ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠢ ᠰᠤᠳᠤᠯᠪᠠ
ᠨᠡᠶᠢᠲᠡᠯᠡᠭᠰᠡᠨ ᠴᠠᠭ᠄
2024/1/29
     ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠤᠷᠠᠯ ᠢ ᠡᠷᠭᠢᠯᠡᠪᠡ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠭᠡᠳᠦᠮᠡᠯ ᠹᠷᠣᠨᠲ ᠤᠨ ᠬᠥᠭᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠡᠯ᠎ᠡ ᠲᠠᠯ᠎ᠠ ᠶᠢᠨ ᠬᠢᠨ ᠤ ᠤᠶᠤᠨ ᠤᠬᠠᠭᠠᠨ ᠪᠣᠯᠣᠨ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠣᠯᠵᠤ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠬᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠤ ᠵᠣᠣ ᠲᠦᠩ ᠬᠤᠲᠠ ᠶᠢᠨ ᠵᠧᠨ ᠰᠢᠶᠦ᠋ᠩ ᠰᠢᠶᠠᠨ ᠤ ᠠᠭᠤᠯᠠ ᠶᠡᠭᠦᠷᠡᠭᠰᠡᠨ ᠬᠡᠷᠡᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠶᠤᠯ ᠦᠬᠡᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠠᠵᠢᠯ ᠢ ᠰᠤᠳᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠠᠶᠤᠯ ᠦᠬᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ ᠤ ᠲᠠᠯᠳᠠ ᠬᠡᠮ ᠢ ᠪᠠᠶᠢᠴᠠᠭᠠᠨ ᠴᠡᠭᠴᠡᠯᠡᠨ ᠵᠠᠰᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠪᠦᠬᠦ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠤᠯᠤᠰ ᠤᠨ ᠢᠨᠵᠧᠨᠧᠷ ᠤᠨ ᠱᠠᠩᠨᠠᠯ︾ ᠢ ᠠᠩᠬ᠎ᠠ ᠤᠳᠠᠭ᠎ᠠ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠲᠠᠰᠢᠷᠠᠮ ᠳᠤ ᠦᠭᠭᠦᠭᠰᠡᠨ ᠴᠢᠬᠤᠯᠠ ᠵᠢᠭᠠᠪᠤᠷᠢ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠪᠣᠯᠣᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠪᠠᠶᠢᠳᠠᠯ᠂ ᠪᠦᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠳᠠᠯ ᠪᠣᠯᠣᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠦᠭᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷ ᠪᠡᠶ᠎ᠡ ᠶᠢᠨ ᠬᠤᠪᠢᠰᠬᠠᠯ ᠬᠢᠬᠦ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ       ᠬᠤᠷᠠᠯ ᠠᠴᠠ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠵᠡᠷᠭᠡ ᠤᠴᠢᠷ ᠶᠠᠪᠤᠳᠠᠯ ᠤᠳ ᠢ ᠰᠤᠳᠤᠯᠵᠠᠢ᠃    
ᠢᠷᠡᠯᠲᠡ᠄ ᠤᠷᠳᠤᠰ ᠤᠨ ᠡᠳᠤᠷ ᠤᠨ ᠰᠤᠨᠢᠨ