ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠬᠢᠯᠡᠪᠡ ᠰᠦᠨ ᠱᠣᠣ ᠴᠧᠩ ᠬᠤᠷᠠᠯ ᠢ ᠡᠷᠬᠢᠯᠡᠵᠦ ᠸᠠᠩ ᠯᠢ ᠰᠢᠶᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠡᠢ
ᠨᠡᠶᠢᠲᠡᠯᠡᠭᠰᠡᠨ ᠴᠠᠭ᠄
2024/1/31
     1 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠬᠥᠬᠡᠬᠤᠲᠠ ᠳᠤ ᠡᠬᠢᠯᠡᠪᠡ᠃      ᠬᠤᠷᠠᠯ ᠤᠨ ᠲᠠᠯᠠᠪᠠᠢ ᠶᠢᠨ ᠪᠠᠶᠢᠷᠢᠯᠠᠭᠤᠯᠤᠯᠲᠠ ᠳᠥᠭᠦᠮ ᠪᠥᠭᠡᠳ ᠪᠣᠷᠣᠭᠵᠢᠭᠤᠨ᠂ ᠠᠭᠤᠷ ᠠᠮᠢᠰᠬᠤᠯ ᠲᠥᠪ ᠴᠢᠩᠭ᠎ᠠ ᠪᠥᠭᠡᠳ ᠬᠦᠷ ᠬᠥᠭᠵᠢᠶᠡᠨ ᠲᠠᠢ ᠪᠠᠶᠢᠯ᠎ᠠ᠃ ᠪᠥᠬᠦ ᠣᠷᠣᠨ ᠤ ᠡᠯ᠎ᠡ ᠭᠠᠵᠠᠷ᠂ ᠡᠯ᠎ᠡ ᠹᠷᠣᠨᠲ ᠠᠴᠠ ᠢᠷᠡᠭᠰᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃

1.31.1.jpg

    

      1 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂

ᠭᠦᠢᠴᠡᠳᠬᠡᠭᠴᠢ ᠲᠡᠷᠢᠭᠦᠯᠡᠭᠴᠢ ᠰᠦᠨ ᠱᠣᠤ ᠴᠧᠩ ᠶᠡᠭᠡ ᠬᠤᠷᠠᠯ ᠢ ᠡᠷᠭᠢᠯᠡᠪᠡ᠃

      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠰᠦᠨ ᠱᠤᠤ ᠴᠧᠩ ᠶᠡᠭᠡ ᠬᠤᠷᠠᠯ ᠢ

ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ ᠴᠦᠨ᠂ ᠵᠠᠩ

ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠱᠢ ᠸᠧᠨ ᠰᠢᠤᠸᠠᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ

ᠮᠥᠷ ᠲᠤ ᠰᠠᠭᠠᠲᠠᠪᠠ᠃

      ᠸᠠᠩ ᠯᠢ ᠰᠢᠶᠠ᠂ ᠵᠠᠩ ᠶᠠᠨ ᠺᠦᠨ᠂ ᠶᠠᠩ ᠸᠧᠢ ᠳ᠋ᠦᠩ᠂ ᠯᠢᠦ ᠱᠤᠸᠠᠩ᠂ ᠪᠣᠣ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂

ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠦᠳᠠᠭᠤᠯᠠ᠂ ᠢᠦᠢ ᠯᠢ ᠰᠢᠨ᠂ ᠴᠧᠨ ᠯᠢᠶᠠᠨ ᠪᠢᠩ᠂ ᠴᠢ᠊ ᠪᠠᠲᠤ᠂ ᠪᠦᠦ ᠰᠢᠶᠠᠨ ᠬᠤᠸᠠ᠂

ᠵᠧᠩ ᠭᠤᠸᠠᠩ ᠵᠤᠤ᠂ ᠶᠣᠣ ᠶᠦᠩ ᠪᠥᠸᠧ᠂ ᠳᠠᠶᠢᠴᠢᠨ᠂ ᠶᠠᠩ ᠶᠢᠨ᠂ ᠪᠠᠢ ᠴᠢᠩ ᠶᠤᠸᠠᠨ᠂ ᠯᠥᠸᠧ ᡁᠢ ᠬᠤ᠋᠂ ᠸᠧᠢ ᠭᠦᠸᠧ ᠨᠠᠨ᠂ ᠠᠨ ᠷᠦᠨ ᠱᠧᠩ᠂ ᠵᠠᠩ

ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ᠂ ᠶᠠᠩ ᠭᠦᠸᠧ ᠠᠨ᠂ ᠸᠠᠩ ᠰᠢᠤᠸᠠᠢ ᠦ᠋᠂ ᠶᠠᠩ ᠽᠥᠩ ᠷᠧᠨ᠂ ᠯᠢ ᠶᠦᠩ ᠵᠢᠶᠦ᠋ᠨ᠂ ᠴᠧᠨ

ᠯᠦ ᠱᠧᠩ᠂ ᠵᠠᠩ ᠵᠢᠶᠦ᠋ᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ

ᠣᠷᠣᠯᠴᠠᠬᠤ ᠶᠣᠰᠣᠲᠠᠢ ᠲᠥᠯᠥᠭᠡᠯᠡᠭᠴᠢ 540 ᠬᠥᠮᠥᠨ ᠪᠣᠢ᠃ ᠲᠤᠰ ᠤᠳᠠᠭ᠎ᠠ ᠶᠢᠨ ᠪᠦᠬᠦᠳᠠ ᠬᠤᠷᠠᠯ ᠳᠤ 526 ᠲᠥᠯᠥᠭᠡᠯᠡᠭᠴᠢ ᠣᠷᠣᠯᠴᠠᠵᠤ᠂ ᠬᠠᠤᠯᠢ ᠳᠤ

ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃

      ᠦᠳᠡ ᠶᠢᠨ ᠡᠮᠦᠨᠡᠬᠢ 9 ᠴᠠᠭ ᠲᠤ᠂ ᠰᠦᠨ ᠱᠣᠤ ᠴᠧᠩ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠬᠢᠯᠡᠯ᠎ᠡ ᠭᠡᠵᠦ ᠲᠤᠩᠬᠠᠭᠯᠠᠪᠠ᠃ ᠪᠦᠭᠦᠳᠡᠭᠡᠷ ᠢᠶᠠᠨ ᠪᠣᠰᠴᠤ

ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃

1.31.2.jpg

    

      1 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠬᠤᠷᠠᠯ ᠳᠤ ᠵᠠᠰᠠᠭ ᠤᠨ

ᠣᠷᠳᠣᠨ ᠤ ᠠᠵᠢᠯ ᠤᠨ ᠢᠯᠡᠳᠬᠡᠯ ᠬᠢᠪᠡ᠃

1.31.3.jpg

      1 ᠰᠠᠷ᠎ᠠ ᠶᠢᠨ 30 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠭᠦᠭᠡᠬᠤᠲᠠ ᠳᠤ ᠡᠬᠢᠯᠡᠪᠡ᠃

      ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠡᠢ᠃

      ᠸᠠᠩ ᠯᠢ ᠰᠢᠶᠠ᠂ 2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ

ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠳᠠᠬᠢᠨᠲᠠ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ᠂ ᠪᠢᠳᠡᠨ ᠳᠤ ᠯᠤᠲᠤ ᠶᠡᠭᠡ ᠤᠯᠤᠰ ᠲᠥᠷᠥ ᠶᠢᠨ

ᠬᠠᠶᠢᠷ᠎ᠠ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠭᠢᠶᠠᠯ ᠣᠯᠭᠤᠪᠠ᠃ ᠲᠥᠷᠥ ᠶᠢᠨ ᠶᠠᠪᠤᠳᠠᠯ ᠤᠨ ᠬᠤᠷᠢᠶ᠎ᠠ ᠥᠪᠥᠷ ᠮᠣᠩᠭᠤᠯ ᠤᠨ ᠴᠢᠨᠠᠷ

ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠨᠡᠶᠢᠲᠡᠯᠡᠵᠦ᠂ ᠪᠢᠳᠡᠨ ᠤ ᠲᠠᠪᠤᠨ ᠶᠡᠭᠡ ᠡᠭᠦᠷᠭᠡ ᠶᠢ ᠨᠠᠩ ᠰᠠᠶᠢᠲᠤᠷ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ

ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ

ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠨᠢᠭᠲᠠ ᠲᠠᠭᠠᠨ ᠰᠢᠨ᠎ᠡ

ᠠᠶᠠᠨ ᠳᠤ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠠᠵᠢᠯ ᠤᠨ

ᠭᠤᠣᠯ ᠰᠢᠵᠢᠮ ᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠲᠠᠢ ᠨᠢᠭᠲᠠ ᠤᠶᠠᠯᠳᠤᠭᠤᠯᠵᠤ᠂ ᠭᠤᠣᠯ ᠪᠤᠯᠬᠤ

ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠬᠤ ᠶᠢ ᠠᠬᠢᠭᠤᠯᠵᠤ᠂ ᠤᠯᠤᠰ ᠤᠨ

ᠡᠨᠧᠷᠭᠢ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ

ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠭᠦ ᠲᠠᠯ᠎ᠠ ᠪᠠᠷ ᠡᠬᠢᠯᠡᠵᠦ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠴᠢᠨᠠᠭᠰᠢᠳᠠ ᠳᠡᠭᠡᠭᠰᠢᠯᠡᠵᠦ

᠂ ᠡᠯ᠎ᠡ ᠠᠶᠢᠮᠠᠭ ᠬᠤᠲᠠ ᠶᠢᠨ ᠬᠢᠨ ᠠᠳᠠᠯᠢᠳᠬᠠᠨ ᠰᠤᠷᠤᠯᠴᠠᠵᠤ ᠨᠡᠬᠡᠨ ᠳᠠᠪᠠᠵᠤ᠂ ᠬᠥᠭᠵᠢᠬᠦ ᠪᠠᠷ ᠬᠦᠴᠦᠯᠡᠨ ᠴᠢᠷᠮᠠᠶᠢᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ

ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠢᠭᠡᠨ ᠬᠤᠪᠢ ᠭᠢᠯᠪᠠᠷ ᠪᠤᠰᠤ ᠪᠠᠷ ᠣᠯᠣᠭᠰᠠᠨ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠵᠠᠢ ᠭᠡᠪᠡ᠃

       ᠸᠠᠩ ᠯᠢ ᠰᠢᠶᠠ᠂ ᠣᠳᠣᠬᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠨᠳᠤᠰᠢ ᠮᠠᠰᠢ ᠰᠠᠶᠢᠨ ᠪᠠᠶᠢᠵᠤ᠂ ᠡᠶᠢᠮᠦ

ᠠᠵᠠ ᠲᠣᠭᠢᠶᠠᠯ ᠣᠯᠳᠠᠬᠤᠶ᠎ᠠ ᠪᠡᠷᠬᠡ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ ᠨᠠᠮ ᠤᠨ ᠲᠥᠪ

ᠬᠤᠷᠢᠶ᠎ᠠ ᠶᠢᠨ ᠬᠠᠯᠠᠮᠵᠢᠯᠠᠯ ᠳᠡᠮᠵᠢᠯᠭᠡ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠶᠢᠨ ᠬᠠᠮᠤᠭ ᠤᠨ ᠶᠡᠭᠡ ᠬᠥᠳᠡᠯᠭᠡᠬᠦ ᠬᠦᠴᠦᠨ ᠮᠥᠨ᠂ ᠪᠢᠳᠡ ᠬᠤᠪᠢ

ᠳᠠᠭᠢᠨ ᠢᠶᠠᠷ ᠨᠠᠨᠳᠢᠩᠨᠠᠵᠤ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠬᠤ ᠭᠡᠷᠡᠭᠲᠡᠢ︔ ᠡᠨᠡ ᠬᠤᠶᠠᠷ ᠵᠢᠯ ᠳᠤ ᠮᠠᠨ ᠤ ᠣᠷᠣᠨ ᠤ ᠬᠥᠭᠵᠢᠯᠲᠡ ᠶᠢᠨ

ᠭᠠᠯᠲᠤ ᠲᠡᠷᠭᠡ ᠬᠤᠷᠳᠤ ᠨᠡᠮᠡᠨ ᠳᠠᠪᠬᠢᠭᠰᠠᠨ ᠨᠢ ᠮᠠᠰᠢ ᠭᠢᠯᠪᠠᠷ ᠪᠤᠰᠤ ᠶᠤᠮ᠂ ᠪᠢᠳᠡ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠤᠳᠠᠭᠠᠰᠢᠷᠠᠵᠤ ᠪᠤᠯᠬᠤ ᠥᠭᠡᠶ︔

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ

ᠵᠣᠷᠢᠭᠵᠢᠭᠤᠯᠬᠤ ᠪᠠᠷ ᠲᠡᠮᠵᠢᠨ ᠪᠤᠢ ᠪᠤᠯᠭᠠᠬᠰᠠᠨ ᠨᠡᠬᠡᠵᠦ ᠬᠥᠭᠡᠭᠡᠵᠦ ᠳᠠᠪᠠᠵᠤ ᠭᠠᠷᠤᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠬᠥᠭᠵᠢᠯᠲᠡ ᠶᠢ ᠱᠠᠯᠠᠪᠳᠠᠭᠤᠯᠤᠨ

ᠠᠳᠬᠤᠬᠤ ᠭᠦᠨ ᠵᠤᠵᠠᠭᠠᠨ ᠠᠭᠤᠷ ᠠᠮᠢᠰᠬᠤᠯ ᠨᠢ ᠮᠠᠰᠢ ᠡᠷᠬᠢᠮ ᠨᠠᠨᠳᠢᠨ ᠶᠤᠮ᠂ ᠪᠢᠳᠡ ᠢᠯᠠᠯᠲᠠ ᠶᠢᠨ ᠡᠷᠴᠢᠨ ᠳᠡᠭᠡᠷ᠎ᠡ ᠪᠠᠨ ᠴᠢᠷᠮᠠᠶᠢᠨ ᠤᠷᠤᠭᠰᠢᠯᠠᠵᠤ᠂ ᠳᠠᠭᠢᠨ

ᠰᠢᠨ᠎ᠡ ᠥᠨᠳᠦᠷᠯᠢᠭ ᠲᠤ ᠠᠪᠠᠷᠢᠬᠤ ᠬᠡᠷᠡᠭᠲᠡᠢ ᠭᠡᠪᠡ᠃

       ᠸᠠᠩ ᠯᠢ ᠰᠢᠶᠠ᠂ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ

ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ

ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ

ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ

ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ

ᠬᠠᠮᠲᠤᠳᠬᠠᠵᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠳᠠᠪᠰᠢᠨ ᠣᠷᠣᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠵᠣᠷᠢᠭᠲᠠᠢ

ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠬᠦ

ᠬᠡᠷᠡᠭᠲᠡᠢ ᠭᠡᠵᠦ ᠬᠡᠯᠡᠪᠡ᠃

       ᠸᠠᠩ ᠯᠢ ᠰᠢᠶᠠ ᠢᠯᠡᠳᠬᠡᠯ ᠳᠡᠭᠡᠨ 2024 ᠣᠨ ᠤ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ

ᠳᠤᠷᠠᠳᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠠᠴᠠ ᠳᠡᠭᠡᠭᠰᠢ ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ

ᠦᠢᠯᠡᠳᠪᠦᠷᠢ ᠶᠢᠨ ᠨᠡᠮᠡᠭᠳᠡᠯ ᠦᠷᠳᠡᠭ ᠢ 7% ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ

ᠨᠡᠮᠡᠭᠳᠡᠭᠦᠯᠤᠨ᠎ᠠ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠳᠠ

ᠪᠠᠯᠭᠠᠰᠤᠨ ᠤ 18 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠭᠰᠠᠨ ᠨᠤᠷᠮ᠎ᠠ ᠶᠢ

6% ᠣᠷᠴᠢᠮ ᠳᠤ ᠭᠢᠵᠠᠭᠠᠷᠯᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢᠬᠠᠨ

ᠠᠯᠬᠤᠮ ᠲᠠᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠳᠤ ᠭᠢᠵᠠᠭᠠᠷᠯᠠᠨ᠎ᠠ︔ ᠭᠠᠵᠠᠷ

ᠣᠷᠣᠨ ᠤ ᠨᠢᠭᠡᠴᠢ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 1.6% ᠣᠷᠴᠢᠮ ᠢᠶᠠᠷ ᠪᠠᠭᠤᠷᠠᠭᠤᠯᠤᠨ᠎ᠠ᠃

       ᠸᠠᠩ ᠯᠢ ᠰᠢᠶᠠ᠂ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ

ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠲᠦᠭᠡᠯᠴᠢ ᠪᠠᠷ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ

︽ᠵᠢᠷᠭᠤᠭᠠᠨ ᠢᠨᠵᠧᠨᠧᠷᠢᠩ︾ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠮᠥᠷᠳᠡᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ

ᠠᠳᠬᠤᠨ ᠪᠣᠳᠠᠲᠠᠢ ᠠᠵᠢᠯᠯᠠᠵᠤ᠂ ᠴᠢᠳᠠᠪᠠᠯ ᠰᠠᠶᠢᠨ ᠬᠢᠵᠦ᠂ ᠴᠢᠳᠠᠪᠠᠯ ᠲᠦᠷᠭᠡᠨ ᠬᠢᠵᠦ᠂ 10 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃

ᠨᠢᠭᠡ ᠳᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠠᠳᠬᠤᠵᠤ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ

ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠪᠡᠯᠡ ᠣᠷᠣᠭᠤᠯᠤᠯᠲᠠ ᠪᠠᠷ ᠳᠠᠶᠢᠴᠢᠯᠠᠬᠤ ᠪᠠᠶᠢᠯᠳᠤᠬᠤ

ᠪᠣᠳᠣᠯᠭ᠎ᠠ ᠶᠢ ᠡᠷᠡᠰ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢ 9000 ᠳ᠋ᠦᠩᠰᠢᠭᠤᠷ ᠲᠥᠭᠦᠷᠢᠭ ᠠᠴᠠ ᠳᠡᠭᠡᠭᠰᠢ

ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢᠨ ᠳᠠᠯᠳᠠ ᠬᠦᠴᠦᠨ ᠢ ᠬᠥᠭᠵᠢᠭᠡᠵᠦ᠂ ᠬᠡᠷᠡᠭᠯᠡᠭᠡ ᠶᠢ

ᠬᠢᠵᠢᠭ ᠤᠨ ᠳᠠᠷᠠᠭᠠᠬᠢ ᠰᠡᠷᠭᠦᠬᠦ ᠪᠠᠶᠢᠳᠠᠯ ᠠᠴᠠ ᠦᠷᠭᠦᠯᠵᠢᠯᠡᠨ ᠥᠷᠭᠡᠳᠬᠡᠬᠦ ᠲᠡᠶᠢᠰᠢ ᠬᠤᠪᠢᠷᠠᠭᠤᠯᠬᠤ ᠬᠡᠷᠡᠭᠲᠡᠢ᠃ ᠳᠥᠷᠪᠡ ᠳᠤ᠂ ᠶᠡᠷᠦ ᠪᠤᠰᠤ ᠶᠢᠨ ᠠᠷᠭ᠎ᠠ

ᠬᠡᠮᠵᠢᠶ᠎ᠡ ᠪᠠᠷ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ

ᠬᠥᠭᠵᠢᠯᠲᠡ ᠶᠢᠨ ᠲᠠᠯ᠎ᠠ ᠪᠠᠷ ᠱᠠᠯᠠᠮᠠᠭᠠᠶᠢᠯᠠᠨ ᠤᠷᠤᠭᠰᠢᠯᠠᠵᠤ ᠬᠦᠴᠦᠯᠡᠨ ᠨᠡᠬᠡᠵᠦ᠂ ᠬᠥᠭᠡᠭᠡᠵᠦ ᠭᠦᠢᠴᠡᠬᠦ ᠬᠡᠷᠡᠭᠲᠡᠢ᠃ ᠲᠠᠪᠤ ᠳᠤ᠂ ᠥᠪᠥᠷ ᠮᠣᠩᠭᠤᠯ ᠤᠨ

ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠨᠠᠷᠢᠨ ᠨᠢᠮᠪᠠᠢ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ

ᠲᠦᠪᠰᠢᠨ ᠢ ᠳᠡᠭᠡᠭᠰᠢᠯᠡᠭᠦᠯᠭᠦ᠂ ᠠᠵᠤ ᠦᠢᠯᠡᠳᠪᠦᠷᠢ ᠶᠢᠨ ᠭᠤᠣᠯ ᠡᠭᠦᠷᠭᠡ ᠶᠢ ᠡᠭᠦᠷᠭᠡᠯᠡᠬᠦ᠂ ᠰᠢᠨ᠎ᠡ ᠡᠨᠧᠷᠭᠢ ᠪᠠᠷ ᠭᠤᠣᠯ ᠪᠤᠯᠭᠠᠬᠤ᠂ ᠤᠳᠤ ᠦᠶ᠎ᠡ ᠶᠢᠨ

ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠵᠢᠷᠭᠤᠭ᠎ᠠ ᠳᠤ᠂ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ

ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠴᠢᠨᠠᠭᠰᠢᠳᠠ

ᠬᠥᠭᠵᠢᠭᠡᠬᠦ ᠬᠡᠷᠡᠭᠲᠡᠢ᠃ ᠲᠤᠯᠤᠭ᠎ᠠ ᠳᠤ᠂ ︽ᠤᠯᠤᠰ ᠤᠨ ᠶᠡᠭᠡ ᠶᠠᠪᠤᠳᠠᠯ︾ ᠤᠨ ᠥᠨᠳᠥᠷᠴᠡ ᠠᠴᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ

ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠢ

ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ ᠨᠠᠢᠮᠠ ᠳᠤ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠦᠭᠡᠬᠤᠲᠠ

ᠪᠤᠭᠤᠲᠤ ᠣᠷᠳᠣᠰ ᠤᠯᠠᠭᠠᠨᠴᠠᠪ ᠢ ᠪᠦᠭᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ︽ᠪᠤᠬ᠎ᠠ ᠲᠡᠷᠭᠡ︾ ᠪᠤᠯᠭᠠᠵᠤ᠂ ᠥᠪᠥᠷ

ᠮᠣᠩᠭᠤᠯ ᠤᠨ ᠵᠡᠭᠦᠨ ᠬᠡᠰᠡᠭ ᠤᠨ ᠪᠦᠭᠦ ᠲᠠᠯ᠎ᠠ ᠶᠢᠨ ᠬᠥᠭᠵᠢᠯ ᠮᠠᠨᠳᠤᠯ ᠤᠨ ᠬᠤᠷᠳᠤᠴᠠ ᠶᠢ ᠲᠦᠷᠭᠡᠳᠬᠡᠬᠦ ᠬᠡᠷᠡᠭᠲᠡᠢ᠃ ᠶᠢᠰᠦ ᠳᠤ᠂ ᠠᠷᠠᠳ ᠤᠨ ᠠᠮᠢᠳᠤᠷᠠᠯ ᠤᠨ

ᠶᠠᠪᠤᠳᠠᠯ ᠢ ᠡᠷᠬᠡᠪᠰᠢ ᠪᠣᠳᠠᠲᠠᠢ ᠬᠢᠵᠦ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ

ᠰᠢᠢᠳᠪᠦᠷᠢᠯᠡᠬᠦ ᠬᠡᠷᠡᠭᠲᠡᠢ᠃ ᠠᠷᠪᠠ ᠳᠤ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠡᠷᠡᠰ ᠰᠠᠶᠢᠲᠤᠷ ᠰᠠᠬᠢᠵᠤ᠂ ᠨᠡᠶᠢᠰᠯᠡᠯ ᠤᠨ ︽ᠬᠤᠳᠠ ᠶᠢᠨ

ᠬᠠᠮᠠᠭᠠᠯᠠᠯᠲᠠ ᠶᠢᠨ ᠭᠤᠣᠯ︾ ᠪᠣᠯᠵᠤ᠂ ᠥᠨᠳᠥᠷ ᠲᠦᠪᠰᠢᠨ ᠪᠦᠬᠦᠢ ᠤᠮᠠᠷᠠᠲᠤ ᠬᠢᠯᠢ ᠶᠢᠨ ᠠᠮᠤᠷ ᠲᠦᠪᠰᠢᠨ ᠤ ᠰᠢᠰᠲ᠋ᠧᠮ ᠢ ᠪᠦᠭᠦ ᠬᠦᠴᠦᠨ ᠢᠶᠠᠷ ᠢᠶᠠᠨ

ᠪᠠᠶᠢᠭᠤᠯᠬᠤ ᠬᠡᠷᠡᠭᠲᠡᠢ ᠭᠡᠵᠦ ᠬᠡᠯᠡᠪᠡ᠃

       ᠸᠠᠩ ᠯᠢ ᠰᠢᠶᠠ᠂ ᠡᠯ᠎ᠡ ᠱᠠᠲᠤᠨ ᠤ ᠵᠠᠰᠠᠭ ᠤᠨ ᠣᠷᠳᠣᠨ ᠤ ᠠᠯᠢᠪᠠ ᠠᠵᠢᠯ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠥᠴᠥᠬᠡᠨ ᠴᠦ ᠬᠡᠯᠪᠠᠶᠢᠬᠦ ᠦᠭᠡᠢ ᠪᠠᠶᠢᠵᠤ᠂ ︽ᠵᠢᠷᠭᠤᠭᠠᠨ ᠥᠭᠦᠯᠡᠪᠦᠷᠢ

ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠢᠮᠠᠭᠲᠠ ᠪᠠᠲᠤ ᠴᠡᠭᠡᠵᠢᠯᠡᠵᠦ᠂ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠳᠡᠭᠡᠷ᠎ᠡ ᠬᠠᠷᠢᠭᠤᠴᠠᠯᠭ᠎ᠠ

ᠡᠭᠦᠷᠭᠡᠯᠡᠯ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠲᠣᠭᠲᠠᠭᠠᠭᠰᠠᠨ︾

 ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂

ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠬᠦ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ︽

ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠪᠤᠰᠢᠭᠤ ᠬᠥᠳᠡᠯᠦᠯᠴᠡᠨ ᠰᠢᠭᠤᠷᠬᠠᠢ ᠠᠵᠢᠯᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠣᠷᠢᠭᠲᠠᠢ

ᠬᠢᠵᠦ ᠴᠢᠳᠠᠮᠠᠭᠠᠢ ᠪᠠᠷ ᠦᠷ᠎ᠡ ᠪᠦᠳᠦᠮᠵᠢ ᠭᠠᠷᠭᠠᠨ︾ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠡᠶᠡᠯᠡᠭᠦᠯᠬᠦ ᠬᠡᠷᠡᠭᠲᠡᠢ᠃ ᠠᠷᠢᠭᠤᠨ ᠴᠢᠬᠡᠴᠢ ᠪᠠᠶᠢᠵᠤ᠂

ᠴᠥᠬᠦᠷᠡᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ

ᠬᠥᠩᠭᠡᠷᠡᠭᠦᠯᠬᠦ ᠬᠡᠷᠡᠭᠲᠡᠢ ᠭᠡᠪᠡ᠃

       ᠸᠠᠩ ᠯᠢ ᠰᠢᠶᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠴᠢᠨᠠᠷ

ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ

ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠭᠠᠭᠤᠯᠭ᠎ᠠ ᠳᠣᠣᠷ᠎ᠠ᠂

ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ

ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ ᠭᠡᠪᠡ᠃

       ᠬᠤᠷᠠᠯ ᠤᠨ ᠵᠥᠪᠯᠡᠬᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2023 ᠣᠨ ᠤ ᠤᠯᠤᠰ ᠠᠷᠠᠳ ᠤᠨ ᠠᠵᠤ

ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ

ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ 2023 ᠣᠨ ᠤ ᠲᠥᠰᠥᠪ ᠢ ᠭᠦᠢᠴᠡᠳᠬᠡᠭᠰᠡᠨ

ᠪᠠᠶᠢᠳᠠᠯ ᠪᠠ 2024 ᠣᠨ ᠤ ᠲᠥᠰᠥᠪ ᠤᠨ ᠲᠥᠰᠥᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠵᠠᠢ᠃

       ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠵᠠᠩ ᠱᠤᠤ

ᠴᠦᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ

ᠳᠦᠷᠢᠮ ︵ᠵᠠᠰᠠᠪᠤᠷᠢ ᠣᠷᠣᠭᠤᠯᠬᠤ ᠲᠥᠰᠥᠯ︶ ᠤᠨ ᠲᠤᠬᠠᠢ ᠲᠣᠳᠣᠷᠬᠠᠶᠢᠯᠠᠯᠲᠠ ᠬᠢᠪᠡ᠃

       ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠵᠠᠩ ᠱᠤᠤ ᠴᠦᠨ ᠥᠪᠡᠷᠲᠡᠭᠡᠨ ᠵᠠᠰᠠᠬᠤ ᠣᠷᠣᠨ ᠤ ᠠᠷᠪᠠᠨ

ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶ ᠶᠢᠨ

ᠲᠤᠬᠠᠢ ᠲᠣᠳᠣᠷᠬᠠᠶᠢᠯᠠᠯᠲᠠ ᠬᠢᠪᠡ᠃

        ᠬᠠᠤᠯᠢ ᠳᠤ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠢᠮᠠᠳᠤᠭᠠᠷ ᠬᠤᠷᠠᠯ ᠠᠴᠠ ᠲᠣᠭᠲᠠᠭᠠᠭᠰᠠᠨ ᠰᠤᠯᠠ ᠣᠷᠤᠯᠴᠠᠬᠤ ᠬᠥᠮᠥᠰ ᠪᠣᠯᠣᠨ

ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ

ᠣᠷᠣᠯᠴᠠᠵᠤ ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠵᠠᠢ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ