ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠨᠡᠶᠢᠭᠡᠮ ᠤᠨ 8150ᠲᠦᠮᠡᠨ ᠲᠥᠭᠦᠷᠢᠭ ᠤᠨ ᠬᠠᠨᠳᠢᠪ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/10/31
      ᠮᠠᠨ ᠤ ᠣᠷᠣᠨ ︽ᠤᠯᠤᠰ ᠤᠨ ᠣᠷᠣᠭᠤᠯᠤᠯᠲᠠ ᠪᠠᠷ ᠭᠤᠤᠯ ᠪᠣᠯᠭᠠᠵᠤ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠠᠷ ᠬᠠᠪᠰᠤᠷᠤᠮᠵᠢ ᠪᠣᠯᠭᠠᠵᠤ᠂ ᠨᠡᠶᠢᠭᠡᠮ ᠤᠨ ᠬᠢᠨ ᠥᠷᠭᠡᠨ ᠢᠶᠠᠷ ᠣᠷᠣᠯᠴᠠᠬᠤ︾ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠤᠷᠢᠭᠵᠢᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠤᠷᠤᠯᠴᠠᠬᠤ ᠶᠢ ᠨᠢ ᠳᠡᠮᠵᠢᠵᠦ ᠪᠠᠶᠢᠨ᠎ᠠ᠃ 10 ᠳ᠋ᠤᠭᠠᠷ ᠰᠠᠷ᠎ᠠ ᠶᠢᠨ 28 ᠤ ᠡᠳᠦᠷ᠂ ᠡᠾᠦ᠋ᠢ ᠨᠧᠩ ᠬᠤᠪᠢ ᠡᠵᠡᠮᠳᠡᠭᠰᠡᠨ ᠪᠦᠯᠦᠭᠯᠡᠯ ᠠᠴᠠ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠲᠤ ᠬᠠᠨᠳᠢᠪᠯᠠᠭᠰᠠᠨ 4000 ᠲᠦᠮᠡᠨ ᠲᠥᠭᠦᠷᠢᠭ ᠤᠨ ᠪᠡᠯᠡ ᠮᠥᠩᠭᠦ ᠶᠢ ᠭᠤᠣᠯᠳᠠᠯᠭ᠎ᠠ ᠪᠣᠯᠬᠤ ᠣᠷᠣᠨ ᠪᠦᠰᠡ ᠳᠠᠬᠢ ᠡᠯᠡᠰᠣᠵᠢᠭ᠍ᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠤᠢ ᠶᠢ ᠳᠠᠷᠢᠵᠦ ᠣᠶᠢᠵᠢᠭᠤᠯᠬᠤ ᠳᠤ ᠬᠡᠷᠡᠭᠯᠡᠬᠦ ᠪᠠᠷ ᠪᠠᠶᠢᠨ᠎ᠠ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠦᠩᠭᠦᠨ ᠤ ᠨᠡᠶᠢᠭᠡᠮᠯᠢᠭ ᠤᠨ ᠬᠢᠨ ᠨᠡᠶᠢᠭᠡᠮ ᠤᠨ ᠬᠠᠨᠳᠢᠪ ᠢ 8150 ᠲᠦᠮᠡᠨ ᠲᠥᠭᠦᠷᠢᠭ ᠬᠦᠯᠢᠶᠡᠨ ᠠᠪᠤᠭᠰᠠᠨ ᠪᠠᠶᠢᠨ᠎ᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠢᠭᠡᠨᠲᠡ 1950 ᠲᠦᠮᠡᠨ ᠮᠥ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ 634 ᠲᠦᠮᠡᠨ ᠮᠥ ᠤᠶᠢᠵᠢᠭᠤᠯᠤᠨ᠂ 1864 ᠲᠦᠮᠡᠨ ᠮᠥ ᠡᠪᠡᠰᠦ ᠳᠠᠷᠢᠵᠤ᠂ ᠡᠭᠦᠷᠭᠡ ᠪᠠᠨ ᠴᠥᠮ ᠤᠷᠢᠳᠴᠢᠯᠠᠨ ᠳᠠᠪᠠᠭᠤᠯᠵᠤ ᠪᠡᠶᠡᠯᠡᠭᠦᠯᠪᠡ᠃     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ