| ᠨᠣᠭᠤᠭᠠᠨ ᠤᠰᠤᠲᠥ᠋ᠷᠥᠭᠴᠢ ᠶᠢᠨ ᠥᠪᠡᠷ ᠤᠨ ᠥᠷᠲᠡᠭ ᠪᠣᠯ ᠨᠣᠭᠤᠭᠠᠨ ᠤᠰᠤᠲᠥ᠋ᠷᠥᠭᠴᠢ ᠶᠢ ᠶᠡᠭᠡ ᠬᠡᠪᠴᠢᠶ᠎ᠡ ᠪᠠᠷ ᠬᠡᠷᠡᠭᠯᠡᠵᠦ ᠴᠢᠳᠠᠬᠤ ᠡᠰᠡᠬᠦ ᠲᠠᠢ | ᠬᠤᠯᠪᠣᠭᠳᠠᠬᠤ ᠵᠠᠩᠭᠢᠯᠠᠭ᠎ᠠ ᠶᠢᠨ ᠡᠯᠧᠮᠧᠨ᠋ᠲ ᠪᠣᠯᠤᠨ᠎ᠠ᠃ ᠫᠷᠤᠲ᠋ᠤᠨ ᠤ ᠰᠣᠯᠢᠯᠴᠠᠬᠤ ᠪᠦᠷᠬᠦᠭᠦᠯ ︵PEM︶ ᠴᠠᠬᠢᠯᠭᠠᠨ ᠵᠠᠳᠠᠯᠤᠯ ᠤᠨ ᠤᠰᠤ ᠪᠠᠷ | ᠤᠰᠤᠲᠥ᠋ᠷᠥᠭᠴᠢ ᠦᠢᠯᠡᠳᠬᠦ ᠳᠤ ᠬᠡᠷᠡᠭᠯᠡᠬᠦ ᠲᠦᠷᠭᠡᠳᠬᠡᠭᠦᠷ ᠨᠢ ᠶᠡᠷᠦᠳᠡᠭᠡᠨ ᠢᠷᠢᠳᠢ ᠵᠡᠷᠭᠡ ᠦᠨᠡᠲᠦ ᠲᠡᠮᠦᠷᠯᠢᠭ ᠠᠭᠤᠯᠵᠤ᠂ ᠲᠡᠭᠦᠨ ᠢ ᠬᠡᠪᠴᠢᠶᠡᠵᠢᠭᠦᠯᠦᠨ | ᠬᠡᠷᠡᠭᠯᠡᠬᠦ ᠶᠢ ᠬᠢᠵᠠᠭᠠᠷᠯᠠᠳᠠᠭ᠃ ᠳᠤᠤᠷ᠎ᠠ ᠢᠷᠢᠳᠢ ᠲᠦᠷᠭᠡᠳᠬᠡᠭᠦᠷ ᠢ ᠨᠡᠬᠡᠬᠡᠨ ᠠᠰᠢᠭᠯᠠᠬᠤ ᠵᠢᠴᠢ ᠳᠡᠭᠡᠳᠦ ᠵᠢᠭᠳᠡ ᠴᠢᠨᠠᠷ ᠤᠨ ᠪᠦᠭᠡᠮ ᠦᠢᠯᠡᠳᠬᠦ ᠮᠡᠷᠭᠡᠵᠢᠯ ᠪᠤᠯ | ᠮᠠᠨ ᠤ ᠤᠯᠤᠰ PEM ᠤᠰᠤᠳᠦ᠋ᠷᠦᠭᠴᠢ ᠦᠢᠯᠡᠳᠬᠦ ᠬᠦᠷᠢᠶᠡᠨ ᠳᠠᠬᠢ ᠬᠦᠨᠳᠦ ᠨᠤᠴᠢᠲᠠᠶ ᠳᠤᠲᠠᠭᠳᠠᠵᠤ ᠪᠠᠶᠢᠭ᠎ᠠ ᠵᠠᠩᠭᠢᠯᠠᠭ᠎ᠠ ᠶᠢᠨ ᠮᠡᠷᠭᠡᠵᠢᠯ ᠪᠤᠯᠤᠨ᠎ᠠ᠃ | ᠮᠠᠨ ᠤ ᠣᠷᠣᠨ ᠤ ᠥᠨᠳᠥᠷ ᠦᠷ᠎ᠡ ᠪᠦᠲᠦᠮᠵᠢ ᠪᠦᠬᠦᠢ ᠴᠠᠬᠢᠯᠭᠠᠨ ᠤᠰᠤᠲᠥ᠋ᠷᠥᠭᠴᠢ ᠶᠢᠨ ᠰᠤᠯᠢᠭᠳᠠᠯ ᠳᠤ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢᠨ ᠡᠭᠦᠷᠭᠡᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠲᠥᠷᠥᠯ ᠵᠦᠢᠯ — ᠥᠷᠭᠡᠨ ᠴᠢᠳᠠᠮᠵᠢ ᠶᠢᠨ | ᠬᠡᠯᠪᠡᠯᠵᠡᠯ ᠳᠤ ᠵᠣᠬᠢᠴᠠᠬᠤ ᠴᠢᠨᠠᠷᠲᠠᠶ ᠵᠠᠭᠤᠨ ᠺᠢᠯᠣᠸᠠᠲ ᠤᠨ ᠲᠠᠰ ᠤᠨ PEM ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠲᠤᠨᠤᠭ | ᠲᠥᠬᠦᠭᠡᠷᠦᠮᠵᠢ ᠶᠢ ᠨᠡᠭᠡᠭᠡᠨ ᠬᠥᠭᠵᠢᠭᠦᠯᠬᠦ ᠵᠢᠴᠢ ᠢᠨᠵᠧᠨᠧᠷᠢᠩᠵᠢᠭᠦᠯᠦᠨ ᠵᠢᠱᠢᠶ᠎ᠡ ᠦᠵᠡᠭᠦᠯᠦᠨ ᠬᠡᠷᠡᠭᠯᠡᠵᠦ᠂ ᠥᠪᠡᠷ ᠤᠨ ᠥᠷᠲᠡᠭ ᠢᠶᠠᠷ ᠳᠣᠤᠷ᠎ᠠ ᠲᠦᠷᠭᠡᠳᠬᠡᠭᠦᠷ ᠢ | ᠦᠢᠯᠡᠳᠴᠦ ᠪᠦᠲᠦᠭᠡᠬᠦ ᠲᠠᠯ᠎ᠠ ᠪᠠᠷ ᠴᠢᠬᠤᠯᠠ ᠠᠬᠢᠴᠠ ᠲᠠᠢ ᠪᠣᠯᠪᠠ᠃ ᠰᠤᠳᠤᠯᠭᠠᠨ ᠤ ᠪᠥᠯᠬᠦᠮ ᠤᠨ ᠬᠢᠨ ᠳᠣᠣᠷ᠎ᠠ ᠢᠷᠢᠳᠢ ᠶᠢᠨ ᠬᠠᠶᠢᠯᠤᠰᠢ ᠶᠢᠨ ᠨᠠᠨᠤ᠋ ᠶᠢᠨ | ᠪᠦᠮᠪᠦᠭᠡᠯᠢᠭ ᠲᠦᠷᠭᠡᠳᠬᠡᠭᠦᠷ ᠢ ᠨᠡᠭᠡᠭᠡᠨ ᠬᠦᠭᠵᠢᠭᠦᠯᠪᠡ᠂ ᠦᠨᠡᠲᠦ ᠲᠡᠮᠦᠷᠯᠢᠭ ᠢᠷᠢᠳᠢ ᠶᠢᠨ ᠬᠡᠷᠡᠭᠯᠡᠬᠦ ᠬᠡᠮᠵᠢᠶ᠎ᠡ ᠨᠢ ᠵᠥᠪᠬᠡᠨ ᠬᠤᠳᠠᠯᠳᠤᠭᠠᠨ ᠤ ᠴᠠᠬᠢᠯᠭᠠᠨ ᠵᠠᠳᠠᠯᠤᠭ | ᠣᠩᠭᠤᠴᠠ ᠶᠢᠨ 1/4 ᠯᠡ ᠪᠠᠶᠢᠵᠤ᠂ ᠳᠠᠷᠤᠢ ᠬᠡᠳᠦ ᠥᠨᠳᠥᠷ ᠢᠳᠡᠪᠬᠢᠲᠦ ᠴᠢᠨᠠᠷ ᠪᠠ ᠲᠣᠭᠲᠠᠪᠤᠷᠢᠲᠤ ᠴᠢᠨᠠᠷ ᠢ ᠪᠡᠶᠡᠯᠡᠭᠦᠯᠵᠦ ᠪᠤᠯᠤᠨ᠎ᠠ᠃ ᠣᠳᠣᠬᠠᠨ ᠳᠤ | ᠰᠤᠳᠤᠯᠭᠠᠨ ᠤ ᠪᠦᠯᠬᠦᠮ ᠶᠢᠨ ᠬᠢᠨ ᠶᠠᠭ ᠳᠡᠭᠡᠳᠦ ᠵᠢᠭᠳᠡ ᠴᠢᠨᠠᠷ ᠲᠠᠢ ᠪᠥᠭᠡᠮ ᠢᠶᠠᠷ ᠲᠤᠮᠤᠷᠠᠭᠤᠯᠤᠨ ᠦᠢᠯᠡᠳᠬᠦ ᠮᠡᠷᠭᠡᠵᠢᠯ ᠢ ᠶᠠᠭ ᠥᠷᠨᠢᠭᠦᠯᠵᠦ ᠪᠤᠢ᠂ ᠨᠢᠭᠡᠨᠲᠡ | ᠣᠯᠠᠨ ᠳᠡᠰ ᠤᠨ ᠤᠷᠪᠠᠯ ᠤᠨ ᠲᠣᠭᠤᠭ᠎ᠠ ᠶᠢ ᠵᠢᠷᠤᠵᠤ ᠲᠥᠯᠥᠪᠯᠡᠬᠦ ᠪᠠ ᠪᠣᠯᠪᠠᠰᠤᠷᠠᠭᠤᠯᠬᠤ ᠶᠢ ᠠᠩᠬ᠎ᠠ ᠠᠯᠬᠤᠮ ᠪᠡᠶᠡᠯᠡᠭᠦᠯᠦᠭᠰᠡᠨ ᠪᠠᠶᠢᠨ᠎ᠠ᠃ ᠲᠣᠰ ᠮᠡᠷᠭᠡᠵᠢᠯ ᠤᠨ | ᠰᠢᠪᠲᠤᠯᠤᠯᠲᠠ ᠨᠢ PEM ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ᠶᠢᠨ ᠥᠪᠡᠷ ᠤᠨ ᠥᠷᠲᠡᠭ ᠢ ᠢᠯᠡᠳᠲᠡ ᠪᠠᠭᠤᠷᠠᠭᠤᠯᠵᠤ᠂ ᠤᠰᠤᠲᠥ᠋ᠷᠥᠭᠴᠢ ᠦᠢᠯᠡᠳᠬᠦ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠤᠯᠤᠨ᠎ᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ | |