ᠲᠠᠯᠠᠳ ᠬᠤᠰᠢᠭᠤ ︽2024 ᠣᠨ ᠤ ᠪᠦᠭᠦ ᠤᠯᠤᠰ ᠤᠨ ᠰᠢᠶᠠᠨ ᠤ ᠬᠡᠪᠴᠢᠶᠡᠨ ᠤ ᠵᠤᠭᠠᠴᠠᠯ ᠤᠨ ᠬᠥᠭᠵᠢᠯᠲᠡ ᠶᠢᠨ ᠳᠠᠯᠳᠠ ᠬᠦᠴᠦᠨ ᠲᠠᠢ ᠵᠠᠭᠤᠨ ᠰᠢᠯᠢᠳᠡᠭ ᠰᠢᠶᠠᠨ︾ ᠤ ᠨᠡᠷᠡᠰ ᠲᠤ ᠵᠢᠭᠰᠠᠭᠠᠭᠳᠠᠵᠠᠢ
ᠨᠡᠶᠢᠲᠡᠯᠡᠭᠰᠡᠨ ᠴᠠᠭ᠄
2024/10/8
      ᠣᠶᠢᠷ᠎ᠠ ᠳᠤ᠂ ︽ᠪᠦᠭᠦ ᠤᠯᠤᠰ ᠤᠨ ᠰᠢᠶᠠᠨ ᠤ ᠬᠡᠪᠴᠢᠶᠡᠨ ᠤ ᠵᠤᠭᠠᠴᠠᠯ ᠤᠨ ᠬᠥᠭᠵᠢᠯᠲᠡ ᠶᠢᠨ ᠰᠤᠳᠤᠯᠭᠠᠨ ᠤ ᠮᠡᠳᠡᠭᠦᠯᠦᠯᠲᠡ 2024︾ ᠶᠢ ᠨᠡᠶᠢᠲᠡᠯᠡᠵᠦ ᠂ ᠮᠠᠨ ᠤ ᠬᠤᠲᠠ ᠶᠢᠨ ᠲᠠᠯᠠᠳ ᠬᠤᠰᠢᠭᠤ ︽2024 ᠣᠨ ᠤ ᠪᠦᠭᠦ ᠤᠯᠤᠰ ᠤᠨ ᠰᠢᠶᠠᠨ ᠤ ᠬᠡᠪᠴᠢᠶᠡᠨ ᠤ ᠵᠤᠭᠠᠴᠠᠯ ᠤᠨ ᠬᠥᠭᠵᠢᠯᠲᠡ ᠶᠢᠨ ᠳᠠᠯᠳᠠ ᠬᠦᠴᠦᠨ ᠲᠠᠢ ᠵᠠᠭᠤᠨ ᠰᠢᠯᠢᠳᠡᠭ ᠰᠢᠶᠠᠨ︾ ᠤ ᠨᠡᠷᠡᠰ ᠲᠤ ᠵᠢᠭᠰᠠᠭᠠᠭᠳᠠᠵᠠᠢ᠂ ᠡᠨᠡ ᠪᠣᠯ ᠲᠠᠯᠠᠳ ᠬᠤᠰᠢᠭᠤ ᠬᠤᠶᠠᠳᠠᠭᠢ ᠤᠳᠠᠭ᠎ᠠ ᠲᠤᠰ ᠨᠡᠷᠡᠰ ᠤᠨ ᠵᠢᠭᠰᠠᠭᠠᠯᠲᠠ ᠳᠤ ᠣᠷᠣᠵᠤ ᠪᠠᠶᠢᠭ᠎ᠠ ᠶᠤᠮ᠃ ᠣᠶᠢᠯᠠᠭᠠᠭᠰᠠᠨ ᠢᠶᠠᠷ᠂ 2024 ᠣᠨ ᠤ ᠪᠦᠭᠦ ᠤᠯᠤᠰ ᠤᠨ ᠰᠢᠶᠠᠨ ᠤ ᠬᠡᠪᠴᠢᠶᠡᠨ ᠤ ᠵᠤᠭᠠᠴᠠᠯ ᠤᠨ ᠰᠤᠳᠤᠯᠬᠤ ᠡᠲᠡᠭᠡᠳ ᠨᠢ ᠮᠠᠨ ᠤ ᠤᠯᠤᠰ ᠤᠨ 1866 ᠰᠢᠶᠠᠨ ᠪᠣᠯᠣᠨ᠎ᠠ᠂ ᠰᠢᠶᠠᠨ ᠤ ᠬᠡᠪᠴᠢᠶᠡᠨ ᠤ ᠵᠤᠭᠠᠴᠠᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠰᠤᠳᠤᠯᠭᠠᠨ ᠨᠢ ᠵᠤᠭᠠᠴᠠᠯ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ᠂ ᠵᠠᠰᠠᠭ ᠤᠨ ᠣᠷᠳᠣᠨ ᠤ ᠠᠬᠢᠭᠤᠯᠬᠤ ᠦᠢᠯᠡᠳᠦᠯ᠂ ᠵᠤᠭᠠᠴᠠᠯ ᠤᠨ ᠠᠵᠤ ᠦᠢᠯᠡᠰ ᠤᠨ ᠶᠡᠷᠦᠩᠬᠡᠶᠢᠯᠡᠨ ᠳᠠᠶᠢᠴᠢᠯᠠᠬᠤ ᠴᠢᠳᠠᠮᠵᠢ ᠵᠡᠷᠭᠡ 6 ᠲᠠᠯ᠎ᠠ ᠶᠢᠨ 32 ᠭᠦᠢᠴᠡᠳᠬᠡᠯ ᠲᠤᠭ᠎ᠠ ᠶᠢ ᠦᠨᠳᠦᠰᠦᠯᠡᠵᠦ ᠰᠤᠳᠤᠯᠭᠠᠨ ᠤ ᠲᠣᠭᠲᠠᠯᠴᠠᠭ᠎ᠠ ᠶᠢ ᠪᠠᠶᠢᠭᠤᠯᠵᠤ᠂ ᠶᠡᠷᠦᠩᠬᠡᠶᠢᠯᠡᠭᠰᠡᠨ ᠬᠤᠪᠢ ᠪᠠᠷ ᠡᠮᠦᠨ᠎ᠡ 100 ᠳᠤ ᠵᠢᠭᠰᠠᠭᠠᠭᠳᠠᠪᠠᠯ 2024 ᠣᠨ ᠤ ᠪᠦᠭᠦ ᠤᠯᠤᠰ ᠤᠨ ᠰᠢᠶᠠᠨ ᠤ ᠬᠡᠪᠴᠢᠶᠡᠨ ᠤ ᠵᠤᠭᠠᠴᠠᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ ᠬᠦᠴᠦᠷᠬᠡᠭ ᠰᠢᠶᠠᠨ ᠢᠶᠠᠷ ᠰᠣᠩᠭᠤᠭᠳᠠᠨ᠎ᠠ᠃      ᠲᠠᠯᠠᠳ ᠬᠤᠰᠢᠭᠤ ᠡᠯᠪᠡᠭ ᠳᠡᠯᠪᠡᠭ ᠵᠤᠭᠠᠴᠠᠯ ᠤᠨ ᠡᠬᠢ ᠪᠠᠶᠠᠯᠢᠭ ᠬᠢᠭᠡᠳ ᠭᠤᠶᠢᠳᠠ ᠰᠠᠶᠢᠬᠠᠨ ᠥᠩᠭᠡ ᠦᠵᠡᠮᠵᠢ ᠲᠠᠢ ᠪᠠᠶᠢᠳᠠᠭ ᠪᠣᠯᠬᠤᠷ ᠵᠤᠭᠠᠴᠠᠭᠰᠠᠳ ᠤᠨ ᠲᠠᠭᠠᠰᠢᠶᠠᠯ ᠢ ᠣᠯᠵᠤ᠂ ᠡ᠊ᠨᠳᠠ ᠬᠥᠳᠡᠭᠡ ᠨᠤᠲᠤᠭ ᠤᠨ ᠥᠩᠭᠡ ᠦᠵᠡᠮᠵᠢ ᠶᠢ ᠰᠣᠨᠢᠷᠬᠠᠵᠤ ᠪᠤᠯᠬᠤ ᠮᠥᠷᠲᠡᠭᠡᠨ ᠪᠠᠰᠠ ᠡᠯᠡᠰᠦᠨ ᠴᠥᠯ ᠤᠨ ᠵᠤᠭᠠᠴᠠᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠵᠤ ᠪᠤᠯᠬᠤ ᠶᠤᠮ᠃ ᠣᠶᠢᠷ᠎ᠠ ᠶᠢᠨ ᠵᠢᠯ ᠤᠳ ᠲᠤ᠂ ᠳᠠᠯᠠᠳ ᠬᠤᠰᠢᠭᠤ ︽ᠪᠡᠶ᠎ᠡ ᠶᠢᠨ ᠲᠠᠮᠢᠷ + ᠵᠤᠭᠠᠴᠠᠯ︾ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ 2024 ᠳᠠᠯᠠᠳ ᠤᠨ ᠬᠥᠪᠴᠢ ᠶᠢᠨ ᠡᠯᠡᠰᠦᠨ ᠴᠦᠯ ᠤᠨ ᠮᠠᠷᠠᠰᠤᠨ ᠤᠷᠤᠯᠳᠤᠭᠠᠨ ᠵᠡᠷᠭᠡ ᠪᠦᠭᠦ ᠤᠯᠤᠰ ᠤᠨ ᠴᠢᠨᠠᠷᠲᠠᠢ ᠤᠷᠤᠯᠳᠤᠭᠠᠨ ᠢ ᠵᠠᠯᠭᠠᠭ᠎ᠠ ᠪᠠᠷ ᠶᠠᠪᠤᠭᠳᠠᠭᠤᠯᠵᠤ᠂ ᠲᠤᠬᠠᠢ ᠶᠢᠨ ᠭᠠᠵᠠᠷ ᠤᠨ ᠨᠡᠷ᠎ᠡ ᠠᠯᠳᠠᠷᠰᠢᠯ ᠢ ᠳᠡᠭᠡᠭᠰᠢᠯᠡᠭᠦᠯᠦᠭᠰᠡᠨ ᠤ ᠬᠠᠮᠲᠤ ᠡᠯ᠎ᠡ ᠭᠠᠵᠠᠷ ᠤᠨ ᠵᠤᠭᠠᠴᠠᠭᠰᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ