ᠥᠪᠥᠷ ᠵᠠᠰᠠᠭ ᠲᠠᠷᠬᠠᠭᠠᠭᠰᠠᠨ ﹇2014﹈ 65 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | ᠥᠪᠥᠷ ᠵᠠᠰᠠᠭ ᠦᠰᠦᠭ ﹇2024﹈ 179 ᠳ᠋ᠦ᠋ᠭᠡᠷ ᠲᠣᠭᠠᠲᠤ | | ᠥᠪᠥᠷ ᠵᠠᠰᠠᠭ ᠲᠠᠷᠬᠠᠭᠠᠭᠰᠠᠨ ﹇2014﹈ 65 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 586 ᠳ᠋ᠤᠭᠠᠷ ᠲᠣᠭᠠᠲᠤ︶ ᠤᠨ | ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠢᠯ ᠤᠨ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2014﹈ 65 ᠳ᠋ᠤᠭᠠᠷ ᠲᠣᠭᠠᠲᠤ᠂ | ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ︽ᠮᠡᠳᠡᠭᠳᠡᠯ︾ ᠤᠨ ᠠᠷᠪᠠᠨ ᠭᠤᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠬᠢ ︽ᠠᠵᠢᠯᠲᠠᠨ ᠠᠵᠢᠯᠴᠢᠨ ᠠᠳᠡᠯ ᠭᠠᠷᠤᠭᠰᠠᠨ ᠠᠴᠠ ᠪᠣᠯᠵᠤ | ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ | ᠬᠠᠤᠯᠢ ᠶᠢᠨ ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ ᠡᠪᠡᠳᠴᠢᠨ ᠢᠶᠠᠷ ᠤᠨᠤᠰᠢᠯᠠᠭᠤᠯᠵᠤ᠂ ᠬᠢᠨᠠᠨ ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ | ᠠᠳᠡᠯ ᠳᠤ ᠭᠡᠮᠲᠦᠭᠰᠡᠨ ᠡᠳᠦᠷ ᠠᠴᠠ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠤᠯᠤᠭᠰᠠᠨ᠂ ᠬᠢᠨᠠᠨ ᠲᠣᠭᠲᠠᠭᠠᠯᠭᠠᠭᠰᠠᠨ ᠡᠳᠦᠷ ᠠᠴᠠ ᠡᠬᠢᠯᠡᠨ | 30 ᠠᠵᠢᠯᠯᠠᠬᠤ ᠡᠳᠦᠷ ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ ᠡᠷᠬᠡ ᠲᠠᠢ ᠨᠡᠶᠢᠭᠡᠮ ᠤᠨ ᠳᠠᠭᠠᠳᠬᠠᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ ᠦᠨᠡᠮᠰᠢᠭᠦᠯᠦᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠤᠨ᠎ᠠ︾ ᠭᠡᠳᠡᠭ ᠢ ︽ | ᠠᠵᠢᠯᠲᠠᠨ ᠠᠵᠢᠯᠴᠢᠨ ᠠᠳᠡᠯ ᠳᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ ᠨᠥᠯᠥᠭᠡᠨ ᠤ | ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ ᠡᠪᠡᠳᠴᠢᠨ ᠢᠶᠠᠷ ᠤᠨᠤᠰᠢᠯᠠᠭᠤᠯᠵᠤ᠂ ᠬᠢᠨᠠᠨ | ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ ᠠᠳᠡᠯ ᠳᠤ ᠭᠡᠮᠲᠦᠭᠰᠡᠨ ᠡᠳᠦᠷ ᠠᠴᠠ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠤᠯᠤᠭᠰᠠᠨ᠂ | ᠬᠢᠨᠠᠨ ᠲᠣᠭᠲᠠᠭᠠᠯᠭᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ | ᠡᠷᠬᠡ ᠲᠠᠢ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ ᠦᠨᠡᠮᠰᠢᠭᠦᠯᠦᠨ ᠲᠣᠭᠲᠠᠭᠠᠯᠭᠠᠬᠤ | ᠭᠤᠶᠤᠴᠢᠯᠠᠯ ᠢᠶᠠᠨ ᠳᠤᠷᠠᠳᠤᠨ᠎ᠠ᠃ ᠣᠨᠴᠠᠭᠠᠢ ᠪᠠᠶᠢᠳᠠᠯ ᠲᠣᠬᠢᠶᠠᠯᠳᠤᠪᠠᠯ᠂ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ | ᠵᠥᠪᠰᠢᠶᠡᠷᠡᠭᠦᠯᠦᠭᠡᠳ᠂ ᠭᠤᠶᠤᠴᠢᠯᠠᠬᠤ ᠴᠠᠭ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠣᠨ᠎ᠠ︾ ᠭᠡᠵᠦ ᠵᠠᠰᠠᠪᠤᠷᠢ ᠣᠷᠣᠭᠤᠯᠪᠠ᠃ | ᠬᠤᠶᠠᠷ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ | ᠲᠤᠯᠭᠠᠷᠠᠪᠠᠯ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ | ᠲᠠᠶᠢᠯᠪᠤᠷᠢᠯᠠᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | 2024 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |