| | ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ ᠤᠨ ᠵᠠᠷᠤᠯᠭ᠎ᠠ ᠠᠴᠠ ᠪᠣᠯᠤᠭᠰᠠᠨ ᠠᠵᠤ ᠠᠬᠤᠶ ᠶᠢᠨ ᠠᠶᠤᠯ | ᠲᠦᠭᠰᠢᠭᠦᠷᠢ ᠶᠢ ᠠᠷᠭᠠᠴᠠᠬᠤ ᠶᠢᠨ ᠲᠥᠯᠥᠭᠡ᠂ ᠤᠯᠤᠰ ᠠᠴᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ | ᠡᠮᠨᠡᠯᠭᠡ ᠶᠢᠨ ᠠᠪᠤᠷᠠᠨ ᠲᠤᠰᠠᠯᠠᠯᠳᠠ ᠭᠡᠬᠦ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ | ᠣᠯᠠᠨ ᠲᠦᠮᠡᠨ ᠤ ᠡᠮ ᠡᠮᠨᠡᠯᠭᠡ ᠶᠢᠨ ᠰᠦᠢᠳᠭᠡᠯ ᠤᠨ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ ︽ᠬᠦᠨᠳᠦ ᠡᠪᠡᠳᠴᠢᠨ ᠤ ᠳᠠᠭᠠᠳᠬᠠᠯ︾ ᠭᠡᠵᠦ ᠲᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ | ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ ᠰᠦᠢᠳᠭᠡᠯ ᠤᠨ ᠲᠦᠷᠢᠮ ᠤᠨ | ᠲᠣᠬᠢᠷᠠᠭᠤᠯᠤᠯᠲᠠ ᠶᠢ ᠤᠯᠠᠮ ᠴᠢᠨᠠᠬᠰᠢᠳᠠ ᠪᠠᠲᠤᠯᠠᠬᠤ ᠪᠣᠯᠤᠨ᠎ᠠ᠃ | ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂ ᠪᠠᠰᠠ ᠶᠠᠭᠠᠬᠢᠵᠦ ᠰᠦᠢᠳᠭᠡᠯ ᠲᠤᠰᠢᠶᠠᠬᠤ ᠪᠣᠶ︖ ᠲᠦᠷᠢᠮ ᠢ | ᠲᠤᠬᠳᠠᠭᠠᠬᠰᠠᠨ ᠠᠴᠠ ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠰᠠᠭᠠᠷ ᠭᠤᠶᠤᠴᠢᠯᠠᠨ ᠳᠠᠭᠠᠳᠬᠠᠯ ᠳᠤ ᠣᠷᠣᠬᠤ ᠴᠢᠬᠤᠯᠠ ᠥᠬᠡᠶ ᠪᠣᠯᠵᠣ᠂ | ᠪᠣᠶ ᠪᠥᠬᠦᠶ ᠰᠦᠢᠳᠭᠡᠯ ᠢ ᠲᠤᠰᠢᠶᠠᠵᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ | ᠲᠦᠮᠡᠨ ᠪᠤᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ ᠪᠣᠯᠬᠤᠷ ᠲᠤᠰᠠᠭᠠᠷ ᠰᠦᠢᠳᠭᠡᠯ ᠲᠤᠰᠢᠶᠠᠬᠤ ᠴᠢᠬᠤᠯᠠ ᠥᠬᠡᠶ ᠪᠣᠯᠵᠠᠶ᠃ | ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ 2012 ᠣᠨ ᠳᠤ ᠲᠤᠷᠰᠢᠯᠲᠠ ᠬᠢᠬᠦ ᠠᠵᠢᠯ ᠢ ᠡᠭᠢᠯᠡᠬᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ | ᠬᠡᠷᠡᠭᠵᠢᠭᠦᠯᠵᠡᠢ᠃ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖ ᠣᠳᠣᠬᠠᠨ ᠳᠤ᠂ ᠤᠯᠤᠰ ᠠᠴᠠ | ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ | ᠰᠠᠭᠤᠭᠠᠯᠢ ᠠᠷᠠᠳ ᠤᠨ ᠲᠦᠷᠦᠭᠦᠦ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ ᠥᠨᠳᠥᠷ ᠪᠠᠶᠢᠯᠭᠠᠵᠤ ᠪᠣᠯᠬᠤ ᠥᠬᠡᠶ᠂ | ᠲᠤᠰᠢᠶᠠᠬᠤ ᠬᠠᠷᠢᠴᠠᠯ ᠢ 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ︔ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ | ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠬᠦᠷᠭᠡᠨ᠎ᠡ᠃ ᠬᠦᠴᠢᠷᠳᠡᠯᠲᠡᠶ ᠬᠥᠮᠦᠰ ᠲᠤ ᠴᠢᠭᠯᠡᠭᠦᠯᠦᠨ᠂ | ᠤᠯᠤᠰ ᠠᠴᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠲᠦᠢᠯ ᠤᠨ ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠦᠨ ᠠᠮᠠ ᠶᠢᠨ | ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ | ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠬᠦᠴᠦᠨ ᠥᠬᠡᠶ ᠪᠣᠯᠭᠠᠨ᠎ᠠ᠃ ᠬᠦᠨᠳᠦ ᠡᠪᠡᠳᠴᠢᠨ ᠤ ᠳᠠᠭᠠᠳᠬᠠᠯ ᠢ | ᠬᠡᠷᠬᠢᠨ ᠲᠠᠰᠤᠯᠤᠨ ᠪᠣᠳᠣᠬᠤ ᠪᠤᠢ︖ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ ᠡᠮᠨᠡᠯᠭᠡ ᠶᠢᠨ | ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ ᠳᠠᠭᠠᠳᠬᠠᠯ ᠤᠨ ᠰᠦᠢᠳᠭᠡᠯ ᠤᠨ ᠬᠡᠰᠡᠭ ᠲᠤ ᠣᠷᠣᠭᠰᠠᠨ ᠪᠠᠶᠢᠪᠠᠯ᠂ | ︽ᠨᠢᠭᠡ ᠥᠷᠲᠡᠭᠡ ᠮᠠᠶ᠋ᠢᠭ︾ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ | ᠪᠥᠬᠦᠶ ᠣᠯᠭᠤᠮᠵᠢ ᠶᠢ ᠠᠶᠠᠨᠳᠠᠭᠠᠨ ᠬᠦᠷᠳᠡᠭᠦ ᠪᠤᠯᠤᠨ᠎ᠠ᠂ ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ | ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ ᠪᠠᠰᠠ ᠲᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖ ᠬᠦᠨᠳᠦ | ᠡᠪᠡᠳᠴᠢᠨ ᠤ ᠳᠠᠭᠠᠳᠬᠠᠯ ᠤᠨ ᠲᠦᠷᠢᠮ ᠢ ᠲᠤᠬᠳᠠᠭᠠᠬᠰᠠᠨ ᠡᠬᠢᠨ ᠤ ᠦᠶ᠎ᠡ ᠳᠤ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ | ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠶ ᠳᠡᠮᠵᠢᠵᠦ᠂ ᠡᠮ | ᠡᠮᠨᠡᠯᠭᠡ ᠶᠢᠨ ᠳᠠᠭᠠᠳᠬᠠᠯ ᠤᠨ ᠬᠤᠷᠰᠢᠶ᠎ᠠ ᠶᠢᠨ ᠬᠤᠳᠠᠯᠳᠤᠭᠠᠴᠢᠨ ᠬᠠᠮᠳᠤᠷᠠᠨ ᠠᠵᠢᠯᠯᠠᠬᠤ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ ᠪᠦᠷᠢᠨᠰᠢᠭᠦᠯᠪᠡ᠃ | ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ | ᠬᠢᠯᠭᠡᠵᠦ ᠪᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠰᠠᠳ | ᠬᠤᠳᠠᠯᠳᠤᠭᠠᠨ ᠤ ᠳᠠᠭᠠᠳᠬᠠᠯ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ ᠬᠥᠮᠦᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ ᠰᠢᠯᠳᠠᠭᠠᠯᠠᠬᠳᠠᠨ᠎ᠠ᠃ | |