ ᠨᠢ 16 ᠮᠥᠷ ᠣᠷᠴᠢᠮ᠂ ᠮᠥᠬᠦᠯᠢᠭ ᠨᠢ ᠰᠢᠷ᠎ᠠ᠂ ᠮᠣᠷᠢᠨ ᠰᠢᠳᠦᠨ ᠤ ᠬᠡᠯᠪᠡᠷᠢ ᠲᠠᠢ︔ ᠦᠷ᠎ᠡ ᠭᠠᠷᠬᠤ ᠨᠤᠷᠮ᠎ᠠ ᠨᠢ 88%᠂ ᠮᠢᠩᠭᠠᠨ ᠮᠥᠬᠦᠯᠢᠭ ᠤᠨ ᠬᠦᠨᠳᠦ ᠨᠢ 415 ᠭᠷᠡᠮ︔ ᠡᠪᠡᠳᠴᠢᠨ ᠢ ᠡᠰᠡᠷᠭᠦᠴᠡᠬᠦ ᠴᠢᠨᠠᠷ ᠢᠶᠠᠷ ᠰᠠᠶᠢᠨ ᠪᠠᠶᠢᠳᠠᠭ᠃ ᠦᠷᠡᠵᠢᠯ ᠤᠨ ᠬᠤᠭᠤᠴᠠᠭ᠎ᠠ ᠨᠢ 92 ᠡᠳᠦᠷ ᠣᠷᠴᠢᠮ ᠪᠠᠶᠢᠵᠤ᠂ ᠵᠧᠩ ᠳ᠋ᠠᠨ 958 ᠲᠠᠢ ᠬᠠᠷᠢᠴᠠᠭᠤᠯᠪᠠᠯ 2 ᠡᠳᠦᠷ ᠡᠷᠲᠡ ᠪᠠᠶᠢᠳᠠᠭ᠃       ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠤᠷᠭᠤᠮᠠᠯ ᠤᠨ ᠬᠠᠮᠠᠭᠠᠯᠠᠯᠲᠠ ᠶᠢᠨ ᠳᠡᠭᠡᠳᠦ ᠰᠤᠷᠭᠠᠭᠤᠯᠢ ᠶᠢᠨ 2006 ᠣᠨ ᠤ ᠡᠪᠡᠳᠴᠢᠨ ᠢ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ ᠶᠢᠨ ᠦᠷ᠎ᠡ ᠳ᠋ᠦᠩ᠄ ᠡᠰᠢ ᠢᠯᠵᠢᠷᠡᠬᠦ ᠡᠪᠡᠳᠴᠢᠨ᠂ ᠲᠣᠮᠣ ᠲᠣᠯᠪᠣᠲᠤ ᠡᠪᠡᠳᠴᠢᠨ᠂ ᠵᠢᠵᠢᠭ ᠲᠣᠯᠪᠣᠲᠤ ᠡᠪᠡᠳᠴᠢᠨ ᠢ ᠡᠰᠡᠷᠭᠦᠴᠡᠬᠦ ᠴᠢᠳᠠᠯ ᠢᠶᠠᠷ ᠴᠢᠩᠭ᠎ᠠ ᠪᠠᠶᠢᠳᠠᠭ᠃     ᠱᠠᠨᠰᠢ ᠮᠤᠵᠢ ᠶᠢᠨ ᠠᠮᠤ ᠳᠤᠰᠤᠨ ᠤ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠦᠷᠳᠡᠭᠡ ᠶᠢᠨ 2006 ᠣᠨ ᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢᠨ ᠦᠷ᠎ᠡ ᠳ᠋ᠦᠩ᠄ ᠪᠦᠳᠦᠭᠦᠯᠢᠭ ᠤᠭᠤᠷᠠᠭ 8.9%᠂ ᠴᠠᠷᠳᠠᠭᠤᠯ 69.6%᠂ ᠪᠦᠳᠦᠭᠦᠯᠢᠭ ᠥᠭᠡᠬᠦ 3.7%᠂ ᠯᠠᠶᠢᠰᠢᠨ ᠰᠢᠪᠲᠦᠷᠲᠦ ᠬᠦᠴᠢᠯ 0.289% ᠠᠭᠤᠯᠤᠭᠳᠠᠨ᠎ᠠ᠃     ᠤᠨᠠᠯᠲᠠ ᠶᠢᠨ ᠬᠡᠮᠵᠢᠶᠡᠨ ᠤ ᠢᠯᠡᠷᠡᠯ      2004 ᠣᠨ ᠳᠤ ᠱᠠᠨᠰᠢ ᠮᠤᠵᠢ ᠶᠢᠨ ᠵᠤᠨ ᠤ ᠲᠠᠷᠢᠶᠠᠯᠠᠭ᠎ᠠ ᠶᠢᠨ ᠪᠡᠯᠡᠳᠬᠡᠯ ᠲᠤᠷᠰᠢᠯᠲᠠ ᠳᠤ ᠣᠷᠣᠯᠴᠠᠵᠤ᠂ 3 ᠲᠤᠷᠰᠢᠯᠲᠠ ᠶᠢᠨ ᠴᠡᠭ ᠤᠨ ᠤᠨᠠᠯᠲᠠ ᠨᠢ ᠪᠦᠬᠦᠨ ᠢᠶᠠᠷ ᠢᠶᠠᠨ ᠨᠡᠮᠡᠭᠳᠡᠵᠦ᠂ ᠮᠦ ᠪᠦᠷᠢ ᠶᠢᠨ ᠳᠤᠮᠳᠠᠴᠢ ᠤᠨᠠᠯᠲᠠ  ᠨᠢ 649.1 ᠺᠢᠯᠣᠭ᠍ᠷᠠᠮ ᠳᠤ ᠬᠦᠷᠴᠦ᠂ ᠬᠤ᠋ ᠳ᠋ᠠᠨ 4 ᠳ᠋ᠤᠭᠡᠷ ᠨᠣᠮᠧᠷ ᠲᠠᠢ ᠬᠠᠷᠢᠴᠠᠭᠤᠯᠪᠠᠯ 16.8% ᠪᠠᠷ ᠨᠡᠮᠡᠭᠳᠡᠵᠡᠢ᠃      2005 ᠣᠨ ᠳᠤ ᠱᠠᠨᠰᠢ ᠮᠤᠵᠢ ᠶᠢᠨ ᠵᠣᠨ ᠤ ᠲᠠᠷᠢᠶᠠᠯᠠᠭ᠎ᠠ ᠶᠢᠨ ᠣᠷᠣᠨ ᠤ ᠲᠤᠷᠰᠢᠯᠲᠠ ᠳᠤ ᠣᠷᠣᠯᠴᠠᠵᠤ᠂ 5 ᠲᠤᠷᠰᠢᠯᠲᠠ ᠶᠢᠨ ᠴᠡᠭ ᠤᠨ ᠤᠨᠠᠯᠲᠠ ᠨᠢ ᠪᠦᠬᠦᠨ ᠢᠶᠠᠷ ᠢᠶᠠᠨ ᠨᠡᠮᠡᠭᠳᠡᠵᠦ᠂ ᠵᠧᠩ ᠳ᠋ᠠᠨ 958 ᠶᠢᠨ ᠬᠢ ᠠᠴᠠ 3.3% ᠨᠡᠮᠡᠭᠳᠡᠵᠦ᠂ ᠨᠢᠭᠡᠳᠦᠭᠡᠷ ᠲᠤ ᠣᠷᠣᠪᠠ᠃      2006 ᠣᠨ ᠳᠤ ᠱᠠᠨᠰᠢ ᠮᠤᠵᠢ ᠶᠢᠨ ᠵᠣᠨ ᠤ ᠲᠠᠷᠢᠶᠠᠯᠠᠭ᠎ᠠ ᠶᠢᠨ ᠣᠷᠣᠨ ᠤ ᠲᠤᠷᠰᠢᠯᠲᠠ ᠳᠤ ᠣᠷᠣᠯᠴᠠᠵᠤ᠂ 7 ᠲᠤᠷᠰᠢᠯᠲᠠ ᠶᠢᠨ ᠴᠡᠭ ᠤᠨ 6 ᠴᠡᠭ ᠤᠨ ᠤᠨᠠᠯᠲᠠ ᠨᠢ ᠨᠡᠮᠡᠭᠳᠡᠵᠦ᠂ ᠵᠧᠩ ᠳ᠋ᠠᠨ 958 ᠲᠠᠢ ᠬᠠᠷᠢᠴᠠᠭᠤᠯᠪᠠᠯ 5.6% ᠪᠠᠷ ᠨᠡᠮᠡᠭᠳᠡᠵᠦ᠂ ᠲᠤᠷᠰᠢᠯᠲᠠ ᠳᠤ ᠣᠷᠣᠯᠴᠠᠭᠰᠠᠨ ᠡᠭᠦᠯᠳᠡᠷ ᠤᠨ ᠨᠢᠭᠡᠳᠦᠭᠡᠷ ᠲᠤ ᠵᠢᠭᠰᠠᠭᠠᠭᠳᠠᠵᠠᠢ᠃      ᠲᠣᠬᠢᠷᠠᠮᠵᠢᠲᠠᠢ ᠣᠷᠣᠨ     ᠱᠠᠨᠰᠢ ᠮᠤᠵᠢ᠂ ᠱᠠᠨ ᠰᠢ ᠮᠤᠵᠢ ᠶᠢᠨ ᠵᠤᠨ ᠤ ᠲᠠᠷᠢᠶᠠᠯᠠᠭ᠎ᠠ ᠶᠢᠨ ᠣᠷᠣᠨ᠃    
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ