ᠪᠷᠦ᠋ᠼᠧᠯ ᠡᠪᠡᠳᠴᠢᠨ ᠢ ᠰᠡᠷᠭᠡᠶᠢᠯᠡᠬᠦ ᠠᠷᠭ᠎ᠠ
ᠨᠡᠶᠢᠲᠡᠯᠡᠭᠰᠡᠨ ᠴᠠᠭ᠄
2024/1/23
      ᠪᠷᠦ᠋ᠼᠧᠯ ᠡᠪᠡᠳᠴᠢᠨ ᠪᠣᠯ ᠬᠥᠮᠥᠨ ᠮᠠᠯ ᠳᠤ ᠪᠦᠷ ᠬᠠᠯᠳᠠᠪᠤᠷᠢᠯᠠᠳᠠᠭ ᠨᠢᠭᠡ ᠵᠦᠢᠯ ᠤᠨ ᠬᠠᠯᠳᠠᠪᠤᠷᠢᠲᠤ ᠡᠪᠡᠳᠴᠢᠨ ᠮᠥᠨ᠂ ᠢᠯᠠᠩᠭᠤᠶ᠎ᠠ ᠬᠤᠨᠢᠨ ᠤ ᠬᠡᠯᠪᠡᠷᠢ ᠶᠢᠨ ᠪᠷᠦ᠋ᠼᠧᠯ ᠰᠠᠪᠬᠠᠨᠴᠢᠷ ᠪᠠᠺᠲ᠋ᠧᠷᠢ ᠶᠢᠨ ᠡᠪᠡᠳᠴᠢᠨ ᠨᠢ ᠬᠥᠮᠥᠨ ᠳᠤ ᠲᠦᠢᠯ ᠤᠨ ᠠᠮᠠᠷᠬᠠᠨ ᠬᠠᠯᠳᠠᠪᠤᠷᠢᠯᠠᠳᠠᠭ᠂ ᠡᠶᠢᠮᠦ ᠠᠴᠠ ᠦᠨᠳᠦᠰᠦᠨ ᠱᠠᠲᠤᠨ ᠤ ᠮᠠᠯ ᠡᠮᠨᠡᠯᠭᠡ ᠶᠢᠨ ᠠᠵᠢᠯᠲᠠᠨ᠂ ᠠᠷᠠᠴᠢᠯᠠᠭᠴᠢ ᠡᠷᠬᠡᠪᠰᠢ ᠳᠣᠣᠷᠠᠬᠢ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠠᠩᠬᠠᠷᠬᠤ ᠬᠡᠷᠡᠭᠲᠡᠢ᠄       ᠨᠢᠭᠡ᠂ ᠬᠤᠨᠢ ᠲᠠᠢ ᠨᠢᠭᠲᠠ ᠤᠶᠢᠷᠠᠳᠬᠤ ᠬᠥᠮᠥᠨ ᠵᠠᠪᠠᠯ ᠠᠵᠢᠯ ᠤᠨ ᠬᠤᠪᠴᠠᠰᠤ ᠪᠠ ᠠᠵᠢᠯ ᠤᠨ ᠱᠠᠬᠠᠢ ᠡᠮᠦᠰᠬᠦ ᠬᠡᠷᠡᠭᠲᠡᠢ᠃       ᠬᠤᠶᠠᠷ᠂ ᠠᠵᠢᠯ ᠤᠨ ᠳᠤᠮᠳᠠ ᠭᠠᠳᠠᠷ ᠰᠢᠷᠬ᠎ᠠ ᠣᠯᠣᠭᠰᠠᠨ ᠦᠶ᠎ᠡ ᠳᠤ ᠰᠢᠷᠬᠠᠨ ᠤ ᠲᠣᠭᠤᠷᠢᠨ ᠢ ᠳᠠᠷᠤᠵᠤ᠂ ᠰᠢᠷᠬᠠᠨ ᠤ ᠣᠶᠢᠷᠠᠯᠴᠠᠭ᠎ᠠ ᠪᠠᠶᠢᠭ᠎ᠠ ᠴᠢᠰᠤ ᠶᠢ ᠪᠡᠶ᠎ᠡ ᠶᠢᠨ ᠭᠠᠳᠠᠨ᠎ᠠ ᠤᠷᠤᠰᠬᠠᠨ ᠭᠠᠷᠭᠠᠵᠤ᠂ ᠠᠷᠢᠭᠤᠳᠬᠠᠭᠰᠠᠨ ᠤ ᠳᠠᠷᠠᠭ᠎ᠠ ᠪᠣᠭᠤᠵᠤ᠂ ᠰᠢᠷᠬ᠎ᠠ ᠡᠳᠡᠭᠡᠷᠡᠬᠦ ᠠᠴᠠ ᠡᠮᠦᠨ᠎ᠡ ᠮᠠᠯ ᠠᠬᠤᠢ ᠲᠠᠢ ᠤᠶᠢᠷᠠᠳᠬᠤ ᠠᠵᠢᠯ ᠬᠢᠵᠦ ᠪᠣᠯᠬᠤ ᠦᠭᠡᠢ᠃       ᠭᠤᠷᠪᠠ᠂ ᠠᠮᠢᠲᠠᠨ ᠢ ᠲᠤᠶᠠᠴᠢᠬᠤ᠂ ᠬᠥᠮᠥᠨ ᠤ ᠬᠦᠴᠦ ᠪᠠᠷ ᠦᠷ᠎ᠡ ᠲᠣᠭᠲᠠᠭᠠᠬᠤ᠂ ᠠᠷᠠᠰᠤ ᠨᠣᠣᠰᠣ ᠶᠢ  ᠨᠢ ᠬᠤᠳᠠᠯᠳᠤᠨ ᠠᠪᠬᠤ ᠳᠠᠭᠠᠨ ᠵᠠᠪᠠᠯ ᠰᠦᠨ ᠴᠠᠪᠠᠤ ᠶᠢᠨ ᠪᠡᠭᠡᠯᠡᠢ ᠵᠡᠭᠦᠬᠦ ᠬᠡᠷᠡᠭᠲᠡᠢ᠃       ᠳᠥᠷᠪᠡ᠂ ᠦᠬᠡᠷ ᠬᠤᠨᠢᠨ ᠤ ᠲᠦᠯ ᠢ ᠳᠤᠰᠬᠤ ᠳᠤ ᠵᠠᠪᠠᠯ ᠪᠡᠭᠡᠯᠡᠢ᠂ ᠠᠮᠠᠪᠴᠢ᠂ ᠮᠠᠯᠠᠭᠠᠢ᠂ ᠠᠵᠢᠯ ᠤᠨ ᠬᠤᠪᠴᠠᠰᠤ᠂ ᠠᠵᠢᠯ ᠤᠨ ᠱᠠᠬᠠᠢ ᠡᠮᠦᠰᠬᠦ ᠬᠡᠷᠡᠭᠲᠡᠢ᠃ ᠦᠬᠡᠷ᠂ ᠬᠤᠨᠢᠨ ᠤ ᠬᠡᠭᠡᠭᠡᠯᠢ ᠬᠠᠶᠠᠬᠤ ᠦᠶ᠎ᠡ ᠶᠢᠨ ᠭᠡᠭᠡᠭᠳᠡᠮᠡᠯ ᠪᠣᠳᠠᠰ ᠢ ᠡᠷᠬᠡᠪᠰᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠢ᠃      ᠲᠠᠪᠤ᠂ ᠮᠠᠯ ᠡᠮᠨᠡᠯᠭᠡ ᠶᠢᠨ ᠠᠵᠢᠯᠲᠠᠨ ᠪᠷᠦ᠋ᠼᠧᠯ ᠡᠪᠡᠳᠴᠢᠨ ᠤ ᠬᠢᠵᠢᠭ ᠢ ᠪᠠᠶᠢᠴᠠᠭᠠᠵᠤ ᠴᠢᠰᠤ ᠠᠪᠬᠤ ᠳᠠᠭᠠᠨ ᠳᠡᠭᠡᠷ᠎ᠡ ᠳᠤᠷᠠᠳᠤᠭᠰᠠᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃       ᠵᠢᠷᠭᠤᠭ᠎ᠠ᠂ ᠠᠵᠢᠯ ᠢᠶᠠᠨ ᠳᠠᠭᠤᠰᠬᠠᠭᠰᠠᠨ ᠤ ᠳᠠᠷᠠᠭ᠎ᠠ ᠤᠷᠢᠳ ᠢᠶᠠᠷ ᠠᠷᠢᠭᠤᠳᠬᠠᠬᠤ ᠤᠰᠤ ᠪᠠᠷ ᠭᠠᠷ ᠢᠶᠠᠨ ᠤᠬᠢᠶᠠᠵᠤ᠂ ᠳᠠᠷᠠᠭ᠎ᠠ ᠨᠢ ᠰᠠᠪᠤᠩ ᠪᠠ ᠴᠡᠪᠡᠷ ᠤᠰᠤ ᠪᠠᠷ ᠤᠬᠢᠶᠠᠬᠤ ᠬᠡᠷᠡᠭᠲᠡᠢ᠂ ᠭᠠᠷ ᠢᠶᠠᠨ ᠤᠬᠢᠶᠠᠬᠤ ᠦᠭᠡᠢ᠂ ᠠᠷᠢᠭᠤᠳᠬᠠᠬᠤ ᠦᠭᠡᠢ ᠪᠠᠷ ᠶᠠᠭᠤᠮ᠎ᠠ ᠢᠳᠡᠬᠦ᠂ ᠲᠠᠮᠠᠬᠢ ᠲᠠᠲᠠᠬᠤ᠂ ᠨᠢᠳᠦ ᠪᠠᠨ ᠨᠤᠬᠤᠯᠠᠬᠤ᠂ ᠴᠢᠬᠢ ᠪᠠᠨ ᠤᠬᠤᠬᠤ᠂ ᠬᠠᠮᠠᠷ ᠢᠶᠠᠨ ᠤᠬᠤᠬᠤ ᠶᠢ ᠴᠢᠩᠭ᠎ᠠ ᠴᠡᠭᠡᠷᠯᠡᠨ᠎ᠡ᠃       ᠳᠣᠯᠤᠭ᠎ᠠ᠂ ᠠᠵᠢᠯ ᠤᠨ ᠬᠤᠪᠴᠠᠰᠤ ᠶᠢ ᠡᠷᠬᠡᠪᠰᠢ ᠦᠷᠭᠦᠯᠵᠢ 80 ᠼᠧᠯᠰ ᠤᠨ ᠭᠷᠡᠳᠦ᠋ᠰ ᠠᠴᠠ ᠳᠡᠭᠡᠭᠰᠢ ᠬᠠᠯᠠᠭᠤᠨ ᠤᠰᠤ ᠪᠠᠷ 20 ᠮᠢᠨᠦ᠋ᠲ ᠳᠡᠪᠲᠦᠭᠡᠵᠦ᠂ ᠳᠠᠬᠢᠨ ᠰᠠᠪᠤᠩ ᠪᠤᠶᠤ ᠤᠬᠢᠶᠠᠯᠭ᠎ᠠ ᠶᠢᠨ ᠨᠤᠨᠳᠠᠭ ᠢᠶᠠᠷ ᠤᠭᠢᠶᠠᠬᠤ ᠬᠡᠷᠡᠭᠲᠡᠢ᠃
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ