10 ᠳ᠋ᠤᠭᠠᠷ ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠰᠠᠯᠠᠭ᠎ᠠ ᠮᠥᠴᠢᠷ ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠵᠦ᠂ | ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠵᠤ ᠬᠦᠴᠦ ᠪᠠᠨ ᠬᠠᠮᠳᠤᠳᠬᠠᠨ ︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠᠷ ᠪᠠᠶᠢᠨ᠎ᠠ᠃ ᠬᠡᠷᠡᠭᠵᠢᠭᠦᠯᠬᠦ ᠨᠠᠷᠢᠨ ᠲᠦᠷᠢᠮ ᠳᠤ ᠡᠯ᠎ᠡ ᠲᠠᠯ᠎ᠠ ᠶᠢᠨ ᠬᠢᠨ ᠤ ᠢᠳᠡᠪᠬᠢᠲᠡᠢ ᠣᠷᠣᠯᠴᠠᠬᠤ ᠶᠢ | ᠵᠤᠷᠢᠭᠵᠢᠭᠤᠯᠤᠨ ᠳᠡᠮᠵᠢᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠵᠠᠭᠪᠤᠷ ᠲᠤ ᠰᠢᠨ᠎ᠡ ᠶᠢ ᠡᠭᠦᠳᠬᠦ᠂ ︽ᠬᠦᠳᠡᠯᠮᠦᠷᠢᠯᠡᠬᠦ ᠪᠠᠷ | ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠳᠡᠯᠭᠡᠷᠡᠭᠦᠯᠬᠦ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠠ ︽ᠤᠷᠢᠳ ᠢᠶᠠᠷ ᠵᠠᠷᠯᠠᠵᠤ ᠳᠠᠷᠠᠭ᠎ᠠ ᠨᠢ | ᠨᠥᠬᠦᠪᠥᠷᠢᠯᠡᠬᠦ︾ ᠵᠠᠭᠪᠤᠷ ᠢ ᠰᠦᠪᠡᠭᠴᠢᠯᠡᠨ ᠦᠷᠨᠢᠭᠦᠯᠬᠦ᠂ ᠨᠡᠶᠢᠲᠡ ᠶᠢᠨ ᠠᠰᠠᠷᠠᠮᠵᠢ ᠪᠠᠷ ᠡᠯᠡᠰᠦ ᠶᠢ ᠵᠠᠰᠠᠬᠤ ᠠᠷᠭ᠎ᠠ ᠵᠠᠮ ᠢ ᠥᠷᠭᠡᠳᠬᠡᠬᠦ ᠵᠡᠷᠭᠡ 15 ᠲᠠᠯ᠎ᠠ ᠪᠠᠷ 44 | ᠵᠤᠷᠪᠤᠰ ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠬᠡᠷᠡᠭᠵᠢᠭᠦᠯᠬᠦ ᠭᠤᠣᠯ ᠴᠣᠭᠴᠠ᠂ ᠠᠵᠢᠯᠯᠠᠬᠤ ᠶᠠᠪᠤᠴᠠ᠂ ᠠᠵᠢᠯ ᠤᠨ ᠱᠠᠭᠠᠷᠳᠠᠯᠭ᠎ᠠ᠂ | ᠬᠦᠴᠦᠨ ᠵᠦᠢᠯ ᠤᠨ ᠪᠠᠲᠤᠯᠠᠭ᠎ᠠ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠢᠨ ᠤ | ᠬᠦᠴᠦᠨ ᠢ ᠪᠦᠲᠦᠮᠵᠢᠲᠠᠢ ᠨᠢᠭᠲᠠᠷᠠᠭᠤᠯᠵᠤ ︽ᠤᠮᠠᠷᠠᠲᠦ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠦᠴᠦ ᠪᠠᠨ | ᠬᠠᠮᠳᠤᠳᠬᠠᠨ ᠰᠠᠶᠢᠲᠤᠷ ᠬᠢᠬᠦ ᠪᠤᠯᠤᠨ᠎ᠠ᠃ ᠡᠨᠡ ᠵᠢᠯ ᠠᠴᠠ ᠨᠠᠭᠠᠰᠢ᠂ ᠮᠠᠨ ᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠠᠯᠠᠪᠠᠶ ᠨᠡᠶᠢᠲᠡ | 1954 ᠲᠦᠮᠡᠨ ᠮᠥ ᠪᠠᠶᠢᠵᠦ᠂ ᠣᠨ ᠤ ᠶᠡᠷᠦᠩᠬᠡᠶ ᠡᠭᠦᠷᠭᠡ ᠶᠢᠨ 1730 ᠲᠦᠮᠡᠨ ᠮᠥ ᠶᠢᠨ 113% ᠶᠢ ᠪᠡᠶᠡᠯᠡᠭᠦᠯᠵᠦ᠂ ᠡᠭᠦᠷᠭᠡ ᠪᠠᠨ ᠤᠷᠢᠳᠴᠢᠯᠠᠨ | ᠳᠠᠪᠠᠭᠤᠯᠤᠨ ᠪᠡᠶᠡᠯᠡᠭᠦᠯᠪᠡ︔ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ ᠬᠥᠳᠡᠭᠡ | ᠲᠣᠰᠬᠤᠨ ᠤ ᠬᠥᠳᠡᠯᠮᠦᠷᠢ ᠬᠦᠴᠦᠨ ᠪᠣᠯᠬᠤ 57164 ᠬᠥᠮᠦᠨ ᠢ ᠲᠠᠲᠠᠨ ᠠᠵᠢᠯᠯᠠᠭᠤᠯᠵᠤ᠂ 39229 ᠲᠦᠮᠡᠨ ᠲᠥᠭᠦᠷᠢᠭ ᠤᠨ ᠬᠥᠳᠡᠯᠮᠦᠷᠢ ᠶᠢᠨ ᠬᠥᠯᠥᠰᠥ | ᠣᠯᠭᠤᠮᠵᠢ ᠣᠯᠭᠤᠵᠤ᠂ ᠬᠥᠮᠦᠨ ᠳᠤᠮᠳᠠᠴᠢ ᠶᠢᠨ ᠣᠷᠣᠯᠭ᠎ᠠ ᠶᠢ 6863 ᠲᠥᠭᠦᠷᠢᠭ ᠨᠡᠮᠡᠭᠳᠡᠭᠦᠯᠪᠡ᠃ ︵ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶ | | | |