ᠮᠠᠨ ᠤ ᠣᠷᠣᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠣᠶᠢᠮᠤ︾ ᠶᠢᠨ ᠪᠦᠷᠢᠨ ᠢᠵᠢᠲᠦ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢ ᠤᠷᠢᠳ ᠢᠶᠠᠷ ᠪᠠᠶᠢᠭᠤᠯᠪᠠ
ᠨᠡᠶᠢᠲᠡᠯᠡᠭᠰᠡᠨ ᠴᠠᠭ᠄
2024/10/16
      ᠡᠨᠡ ᠵᠢᠯ ᠠᠴᠠ ᠨᠠᠭᠠᠰᠢ᠂ ᠰᠤᠷᠭᠠᠨ ᠬᠥᠮᠦᠵᠢᠯ ᠤᠨ ᠲᠢᠩᠭᠢᠮ ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︽ ᠵᠢᠱᠢᠶ᠎ᠡ ᠦᠵᠡᠭᠦᠯᠬᠦ ᠰᠢᠯᠭᠠᠷᠠᠭᠰᠠᠨ ᠪᠠᠭᠰᠢ︾ ᠨᠠᠷ ᠢ ᠵᠣᠬᠢᠶᠠᠨ ᠪᠠᠶᠢᠭᠤᠯᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠣᠶᠢᠮᠤ︾ ᠶᠢᠨ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠣᠭᠤᠷᠢᠨ ᠳᠤ ᠪᠦᠷᠢᠨ ᠢᠵᠢᠲᠦ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠣᠳᠣ ᠨᠢᠭᠡᠨᠲᠡ ᠰᠦᠯᠵᠢᠶᠡᠨ ᠳᠤ ᠭᠠᠷᠭᠠᠪᠠ᠃ ᠲᠣᠰ ᠡᠬᠢ ᠪᠠᠶᠠᠯᠢᠭ ᠤᠨ ᠬᠥᠮᠥᠷᠭᠡ ᠨᠢ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠵᠢᠷᠤᠭ ᠲᠥᠯᠥᠪᠯᠡᠭᠡ ᠶᠢᠨ ᠲᠠᠯ᠎ᠠ ᠪᠠᠷ᠂ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠂ ᠵᠢᠭᠠᠨ ᠰᠤᠷᠭᠠᠯᠲᠠ ᠶᠢᠨ ᠵᠥᠭᠡᠯᠡᠨ ᠲᠣᠨᠤᠭ᠂ ᠵᠢᠭᠠᠨ ᠰᠤᠷᠭᠠᠯᠲᠠ ᠶᠢᠨ ᠲᠤᠰᠠᠯᠠᠬᠤ ᠸᠢᠳᠢᠤ᠋ ᠦᠢᠯᠡᠳᠬᠦ ᠵᠢᠴᠢ ᠵᠢᠭᠠᠨ ᠰᠤᠷᠭᠠᠯᠲᠠ ᠶᠢᠨ ᠬᠡᠷᠡᠭ ᠤᠨ ᠵᠢᠱᠢᠶ᠎ᠡ ᠬᠢᠭᠡᠳ ᠵᠠᠳᠠᠯᠤᠯᠲᠠ᠂ ᠵᠢᠭᠠᠨ ᠰᠤᠷᠭᠠᠯᠲᠠ ᠶᠢᠨ ᠦᠨᠡᠯᠡᠯᠲᠡ ᠪᠠ ᠦᠢᠯᠡᠳᠦᠯᠭᠡ ᠶᠢᠨ ᠵᠢᠭᠠᠨ ᠰᠤᠷᠭᠠᠯᠲᠠ ᠵᠡᠷᠭᠡ ᠵᠢᠷᠭᠤᠭᠠᠨ ᠲᠥᠷᠥᠯ ᠤᠨ 183 ᠬᠤᠪᠢ ᠡᠬᠢ ᠪᠠᠶᠠᠯᠢᠭ ᠢ ᠬᠠᠮᠤᠷᠴᠤ᠂ ᠵᠢᠭᠠᠬᠤ ᠮᠠᠲ᠋ᠧᠷᠢᠶᠠᠯ ᠤᠨ ᠠᠭᠤᠯᠭ᠎ᠠ ᠶᠢ ᠵᠢᠭᠠᠨ ᠰᠤᠷᠭᠠᠯᠲᠠ ᠶᠢᠨ ᠠᠭᠤᠯᠭ᠎ᠠ ᠪᠣᠯᠭᠠᠨ᠂ ᠲᠧᠺᠰᠲ᠂ ᠵᠢᠷᠤᠭ ᠳᠦᠷᠰᠦ ᠂ ᠠᠦ᠋ᠳᠢᠣ᠋ ᠸᠢᠳᠢᠣ᠋ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠵᠦ ᠪᠣᠯᠬᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ︽ᠭᠤᠣᠯ ᠲᠣᠭᠤᠭᠠᠨ ᠬᠡᠷ︾ ᠢ ᠪᠠᠶᠢᠭᠤᠯᠪᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ