ᠬᠤᠳᠠ ᠶᠢᠨ ᠵᠠᠰᠠᠭ ᠤᠨ ᠤᠷᠳᠤᠨ ᠪᠠᠶᠢᠡᠭᠭᠤ ᠶᠢᠨ ᠬᠤᠷᠡᠯ ᠵᠢᠴᠢ ︽ᠵᠢᠷᠭᠤᠭᠠᠨ ᠢᠨᠵᠧᠨᠧᠷᠢᠩ︾  ᠢ ᠠᠭᠢᠭᠤᠯᠬᠤ ᠠᠵᠢᠯ ᠤᠨ ᠬᠤᠷᠡᠯ ᠬᠤᠷᠡᠯᠳᠤᠭᠤᠯᠵᠠᠢ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾   ᠢ ᠠᠬᠢᠭᠤᠯᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠤᠯᠤᠰ ᠤᠨ ᠢᠨᠵᠧᠨᠧᠷ ᠤᠨ ᠱᠠᠩᠨᠠᠯ︾   ᠢ ᠠᠩᠬ᠎ᠠ ᠤᠳᠠᠭ᠎ᠠ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠲᠠᠰᠢᠷᠠᠮ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠬᠥᠲᠥᠯᠥᠨ ᠳᠠᠭᠠᠭᠤᠯᠵᠤ᠂ ᠰᠢᠨ᠎ᠡ ᠴᠠᠭ ᠦᠶ᠎ᠡ ᠶᠢᠨ ᠢᠨᠵᠧᠨᠧᠷᠢᠩ ᠤᠨ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠢᠯᠡᠳᠪᠦᠷᠢᠯᠡᠯ ᠡᠭᠦᠳᠦᠯᠲᠡ ᠶᠢᠨ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠰᠢᠨ᠎ᠡ ᠦᠢᠯᠡᠳᠪᠦᠷᠢᠯᠡᠯ ᠤᠨ ᠬᠦᠴᠦᠨ ᠢ ᠦᠨᠡᠨ ᠬᠦ ᠪᠤᠢ ᠪᠣᠯᠭᠠᠬᠤ ᠬᠡᠷᠡᠭᠲᠡᠢ᠃ ᠢᠨᠵᠧᠨᠧᠷᠢᠩ ᠤᠨ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡ ᠪᠠᠳᠤᠯᠠᠭ᠎ᠠ ᠶᠢᠨ ᠲᠤᠬᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠨᠡᠶᠢᠭᠡᠮ ᠳᠤ ︽ᠴᠢᠳᠠᠪᠤᠷᠢᠳᠡᠨ ᠠᠴᠠ ᠲᠠᠭᠠᠨ ᠰᠤᠷᠤᠯᠴᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠬᠦᠴᠢᠷ ᠢ ᠲᠤᠭᠤᠯᠤᠨ ᠪᠡᠷᠭᠡ ᠶᠢ ᠳᠠᠪᠠᠵᠤ᠂ ᠰᠢᠨ᠎ᠡ ᠶᠢ ᠡᠭᠦᠳᠦᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ︾ ᠥᠳᠭᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠡᠪᠡ᠃      ᠬᠤᠷᠠᠯ ᠠᠴᠠ 2024 ᠣᠨ ᠤ ᠪᠦᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠵᠤ᠂ ᠬᠠᠷᠠᠯᠲᠠ ᠶᠢᠨ ᠤᠳᠤᠷᠢᠳᠤᠮᠵᠢ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠂ ᠱᠠᠯᠠᠪᠳᠡᠨ ᠲᠦᠷᠭᠡᠨ ᠠᠵᠢᠯᠯᠠᠵᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠨᠤᠴᠠᠳᠠᠢ ᠪᠦᠲᠦᠮᠵᠢᠲᠡᠢ ᠪᠠᠷ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ ᠴᠢᠬᠤᠯᠠ ᠶᠡᠭᠡ ᠲᠦᠷᠦᠯ ᠵᠦᠢᠯ ᠤᠨ ᠨᠥᠭᠡᠴᠡ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠪᠦᠬᠦ ᠬᠤᠳᠠ ᠶᠢᠨ ᠬᠥᠭᠵᠢᠯᠲᠡ ᠶᠢᠨ ᠪᠤᠭᠢᠷᠳᠦᠯ ᠦᠭᠡᠢ᠂ ᠰᠢᠨ᠎ᠡ ᠶᠢ ᠡᠭᠦᠳᠭᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠤᠯᠤᠰ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠠᠳᠡᠯ ᠤᠨ ᠪᠠᠶᠢᠳᠠᠯ ᠢ ᠮᠡᠳᠡᠭᠳᠡᠵᠦ᠂ ᠪᠦᠬᠦ ᠬᠤᠳᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠡᠷᠡᠭ ᠢᠶᠠᠷ ᠲᠣᠯᠢᠳᠠᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠤᠳᠠᠳᠠᠶᠢᠵᠢᠭᠤᠯᠤᠨ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠲᠡᠯᠳᠡ ᠬᠡᠮ ᠢ ᠶᠡᠭᠡ ᠪᠠᠷ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠵᠢᠷᠭᠤᠭᠠᠨ ᠢᠨᠵᠧᠨᠧᠷᠢᠩ︾   ᠢ ᠬᠡᠷᠡᠭᠵᠢᠭᠦᠯᠬᠦ ᠲᠥᠰᠥᠯ ᠵᠢᠴᠢ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠲᠦᠷᠦᠯ ᠵᠦᠢᠯ᠂ 2024 ᠣᠨ ᠤ ᠭᠤᠣᠯᠳᠠᠯᠭ᠎ᠠ ᠲᠠᠢ ᠠᠵᠢᠯ ᠤᠨ ᠨᠠᠷᠢᠨ ᠳᠠᠩᠰᠠ ᠶᠢ ᠰᠤᠳᠤᠯᠵᠤ᠂ ᠭᠤᠣᠯᠳᠠᠯᠭ᠎ᠠ ᠶᠢ ᠡᠵᠡᠮᠳᠡᠵᠦ᠂ ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠂ ᠮᠥᠷᠳᠡᠨ ᠲᠣᠬᠢᠷᠠᠭᠤᠯᠬᠤ ᠶᠢ ᠴᠢᠩᠭᠠᠳᠬᠠᠵᠤ᠂ ᠡᠯ᠎ᠡ ᠲᠦᠷᠦᠯ ᠤᠨ ᠭᠤᠣᠯᠳᠠᠯᠭ᠎ᠠ ᠲᠠᠢ ᠡᠭᠦᠷᠭᠡ ᠶᠢ ᠡᠷᠳᠡᠭᠡᠨ ᠡᠭᠢᠯᠡᠭᠦᠯᠵᠤ᠂ ᠲᠦᠷᠭᠡᠳᠭᠡᠨ ᠤᠷᠤᠨᠵᠢᠭᠤᠯᠤᠨ᠂ ᠡᠷᠳᠡᠭᠡᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ︽ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾   ᠢ ᠤᠯᠠᠮᠵᠢᠯᠠᠨ ᠰᠤᠷᠤᠯᠴᠠᠵᠤ᠂ ᠬᠤᠲᠠ ᠶᠢᠨ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠡᠷᠭᠡ ᠤᠴᠢᠷ ᠶᠠᠪᠤᠳᠠᠯ ᠤᠳ ᠢ ᠰᠤᠳᠤᠯᠤᠨ ᠪᠠᠶᠢᠷᠢᠯᠠᠭᠤᠯᠪᠠ᠃     
ᠢᠷᠡᠯᠲᠡ᠄ ᠤᠷᠳᠤᠰ ᠤᠨ ᠡᠳᠤᠷ ᠤᠨ ᠰᠤᠨᠢᠨ