ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠣᠨᠴᠠ ᠶᠡᠭᠡ ᠬᠡᠷᠡᠭ ᠤᠨ ᠳᠠᠩᠰᠡ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2024/10/17
          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                                     271 ᠳ᠋ᠦ᠋ᠭᠡᠷ ᠲᠣᠭᠠᠲᠤ       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠣᠨᠴᠠ ᠶᠡᠭᠡ ᠬᠡᠷᠡᠭ ᠤᠨ ᠳᠠᠩᠰᠡ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠶᠢ 2024 ᠣᠨ ᠤ 9 ᠳ᠋ᠦ᠋ᠭᠡᠷ ᠰᠠᠷ᠎ᠠ ᠶᠢᠨ 4 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 23 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ  ᠸᠠᠩ ᠯᠢ ᠰᠢᠶᠠ                                             2024 ᠣᠨ ᠤ 9 ᠳ᠋ᠦ᠋ᠭᠡᠷ ᠰᠠᠷ᠎ᠠ ᠶᠢᠨ 11 ᠤ ᠡᠳᠦᠷ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠣᠨᠴᠠ ᠶᠡᠭᠡ ᠬᠡᠷᠡᠭ ᠤᠨ ᠳᠠᠩᠰᠡ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ       ︵2024 ᠣᠨ ᠤ 9 ᠳ᠋ᠦ᠋ᠭᠡᠷ ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 271 ᠳ᠋ᠦ᠋ᠭᠡᠷ ᠲᠣᠭᠠᠲᠤ ᠪᠠᠷ ᠨᠡᠶᠢᠲᠡᠯᠡᠪᠡ︶       ᠨᠢᠭᠡᠳᠦᠭᠡᠷ ᠵᠦᠢᠯ  ᠬᠦᠨᠳᠦ ᠣᠨᠴᠠ ᠶᠡᠭᠡ ᠬᠡᠷᠡᠭ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠂ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠤᠨ ᠠᠵᠢᠯ ᠤᠨ ᠵᠢᠷᠤᠮᠵᠢᠬᠤ᠂ ᠬᠠᠤᠯᠢᠵᠢᠬᠤ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷᠠᠬᠢ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ᠂ ᠠᠰᠢᠭᠯᠠᠬᠤ ᠵᠢᠴᠢ ᠲᠡᠭᠦᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯᠯᠠᠭ᠎ᠠ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃      ᠭᠤᠷᠪᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠭᠡᠳᠡᠭ ᠨᠢ ᠪᠠᠶᠢᠭᠠᠯᠢ ᠶᠢᠨ ᠭᠠᠮᠰᠢᠭ᠂ ᠠᠳᠡᠯ ᠤᠨ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠶᠠᠪᠤᠴᠠ ᠳᠤ ᠪᠦᠷᠢᠯᠳᠦᠭᠰᠡᠨ ᠬᠠᠳᠠᠭᠠᠯᠠᠬᠤ ᠦᠨ᠎ᠡ ᠥᠷᠳᠡᠭ ᠲᠠᠢ ᠲᠡᠦᠬᠡ ᠶᠢᠨ ᠲᠡᠮᠳᠡᠭᠯᠡᠯ ᠢ ᠵᠢᠭᠠᠵᠤ ᠪᠤᠢ᠃      ᠳᠥᠷᠪᠡᠳᠦᠭᠡᠷ ᠵᠦᠢᠯ  ᠬᠦᠨᠳᠦ ᠣᠨᠴᠠ ᠶᠡᠭᠡ ᠬᠡᠷᠡᠭ ᠤᠨ ᠳᠠᠩᠰᠠ ᠡᠪᠬᠡᠮᠡᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠵᠤ᠂ ᠨᠠᠮ ᠤᠨ ᠱᠤᠭᠤᠮ ᠴᠢᠭᠯᠡᠯᠲᠡ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠤᠳᠤᠷᠢᠳᠤᠯᠭ᠎ᠠ ᠶᠢ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠤᠨ ᠠᠵᠢᠯ ᠤᠨ ᠡᠯ᠎ᠡ ᠲᠠᠯ᠎ᠠ ᠪᠠ ᠡᠯ᠎ᠡ ᠭᠤᠭᠴᠣᠭᠠᠨ ᠳᠤ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ᠂ ᠲᠦᠷᠦᠯ ᠬᠤᠪᠢᠶᠠᠨ ᠬᠡᠷᠡᠭᠵᠢᠭᠦᠯᠬᠦ᠂ ᠨᠢᠭᠡᠳᠦᠯᠲᠡᠢ ᠲᠥᠯᠥᠪᠯᠡᠨ ᠬᠠᠮᠵᠢᠯᠴᠠᠬᠤ ᠵᠠᠷᠴᠢᠮ ᠢ ᠵᠢᠷᠤᠮᠯᠠᠬᠤ ᠬᠡᠷᠡᠭᠲᠡᠢ᠃      ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠠᠮᠢᠶ᠎ᠠ ᠪᠦᠬᠦᠢ ᠵᠠᠷᠤᠳᠠᠯ ᠢ ᠨᠢᠭᠡᠳᠦᠯᠲᠡᠢ ᠲᠥᠯᠥᠪᠯᠡᠨ ᠠᠰᠢᠭᠯᠠᠵᠤ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠦᠨᠳᠦ ᠣᠨᠴᠠ ᠶᠡᠭᠡ ᠬᠡᠷᠡᠭ ᠢ ᠠᠷᠭᠠᠴᠠᠭᠠᠨ ᠬᠠᠮᠢᠶᠠᠷᠬᠤ ᠲᠠᠯ᠎ᠠ ᠶᠢᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠭᠰᠠᠨ ᠪᠠᠶᠢᠪᠠᠯ᠂ ᠳᠠᠩᠰᠠ ᠡᠪᠬᠡᠮᠡᠯ ᠤᠨ ᠰᠠᠯᠠᠭ᠎ᠠ ᠮᠥᠴᠢᠷ ᠢ ᠪᠦᠷᠢᠯᠳᠦᠭᠦᠨ ᠨᠢᠭᠡᠴᠢ ᠪᠠᠷ ᠵᠢᠭᠰᠠᠭᠠᠬᠤ ᠬᠡᠷᠡᠭᠲᠡᠢ᠃     ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠲᠠᠩᠰᠠ ᠡᠪᠬᠡᠮᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠳᠣᠲᠣᠷᠠᠬᠢ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠤᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠢ ᠬᠠᠷᠢᠭᠤᠴᠠᠨ᠎ᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠰᠢᠰᠲ᠋ᠧᠮ ᠤᠨ ᠢᠶᠠᠨ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠤᠨ ᠠᠵᠢᠯ ᠢ ᠵᠢᠭᠠᠨ ᠵᠢᠯᠤᠭᠤᠳᠬᠤ ᠬᠡᠷᠡᠭᠲᠡᠢ᠃     ᠳᠣᠯᠣᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠲᠤᠰᠬᠠᠢ ᠪᠠᠶᠢᠭᠤᠯᠤᠭᠰᠠᠨ ᠲᠥᠷ ᠴᠠᠭ ᠤᠨ ᠪᠠᠶᠢᠭᠤᠯᠤᠮᠵᠢ ᠨᠤᠭᠤᠳ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠬᠠᠳᠠᠭᠠᠯᠠᠨ ᠬᠠᠮᠢᠶᠠᠷᠬᠤ ᠪᠠ ᠠᠰᠢᠭᠯᠠᠬᠤ ᠠᠵᠢᠯ ᠢ ᠬᠠᠷᠢᠭᠤᠴᠠᠬᠤ ᠶᠢᠨ ᠬᠠᠮᠲᠤ᠂ ᠲᠣᠭᠲᠠᠭᠠᠯ ᠶᠣᠰᠣᠭᠠᠷ ᠲᠠᠩᠰᠠ ᠡᠪᠬᠡᠮᠡᠯ ᠤᠨ ᠰᠠᠩ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃     ᠨᠠᠢᠮᠠᠳᠤᠭᠠᠷ ᠵᠦᠢᠯ  ᠡᠯ᠎ᠡ ᠱᠠᠲᠤᠨ ᠤ ᠡᠯ᠎ᠡ ᠲᠥᠷᠥᠯ ᠤᠨ ᠲᠠᠩᠰᠠ ᠡᠪᠬᠡᠮᠡᠯ ᠤᠨ ᠰᠠᠩ ᠨᠢ ᠬᠤᠪᠢᠳᠠᠨ ᠬᠠᠮᠢᠶᠠᠷᠴᠤ ᠪᠦᠬᠦᠢ ᠬᠡᠪᠴᠢᠶᠡᠨ ᠳᠠᠬᠢ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠢ ᠭᠥᠯᠢᠶᠡᠨ ᠠᠪᠴᠤ ᠴᠤᠭᠯᠠᠭᠤᠯᠬᠤ᠂ ᠲᠥᠪᠯᠡᠷᠡᠭᠦᠯᠵᠦ ᠬᠠᠳᠠᠭᠠᠯᠠᠨ ᠬᠠᠮᠢᠶᠠᠷᠬᠤ᠂ ᠨᠠᠶᠢᠷᠠᠭᠤᠯᠤᠨ ᠰᠤᠳᠤᠯᠵᠤ ᠨᠡᠭᠡᠭᠡᠨ ᠬᠥᠭᠵᠢᠭᠦᠯᠬᠦ ᠪᠠ ᠬᠠᠩᠭᠠᠨ ᠠᠰᠢᠭᠯᠠᠭᠤᠯᠬᠤ ᠵᠡᠷᠭᠡ ᠠᠵᠢᠯ ᠢ ᠬᠠᠷᠢᠭᠤᠴᠠᠨ᠎ᠠ᠃     ᠳᠠᠩᠰᠠ ᠡᠪᠬᠡᠮᠡᠯ ᠤᠨ ᠰᠠᠩ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠦᠨᠳᠦ ᠣᠨᠴᠠ ᠶᠡᠭᠡ ᠬᠡᠷᠡᠭ ᠤᠨ ᠳᠠᠩᠰᠠ ᠡᠪᠬᠡᠮᠡᠯ ᠤᠨ ᠠᠵᠢᠯ ᠳᠤ ᠤᠷᠢᠳᠴᠢᠯᠠᠨ ᠣᠷᠣᠯᠴᠠᠵᠤ᠂ ᠰᠡᠭᠦᠳᠡᠷᠯᠡᠬᠦ᠂ ᠳᠠᠭᠤ ᠰᠢᠩᠭᠡᠭᠡᠬᠦ᠂ ᠳᠦᠷᠰᠦ ᠰᠢᠩᠭᠡᠭᠡᠬᠦ ᠵᠡᠷᠭᠡ ᠠᠷᠭ᠎ᠠ ᠮᠠᠶ᠋ᠢᠭ ᠢᠶᠠᠷ ᠬᠦᠨᠳᠦ ᠣᠨᠴᠠ ᠶᠡᠭᠡ ᠬᠡᠷᠡᠭ ᠤᠨ ᠳᠠᠩᠰᠠ ᠡᠪᠬᠡᠮᠡᠯ ᠢ ᠰᠢᠭᠤᠳ ᠪᠦᠷᠢᠯᠳᠦᠭᠦᠯᠵᠦ ᠪᠣᠯᠣᠨ᠎ᠠ᠃     ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠨᠢᠭᠡᠴᠢ ᠨᠦᠭᠦᠳ ᠬᠦᠨᠳᠦ ᠣᠨᠴᠠ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠬᠤ ᠪᠠ ᠵᠠᠰᠠᠪᠤᠷᠢᠯᠠᠬᠤ ᠳᠤ ᠪᠠᠨ ᠲᠠᠩᠰᠠ ᠡᠪᠬᠡᠮᠡᠯ ᠤᠨ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠠᠩᠰᠠ ᠡᠪᠬᠡᠮᠡᠯ ᠤᠨ ᠪᠦᠷᠢᠯᠳᠦᠬᠦ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠬᠤ ᠠᠵᠢᠯ ᠤᠨ ᠪᠥᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ᠃     ᠠᠷᠪᠠᠳᠤᠭᠠᠷ ᠵᠦᠢᠯ  ᠬᠦᠨᠳᠦ ᠣᠨᠴᠠ ᠶᠡᠭᠡ ᠬᠡᠷᠡᠭ ᠭᠠᠷᠤᠭᠰᠠᠨ ᠤ ᠳᠠᠷᠠᠭ᠎ᠠ᠂ ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ ᠪᠠ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠤᠭᠤᠳ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠤᠨ ᠠᠵᠢᠯ ᠢ ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠠᠵᠢᠯ ᠯᠤᠭ᠎ᠠ ᠵᠡᠷᠭᠡ ᠪᠠᠷ ᠠᠬᠢᠭᠤᠯᠵᠤ᠂ ᠲᠠᠩᠰᠠ ᠡᠪᠬᠡᠮᠡᠯ ᠤᠨ ᠠᠵᠢᠯ ᠤᠨ ᠲᠥᠰᠥᠯ ᠢ ᠲᠣᠭᠲᠠᠭᠠᠵᠤ᠂ ᠲᠠᠩᠰᠠ ᠡᠪᠬᠡᠮᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠂ ᠪᠢᠴᠢᠭ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠱᠠᠭᠠᠷᠳᠠᠯᠭ᠎ᠠ᠂ ᠠᠵᠢᠯ ᠤᠨ ᠲᠠᠰ ᠳᠠᠷᠠᠭᠠᠯᠠᠯ ᠪᠠ ᠲᠠᠩᠰᠠ ᠡᠪᠬᠡᠮᠡᠯ ᠤᠨ ᠬᠠᠷᠢᠶᠠᠯᠠᠭᠳᠠᠯ ᠪᠠ ᠰᠢᠯᠵᠢᠯᠲᠡ ᠶᠢᠨ ᠬᠠᠨᠳᠤᠰᠢ ᠵᠡᠷᠭᠡ ᠶᠢ ᠲᠣᠳᠣᠷᠬᠠᠶᠢᠯᠠᠬᠤ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢᠶᠠᠨ ᠴᠠᠭ ᠲᠤᠬᠠᠢ ᠳᠤ ᠨᠢ ᠠᠳᠠᠯᠢ ᠱᠠᠲᠤᠨ ᠤ ᠲᠠᠩᠰᠠ ᠡᠪᠬᠡᠮᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ ᠲᠠᠩᠰᠠ ᠡᠪᠬᠡᠮᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠠᠵᠢᠯ ᠳᠤ ᠴᠠᠭ ᠲᠤᠬᠠᠢ ᠳᠤ ᠨᠢ ᠬᠢᠨᠠᠯᠲᠠ ᠲᠠᠯᠪᠢᠵᠤ᠂ ᠵᠢᠭᠠᠨ ᠵᠢᠯᠣᠭᠤᠳᠤᠯᠭ᠎ᠠ ᠬᠢᠬᠦ ᠬᠡᠷᠡᠭᠲᠡᠢ᠃    ᠠᠷᠪᠠᠨ ᠨᠢᠭᠡᠳᠦᠭᠡᠷ ᠵᠦᠢᠯ  ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠣᠷᠤᠯᠴᠠᠬᠤ ᠨᠢᠭᠡᠴᠢ ᠨᠢ ᠬᠦᠨᠳᠦ ᠣᠨᠴᠠ ᠶᠡᠭᠡ ᠬᠡᠷᠡᠭ ᠤᠨ ᠪᠢᠴᠢᠭ ᠮᠠᠲ᠋ᠧᠷᠢᠶᠠᠯ ᠢ ᠲᠤᠰ ᠨᠢᠭᠡᠴᠢ ᠶᠢᠨ ᠢᠶᠠᠨ ᠳᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ ᠪᠠ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ ᠤᠨ ᠬᠦᠰᠦᠨᠦᠭᠲᠦ ᠳᠤ ᠣᠷᠣᠭᠤᠯᠤᠨ ᠨᠢᠭᠡᠳᠦᠯᠲᠡᠢ ᠬᠠᠮᠢᠶᠠᠷᠬᠤ ᠬᠡᠷᠡᠭᠲᠡᠢ᠃ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠢ ᠬᠦᠨᠳᠦ ᠣᠨᠴᠠ ᠶᠡᠭᠡ ᠬᠡᠷᠡᠭ ᠤᠨ ᠪᠢᠴᠢᠭ ᠮᠠᠲ᠋ᠧᠷᠢᠶᠠᠯ ᠤᠨ ᠲᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ ᠪᠠ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ ᠤᠨ ᠬᠦᠰᠦᠨᠦᠭᠲᠦ ᠶᠢ ᠲᠣᠭᠲᠠᠭᠠᠵᠤ᠂ ᠲᠠᠩᠰᠠ ᠡᠪᠬᠡᠮᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃    ᠠᠷᠪᠠᠨ ᠬᠤᠶᠠᠳᠤᠭᠠᠷ ᠵᠦᠢᠯ  ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ ᠪᠠ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠤᠭᠤᠳ ᠬᠦᠨᠳᠦ ᠣᠨᠴᠠ ᠶᠡᠭᠡ ᠬᠡᠷᠡᠭ ᠤᠨ ᠠᠵᠢᠯ ᠤᠨ ᠡᠳᠦᠷ ᠤᠨ ᠲᠡᠮᠳᠡᠭᠯᠡᠯ ᠭᠠᠷᠭᠠᠵᠤ᠂ ᠬᠦᠨᠳᠦ ᠣᠨᠴᠠ ᠶᠡᠭᠡ ᠬᠡᠷᠡᠭ ᠢ ᠠᠷᠭᠠᠴᠠᠭᠠᠭᠰᠠᠨ ᠠᠵᠢᠯ ᠤᠨ ᠪᠠᠶᠢᠳᠠᠯ ᠢ ᠦᠨᠡᠨ ᠪᠣᠳᠠᠲᠠᠢ᠂ ᠪᠦᠬᠦ ᠲᠠᠯ᠎ᠠ ᠪᠠᠷ ᠲᠡᠮᠳᠡᠭᠯᠡᠬᠦ ᠬᠡᠷᠡᠭᠲᠡᠢ᠃    ᠬᠦᠨᠳᠦ ᠣᠨᠴᠠ ᠶᠡᠭᠡ ᠬᠡᠷᠡᠭ ᠤᠨ ᠠᠵᠢᠯ ᠤᠨ ᠡᠳᠦᠷ ᠤᠨ ᠲᠡᠮᠳᠡᠭᠯᠡᠯ ᠢ ᠡᠭᠦᠷᠢᠳᠡ ᠬᠠᠳᠠᠭᠠᠯᠠᠨ ᠬᠠᠮᠢᠶᠠᠷᠬᠤ ᠬᠡᠷᠡᠭᠲᠡᠢ᠃    ᠠᠷᠪᠠᠨ ᠭᠤᠷᠪᠠᠳᠤᠭᠠᠷ ᠵᠦᠢᠯ  ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠶᠠᠪᠤᠴᠠ ᠳᠤ ᠪᠦᠷᠢᠯᠳᠦᠭᠰᠡᠨ ᠳᠣᠣᠷ᠎ᠠ ᠵᠢᠭᠰᠠᠭᠠᠭᠰᠠᠨ ᠪᠢᠴᠢᠭ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠬᠡᠪᠴᠢᠶᠡᠨ ᠳᠤ ᠣᠷᠣᠭᠤᠯᠬᠤ ᠬᠡᠷᠡᠭᠲᠡᠢ᠄    ︵ᠨᠢᠭᠡ︶ ᠤᠳᠤᠷᠢᠳᠤᠯᠭ᠎ᠠ ᠶᠢᠨ ᠵᠢᠭᠠᠪᠤᠷᠢ᠂ ᠴᠣᠬᠤᠯᠠᠪᠤᠷᠢ᠂ ᠪᠠᠶᠢᠭᠤᠯᠤᠮᠵᠢ ᠪᠠᠶᠢᠭᠤᠯᠤᠭᠰᠠᠨ ᠵᠢᠴᠢ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠵᠡᠷᠭᠡ︔    ︵ᠬᠤᠶᠠᠷ︶ ᠠᠵᠢᠯ ᠤᠨ ᠳᠦᠷᠢᠮ᠂ ᠪᠡᠯᠡᠳᠬᠡᠯ ᠲᠥᠰᠥᠯ᠂ ᠲᠥᠰᠥᠯ᠂ ᠠᠵᠢᠯ ᠤᠨ ᠡᠳᠦᠷ ᠤᠨ ᠲᠡᠮᠳᠡᠭᠯᠡᠯ᠂ ᠮᠡᠳᠡᠭᠦᠯᠦᠯᠲᠡ᠂ ᠮᠡᠳᠡᠭᠦᠯᠦᠯᠲᠡ ᠶᠢᠨ ᠬᠦᠰᠦᠨᠦᠭᠲᠦ᠂ ᠲᠣᠪᠴᠢ ᠮᠡᠳᠡᠭᠡ᠂ ᠳ᠋ᠦᠩᠨᠡᠯᠲᠡ᠂ ᠬᠤᠷᠠᠯ ᠤᠨ ᠲᠡᠮᠳᠡᠭᠯᠡᠯ᠂ ᠲᠣᠮᠣ ᠠᠵᠢᠯ ᠶᠠᠪᠤᠳᠠᠯ ᠤᠨ ᠲᠡᠮᠳᠡᠭᠯᠡᠯ᠂ ᠤᠬᠠᠭᠤᠯᠭ᠎ᠠ ᠮᠡᠳᠡᠭᠡᠯᠡᠯ ᠵᠡᠷᠭᠡ︔    ︵ᠭᠤᠷᠪᠠ︶ ᠳᠠᠶᠢᠴᠢᠯᠠᠭᠰᠠᠨ᠂ ᠪᠠᠶᠢᠷᠢᠯᠠᠭᠤᠯᠤᠭᠰᠠᠨ᠂ ᠲᠣᠬᠢᠷᠠᠭᠤᠯᠤᠯᠲᠠ ᠬᠢᠭᠰᠡᠨ᠂ ᠱᠠᠩᠨᠠᠵᠤ ᠲᠣᠷᠭᠠᠭᠰᠠᠨ ᠵᠡᠷᠭᠡ︔    ︵ᠳᠥᠷᠪᠡ︶ ᠲᠤᠬᠠᠢ ᠶᠢᠨ ᠲᠠᠯᠠᠪᠤᠷ ᠲᠤ ᠬᠠᠶᠢᠨ ᠪᠠᠶᠢᠴᠠᠭᠠᠬᠤ ᠪᠠ ᠮᠡᠷᠭᠡᠵᠢᠯ ᠤᠨ ᠵᠠᠳᠠᠯᠤᠯᠲᠠ ᠬᠢᠭᠰᠡᠨ᠂ ᠭᠡᠷᠡᠴᠢ ᠠᠪᠤᠭᠰᠠᠨ᠂ ᠰᠢᠯᠭᠠᠨ ᠲᠣᠭᠲᠠᠭᠠᠭᠰᠠᠨ ᠵᠡᠷᠭᠡ︔    ︵ᠲᠠᠪᠤ︶ ᠭᠡᠷᠡᠯ ᠵᠢᠷᠤᠭ᠂ ᠲᠡᠭᠤ ᠰᠢᠩᠭᠡᠭᠡᠯᠲᠡ᠂ ᠳᠦᠷᠰᠦ ᠰᠢᠩᠭᠡᠭᠡᠯᠲᠡ ᠵᠡᠷᠭᠡ︔    ︵ᠵᠢᠷᠭᠤᠭ᠎ᠠ︶ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ᠂ ᠠᠯᠪᠠᠨ ᠶᠠᠪᠤᠳᠠᠯ ᠤᠨ ᠡᠯᠧᠺᠲᠷᠣᠨ ᠰᠢᠤᠳᠠᠨ ᠤ ᠵᠦᠢᠯ᠂ ᠰᠦᠯᠵᠢᠶᠡᠨ ᠬᠠᠭᠤᠳᠠᠰᠤᠨ ᠤ ᠮᠡᠳᠡᠭᠡ ᠵᠠᠩᠭᠢ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠮᠡᠳᠡᠭᠡ ᠵᠠᠩᠭᠢ᠂ ᠠᠮᠠᠨ ᠲᠣᠭᠠᠴᠢᠯᠲᠠ ᠶᠢ ᠴᠤᠭᠯᠠᠭᠤᠯᠤᠭᠰᠠᠨ ᠮᠡᠳᠡᠭᠡ ᠵᠠᠩᠭᠢ ᠵᠡᠷᠭᠡ︔    ︵ᠲᠤᠯᠤᠭ᠎ᠠ︶ ᠲᠠᠮᠠᠭ᠎ᠠ᠂ ᠲᠡᠮᠳᠡᠭ᠂ ᠭᠡᠷᠡᠴᠢ ᠪᠢᠴᠢᠭ᠂ ᠦᠨᠡᠮᠯᠡᠯ᠂ ᠳᠤᠷᠠᠰᠬᠠᠯ ᠤᠨ ᠳᠡᠪᠲᠡᠷ᠂ ᠳᠤᠷᠠᠰᠬᠠᠯ ᠤᠨ ᠲᠡᠮᠳᠡᠭ ᠵᠡᠷᠭᠡ︔    ︵ᠨᠠᠢᠮᠠ︶ ᠬᠠᠳᠠᠭᠠᠯᠠᠵᠤ ᠠᠰᠢᠭᠯᠠᠬᠤ ᠦᠨ᠎ᠡ ᠦᠷᠳᠡᠭ ᠪᠦᠬᠦᠢ ᠪᠤᠰᠤᠳ ᠪᠢᠴᠢᠭ ᠮᠠᠲ᠋ᠧᠷᠢᠶᠠᠯ᠃    ᠠᠷᠪᠠᠨ ᠳᠥᠷᠪᠡᠳᠦᠭᠡᠷ ᠵᠦᠢᠯ  ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ ᠪᠠ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠤᠭᠤᠳ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠢ ᠴᠤᠭᠯᠠᠭᠤᠯᠬᠤ ᠠᠵᠢᠯ ᠢ ᠡᠬᠢ ᠡᠭᠦᠰᠦᠯ ᠠᠴᠠ  ᠨᠢ ᠰᠠᠶᠢᠲᠤᠷ ᠠᠳᠬᠤᠵᠤ᠂ ᠲᠣᠭᠲᠠᠭᠠᠯ ᠶᠣᠰᠣᠭᠠᠷ ᠡᠯ᠎ᠡ ᠲᠦᠷᠦᠯ ᠤᠨ ᠪᠢᠴᠢᠭ ᠮᠠᠲ᠋ᠧᠷᠢᠶᠠᠯ ᠢ ᠪᠦᠷᠢᠯᠳᠦᠭᠦᠯᠬᠦ ᠪᠠ ᠦᠯᠡᠳᠡᠭᠡᠨ ᠬᠠᠳᠠᠭᠠᠯᠠᠵᠤ᠂ ᠬᠤᠷᠢᠶᠠᠪᠠᠰᠤ ᠵᠣᠬᠢᠬᠤ ᠪᠦᠬᠦᠨ ᠢ ᠬᠤᠷᠢᠶᠠᠵᠤ᠂ ᠣᠷᠣᠭᠤᠯᠪᠠᠰᠤ ᠵᠣᠬᠢᠬᠤ ᠪᠦᠬᠦᠨ ᠢ ᠣᠷᠣᠭᠤᠯᠬᠤ ᠬᠡᠷᠡᠭᠲᠡᠢ᠃    ᠠᠷᠪᠠᠨ ᠲᠠᠪᠤᠳᠤᠭᠠᠷ ᠵᠦᠢᠯ  ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ ᠪᠠ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠤᠭᠤᠳ ᠳᠠᠭᠤ ᠰᠢᠩᠭᠡᠭᠡᠯᠲᠡ᠂ ᠳᠦᠷᠰᠦ ᠰᠢᠩᠭᠡᠭᠡᠯᠲᠡ ᠪᠠ ᠪᠣᠳᠠᠲᠤ ᠶᠠᠭᠤᠮ᠎ᠠ ᠵᠡᠷᠭᠡ ᠶᠢᠨ ᠲᠠᠩᠰᠠ ᠡᠪᠬᠡᠮᠡᠯ ᠢ ᠴᠤᠭᠯᠠᠭᠤᠯᠬᠤ ᠪᠠᠨ ᠴᠢᠩᠭᠠᠳᠬᠠᠬᠤ ᠬᠡᠷᠡᠭᠲᠡᠢ᠃    ᠬᠦᠨᠳᠦ ᠣᠨᠴᠠ ᠶᠡᠭᠡ ᠬᠡᠷᠡᠭ ᠢ ᠤᠬᠠᠭᠤᠯᠤᠨ ᠮᠡᠳᠡᠭᠡᠯᠡᠬᠦ ᠶᠢ ᠬᠠᠷᠢᠭᠤᠴᠠᠭᠰᠠᠨ ᠰᠣᠨᠢᠨ ᠮᠡᠳᠡᠭᠡᠨ ᠤ ᠵᠠᠭᠤᠴᠢᠯᠠᠭᠤᠷ ᠨᠢ ᠮᠡᠳᠡᠭᠡᠯᠡᠬᠦ ᠠᠵᠢᠯᠯᠠᠭ᠎ᠠ ᠶᠢᠨ ᠳᠠᠭᠤᠰᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠪᠦᠷᠢᠯᠳᠦᠭᠰᠡᠨ ᠭᠡᠷᠡᠯ ᠵᠢᠷᠤᠭ᠂ ᠳᠠᠭᠤ ᠰᠢᠩᠭᠡᠭᠡᠯᠲᠡ᠂ ᠳᠦᠷᠰᠦ ᠰᠢᠩᠭᠡᠭᠡᠯᠲᠡ ᠵᠡᠷᠭᠡ ᠪᠠᠨ ᠬᠠᠮᠢᠶ᠎ᠠ ᠪᠦᠬᠦᠢ ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ ᠪᠤᠶᠤ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃    ᠠᠷᠪᠠᠨ ᠵᠢᠷᠭᠤᠳᠤᠭᠠᠷ ᠵᠦᠢᠯ  ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ᠂ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠪᠠ ᠳᠠᠩᠰᠠ ᠡᠪᠬᠡᠮᠡᠯ ᠤᠨ ᠰᠠᠩ ᠨᠤᠭᠤᠳ ᠬᠠᠨᠳᠢᠪᠯᠡᠬᠤ ᠶᠢ ᠬᠦᠯᠢᠶᠡᠨ ᠠᠪᠬᠤ᠂ ᠬᠤᠳᠠᠯᠳᠤᠨ ᠠᠪᠬᠤ᠂ ᠣᠷᠣᠯᠠᠨ ᠬᠠᠳᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠦᠨᠳᠦ ᠣᠨᠴᠠ ᠶᠡᠭᠡ ᠬᠡᠷᠡᠭ ᠤᠨ ᠳᠠᠩᠰᠠ ᠡᠪᠬᠡᠮᠡᠯ ᠢ ᠬᠤᠷᠢᠶᠠᠨ ᠴᠤᠭᠯᠠᠭᠤᠯᠵᠤ ᠪᠣᠯᠣᠨ᠎ᠠ᠃    ᠰᠠᠶᠢᠨ ᠳᠤᠷ᠎ᠠ ᠶᠢᠨ ᠦᠢᠯᠡᠴᠢᠯᠡᠭᠡᠨ ᠳᠤ ᠣᠷᠣᠯᠴᠠᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠬᠠᠮᠢᠶ᠎ᠠ ᠪᠦᠬᠦᠢ ᠲᠡᠮᠳᠡᠭᠯᠡᠯ ᠢᠶᠠᠨ ᠦᠯᠡᠳᠡᠭᠡᠨ ᠬᠠᠳᠠᠭᠠᠯᠠᠬᠤ ᠶᠢᠨ ᠬᠠᠮᠲᠤ ᠬᠠᠮᠢᠶ᠎ᠠ ᠪᠦᠬᠦᠢ ᠨᠢᠭᠡᠴᠢ ᠳᠤ ᠬᠠᠨᠳᠢᠪᠯᠡᠬᠤ ᠶᠢ ᠨᠢ ᠵᠣᠷᠢᠭᠵᠢᠭᠤᠯᠤᠨ᠎ᠠ᠃    ᠠᠷᠪᠠᠨ ᠳᠣᠯᠣᠳᠤᠭᠠᠷ ᠵᠦᠢᠯ  ᠬᠦᠨᠳᠦ ᠣᠨᠴᠠ ᠶᠡᠭᠡ ᠬᠡᠷᠡᠭ ᠤᠨ ᠲᠡᠮᠳᠡᠭᠯᠡᠯ ᠨᠢ ᠪᠦᠷᠢᠨ ᠪᠤᠰᠤ ᠪᠠᠶᠢᠪᠠᠯ᠂ ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ ᠪᠠ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠢ ᠵᠠᠭᠤᠴᠢᠯᠠᠭᠤᠷ ᠤᠨ ᠮᠡᠳᠡᠭᠡ ᠵᠠᠩᠭᠢ ᠶᠢ ᠴᠤᠭᠯᠠᠭᠤᠯᠬᠤ᠂ ᠠᠮᠠᠨ ᠲᠣᠭᠠᠴᠢᠯᠲᠠ ᠶᠢᠨ ᠮᠡᠳᠡᠭᠡ ᠵᠠᠩᠭᠢ ᠬᠤᠷᠢᠶᠠᠨ ᠰᠢᠩᠭᠡᠭᠡᠬᠦ᠂ ᠨᠡᠶᠢᠭᠡᠮ ᠳᠡᠭᠡᠷ᠎ᠡ ᠠᠴᠠ ᠬᠤᠷᠢᠶᠠᠨ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠠᠭ ᠲᠤᠬᠠᠢ ᠳᠤ ᠨᠢ ᠨᠥᠬᠦᠪᠦᠷᠢᠯᠡᠵᠦ ᠪᠣᠯᠣᠨ᠎ᠠ᠃    ᠠᠷᠪᠠᠨ ᠨᠠᠢᠮᠠᠳᠤᠭᠠᠷ ᠵᠦᠢᠯ  ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ ᠪᠠ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠤᠭᠤᠳ ᠬᠠᠷᠠᠭᠠᠯᠵᠠᠭᠰᠠᠨ ᠲᠦᠷᠦᠯ ᠤᠨ ᠲᠠᠩᠰᠠ ᠡᠪᠬᠡᠮᠡᠯ ᠢ ᠡᠮᠬᠢᠯᠡᠬᠦ ᠳᠦᠷᠢᠮ ᠶᠣᠰᠣᠭᠠᠷ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠢ ᠡᠮᠬᠢᠯᠡᠵᠦ᠂ ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠠᠵᠢᠯ ᠳᠠᠭᠤᠰᠤᠭᠰᠠᠨ ᠤ ᠲᠠᠷᠠᠭ᠎ᠠ ᠵᠢᠷᠭᠤᠭᠠᠨ ᠰᠠᠷ᠎ᠠ ᠶᠢᠨ ᠳᠣᠲᠣᠷ᠎ᠠ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ᠃    ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠢ ᠠᠵᠢᠯ ᠢᠶᠠᠨ ᠵᠣᠭᠰᠤᠭᠠᠬᠤ ᠠᠴᠠ ᠡᠮᠦᠨ᠎ᠡ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠠᠩᠰᠠ ᠡᠪᠬᠡᠮᠡᠯ ᠤᠨ ᠰᠠᠩ ᠳᠤ ᠳᠠᠩᠰᠠ ᠡᠪᠬᠡᠮᠡᠯ ᠢᠶᠠᠨ ᠰᠢᠯᠵᠢᠭᠦᠯᠦᠨ ᠲᠤᠰᠢᠶᠠᠬᠤ ᠬᠡᠷᠡᠭᠲᠡᠢ᠃    ᠠᠷᠪᠠ ᠶᠢᠰᠦᠳᠦᠭᠡᠷ ᠵᠦᠢᠯ  ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ ᠪᠠ ᠲᠤᠰᠬᠠᠢ ᠪᠠᠶᠢᠭᠤᠯᠤᠭᠰᠠᠨ ᠲᠥᠷ ᠴᠠᠭ ᠤᠨ ᠪᠠᠶᠢᠭᠤᠯᠤᠮᠵᠢ ᠨᠤᠭᠤᠳ ᠳᠠᠩᠰᠠ ᠡᠪᠬᠡᠮᠡᠯ ᠤᠨ ᠰᠠᠩ ᠳᠤ ᠳᠠᠩᠰᠠ ᠡᠪᠬᠡᠮᠡᠯ ᠢᠶᠠᠨ ᠰᠢᠯᠵᠢᠭᠦᠯᠦᠨ ᠲᠤᠰᠢᠶᠠᠬᠤ ᠳᠤ ᠪᠠᠨ ᠳᠠᠩᠰᠠ ᠡᠪᠬᠡᠮᠡᠯ ᠤᠨ ᠳ᠋ᠢᠵᠢᠲ᠋ᠠᠯᠵᠢᠭᠤᠯᠤᠭᠰᠠᠨ ᠦᠷ᠎ᠡ ᠪᠦᠲᠦᠭᠡᠯ ᠪᠤᠶᠤ ᠡᠯᠧᠺᠲᠷᠣᠨ ᠳᠠᠩᠰᠠ ᠡᠪᠬᠡᠮᠡᠯ ᠢᠶᠠᠨ ᠵᠡᠷᠭᠡ ᠳᠤ ᠨᠢ ᠰᠢᠯᠵᠢᠭᠦᠯᠦᠨ ᠲᠤᠰᠢᠶᠠᠬᠤ ᠬᠡᠷᠡᠭᠲᠡᠢ᠃    ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ ᠪᠠ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠤᠭᠤᠳ ᠲᠠᠩᠰᠠ ᠡᠪᠬᠡᠮᠡᠯ ᠤᠨ ᠰᠠᠩ ᠳᠤ ᠰᠢᠯᠵᠢᠭᠦᠯᠦᠨ ᠲᠤᠰᠢᠶᠠᠬᠤ ᠲᠠᠩᠰᠠ ᠡᠪᠬᠡᠮᠡᠯ ᠢ ᠴᠢᠯᠦᠭᠡᠲᠡᠢ ᠬᠢᠨᠠᠨ ᠬᠠᠷᠭᠤᠭᠤᠯᠬᠤ ᠶᠢᠨ ᠬᠠᠮᠲᠤ ᠰᠢᠯᠵᠢᠭᠦᠯᠦᠨ ᠲᠤᠰᠢᠶᠠᠬᠤ ᠦᠶ᠎ᠡ ᠳᠤ ᠰᠠᠨᠠᠯ ᠢᠶᠠᠨ ᠳᠠᠭᠠᠯᠳᠤᠭᠤᠯᠬᠤ ᠬᠡᠷᠡᠭᠲᠡᠢ᠃    ᠬᠤᠷᠢᠳᠤᠭᠠᠷ ᠵᠦᠢᠯ  ᠬᠦᠨᠳᠦ ᠣᠨᠴᠠ ᠶᠡᠭᠡ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠤᠯᠴᠠᠬᠤ ᠨᠢᠭᠡᠴᠢ᠂ ᠳᠠᠩᠰᠠ ᠡᠪᠬᠡᠮᠡᠯ ᠤᠨ ᠰᠠᠩ ᠪᠠ ᠲᠤᠰᠬᠠᠢ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ ᠨᠤᠭᠤᠳ ᠬᠦᠨᠳᠦ ᠣᠨᠴᠠ ᠶᠡᠭᠡ ᠬᠡᠷᠡᠭ ᠤᠨ ᠳᠠᠩᠰᠠ ᠡᠪᠬᠡᠮᠡᠯ ᠳᠠᠬᠢ ᠠᠶᠤᠯ ᠦᠭᠡᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠢ ᠬᠠᠳᠠᠭᠠᠯᠠᠬᠤ ᠳᠤ ᠲᠣᠬᠢᠷᠠᠮᠵᠢᠲᠠᠢ ᠬᠥᠮᠥᠷᠭᠡ ᠪᠠ ᠴᠢᠬᠤᠯᠠ ᠪᠦᠬᠦᠢ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠵᠤ᠂ ᠠᠶᠤᠯ ᠦᠭᠡᠢ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠢ᠃    ᠬᠤᠷᠢᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠳᠠᠩᠰᠠ ᠡᠪᠬᠡᠮᠡᠯ ᠤᠨ ᠰᠠᠩ ᠤᠨ ᠬᠢᠨ ᠬᠦᠨᠳᠦ ᠣᠨᠴᠠ ᠶᠡᠭᠡ ᠬᠡᠷᠡᠭ ᠤᠨ ᠳᠠᠩᠰᠠ ᠡᠪᠬᠡᠮᠡᠯ ᠢ ᠠᠰᠢᠭᠯᠠᠬᠤ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠰᠤᠳᠤᠯᠤᠨ ᠮᠠᠭᠠᠳᠯᠠᠵᠤ᠂ ᠲᠠᠩᠰᠠ ᠡᠪᠬᠡᠮᠡᠯ ᠢ ᠠᠰᠢᠭᠯᠠᠬᠤ ᠴᠤᠪᠤᠷᠠᠯ ᠢ ᠳᠥᠭᠦᠮᠴᠢᠯᠡᠨ ᠰᠢᠯᠢᠳᠡᠭᠵᠢᠭᠦᠯᠵᠦ᠂ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠢ ᠪᠠᠶᠢᠴᠠᠭᠠᠨ ᠯᠠᠪᠯᠠᠵᠤ ᠠᠰᠢᠭᠯᠠᠬᠤ ᠲᠦᠷᠭᠡᠨ ᠳᠠᠭᠠᠬᠤ ᠲᠣᠭᠲᠠᠴᠠ ᠶᠢ ᠪᠠᠶᠢᠭᠤᠯᠤᠨ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠤᠨ ᠮᠡᠳᠡᠭᠡ ᠵᠠᠩᠭᠢ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠵᠤ᠂ ᠲᠠᠩᠰᠠ ᠡᠪᠬᠡᠮᠡᠯ ᠢ ᠠᠰᠢᠭᠯᠠᠬᠤ ᠦᠢᠯᠡᠴᠢᠯᠡᠭᠡ ᠶᠢ ᠬᠠᠤᠯᠢ ᠶᠣᠰᠣᠭᠠᠷ᠂ ᠥᠨᠳᠥᠷ ᠦᠷ᠎ᠡ ᠪᠦᠲᠦᠮᠵᠢᠲᠡᠶ ᠪᠠᠷ ᠬᠠᠩᠭᠠᠬᠤ ᠬᠡᠷᠡᠭᠲᠡᠢ᠃    ᠬᠤᠷᠢᠨ ᠬᠤᠶᠠᠳᠤᠭᠠᠷ ᠵᠦᠢᠯ  ᠡᠯ᠎ᠡ ᠱᠠᠲᠤᠨ ᠤ ᠡᠯ᠎ᠡ ᠲᠥᠷᠥᠯ ᠤᠨ ᠲᠠᠩᠰᠠ ᠡᠪᠬᠡᠮᠡᠯ ᠤᠨ ᠰᠠᠩ ᠪᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠪᠠᠨ ᠴᠢᠩᠭᠠᠷᠠᠭᠤᠯᠤᠨ᠂ ᠲᠠᠩᠰᠠ ᠡᠪᠬᠡᠮᠡᠯ ᠢ ᠨᠠᠶᠢᠷᠠᠭᠤᠯᠤᠨ ᠰᠤᠳᠤᠯᠬᠤ᠂ ᠬᠦᠨᠳᠦ ᠣᠨᠴᠠ ᠶᠡᠭᠡ ᠬᠡᠷᠡᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠥᠮᠥᠷᠭᠡ ᠶᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠩᠰᠠ ᠡᠪᠬᠡᠮᠡᠯ ᠤᠨ ᠠᠵᠢᠯ ᠤᠨ ᠲᠡᠦᠬᠡ ᠶᠢ ᠬᠠᠳᠠᠭᠠᠯᠠᠨ ᠵᠠᠰᠠᠭ ᠲᠤ ᠲᠤᠰᠠᠯᠠᠵᠤ ᠬᠥᠮᠥᠨ ᠢ ᠬᠥᠮᠥᠵᠢᠭᠦᠯᠬᠦ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃    ᠬᠤᠷᠢᠨ ᠭᠤᠷᠪᠠᠳᠤᠭᠠᠷ ᠵᠦᠢᠯ  ᠬᠦᠨᠳᠦ ᠣᠨᠴᠠ ᠶᠡᠭᠡ ᠬᠡᠷᠡᠭ ᠤᠨ ᠲᠠᠩᠰᠠ ᠡᠪᠬᠡᠮᠡᠯ ᠤᠨ ᠠᠵᠢᠯ ᠳᠤ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠷᠢᠨ ᠳᠥᠷᠪᠡᠳᠦᠭᠡᠷ ᠵᠦᠢᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠲᠡᠷᠡ ᠬᠦ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃    ᠬᠤᠷᠢᠨ ᠲᠠᠪᠤᠳᠤᠭᠠᠷ ᠵᠦᠢᠯ  ᠲᠣᠰ ᠠᠷᠭ᠎ᠠ ᠶᠢ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                      2024 ᠣᠨ ᠤ 9 ᠳ᠋ᠦ᠋ᠭᠡᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ        
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ