︽ᠲᠠᠪᠤᠨ ᠵᠢᠯ ᠳᠠᠷᠠᠭᠠᠯᠠᠨ ᠠᠯᠳᠠᠪᠤᠷᠢ ᠲᠠᠢ ᠠᠵᠤ ᠠᠬᠤᠶᠢᠯᠠᠯ᠂ ᠭᠤᠷᠪᠠᠨ ᠵᠢᠯ ᠳᠠᠷᠠᠭᠠᠯᠠᠨ ᠠᠯᠳᠠᠪᠤᠷᠢ ᠲᠠᠢ ᠪᠥᠭᠡᠳ ᠨᠢᠭᠡᠳᠦᠭᠡᠷ ᠳᠡᠰ ᠤᠨ ᠠᠵᠤ | ᠠᠬᠤᠶᠢᠯᠠᠯ ᠤᠨ ᠭᠤᠤᠯ ᠦᠢᠯᠡᠰ ᠤᠨ ᠬᠡᠪᠴᠢᠶᠡᠨ ᠳᠤ ᠦᠯᠦ ᠬᠠᠷᠢᠶᠠᠯᠠᠭᠳᠠᠬᠤ ᠠᠵᠤ ᠠᠬᠤᠶᠢᠯᠠᠯ᠂ ᠬᠥᠷᠥᠩᠭᠡ ᠶᠢᠨ ᠥᠷᠢᠲᠦᠯ ᠤᠨ ᠨᠣᠷᠮ᠎ᠠ ᠨᠢ 75 % ᠶᠢ | ᠲᠠᠪᠠᠭᠰᠠᠨ ᠡᠵᠡᠩᠨᠡᠯᠲᠡ ᠶᠢᠨ ᠣᠷᠣᠯᠭ᠎ᠠ ᠥᠬᠡᠶ ᠪᠥᠭᠡᠳ ᠠᠯᠳᠠᠪᠤᠷᠢ ᠲᠠᠢ ᠠᠵᠤ ᠠᠬᠤᠶᠢᠯᠠᠯ ᠢ ᠤᠬᠤᠷᠢᠨ ᠭᠠᠷᠭᠠᠬᠤ ᠬᠡᠪᠴᠢᠶᠡᠨ ᠳᠤ ᠣᠷᠣᠭᠤᠯᠤᠨ᠎ᠠ︾ ᠭᠡᠵᠦ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ | ᠳᠡᠳ᠋ ᠡᠷᠬᠢᠯᠡᠭᠴᠢ ᠡᠤ ᠳ᠋ᠡ ᠫᠧᠩ ᠶᠠᠷᠢᠨ᠎ᠠ᠃ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠠᠯᠳᠠᠪᠤᠷᠢ ᠶᠢᠨ ᠠᠰᠠᠭᠤᠳᠠᠯ ᠪᠤᠯ ᠮᠠᠨ ᠤ ᠤᠷᠤᠨ ᠤ ᠢᠮᠠᠭᠳᠠ | ᠭᠤᠤᠯᠳᠠᠯᠭ᠎ᠠ ᠲᠠᠢ ᠠᠩᠬᠠᠷᠴᠦ ᠪᠦᠬᠦᠢ ᠠᠰᠠᠭᠤᠳᠠᠯ ᠪᠤᠯᠬᠤ ᠪᠦᠬᠡᠳ ᠲᠦᠷᠬᠡᠳᠬᠡᠨ ᠰᠶᠢᠳᠪᠤᠷᠢᠯᠡᠬᠦ ᠲᠤᠯᠭᠠᠮ ᠴᠢᠨᠠᠷᠳᠠᠢ ᠠᠰᠠᠭᠤᠳᠠᠯ ᠮᠦᠨ᠃ ᠮᠠᠨ ᠤ ᠣᠷᠣᠨ | ᠠᠯᠳᠠᠪᠤᠷᠢ ᠲᠠᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠢ ᠴᠡᠭᠴᠡᠯᠡᠨ ᠵᠠᠰᠠᠬᠤ ᠲᠠᠯ᠎ᠠ ᠪᠠᠷ ᠶᠠᠮᠠᠷ ᠪᠤᠳᠠᠳᠠᠢ ᠠᠷᠭ᠎ᠠ ᠬᠡᠮᠵᠢᠶ᠎ᠡ ᠠᠪᠴᠦ ᠪᠠᠶᠢᠭ᠎ᠠ ᠪᠤᠯ︖ | ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠤᠨ ᠲᠦᠷᠦᠭᠦᠬᠡᠨ ᠬᠤᠷᠠᠯᠳᠤᠭᠤᠯᠤᠭᠰᠠᠨ | ︽ᠦᠭᠡᠷᠡᠴᠢᠯᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠦᠪᠦᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠡ ᠶᠢ ᠬᠦᠴᠦᠯᠡᠨ ᠠᠬᠢᠭᠤᠯᠬᠤ︾ ᠰᠢᠷᠢᠰ | ᠭᠤᠤᠯ ᠰᠡᠳᠦᠪᠳᠤ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠮᠠᠨ ᠤ ᠣᠷᠣᠨ ᠠᠯᠳᠠᠪᠤᠷᠢ ᠲᠠᠢ ᠤᠯᠤᠰ ᠤᠨ ᠦᠮᠴᠢᠯᠡᠯ ᠤᠨ ᠠᠵᠤ | ᠠᠬᠤᠶᠢᠯᠠᠯ ᠢ ᠴᠡᠭᠴᠡᠯᠡᠨ ᠵᠠᠰᠠᠬᠤ ᠲᠤᠭᠳᠠᠴᠠ ᠶᠢ ᠪᠦᠷᠢᠨᠰᠢᠬᠦᠯᠬᠦ ᠶᠢᠨ ᠬᠠᠮᠳᠤ ᠲᠤᠰᠬᠠᠶ ᠠᠵᠢᠯᠯᠠᠭ᠎ᠠ ᠥᠷᠨᠢᠭᠦᠯᠵᠦ᠂ 3 ᠵᠦᠢᠯ ᠤᠨ ᠪᠤᠳᠠᠳᠠᠢ ᠠᠷᠭ᠎ᠠ ᠬᠡᠮᠵᠢᠶ᠎ᠠ ᠪᠠᠷ | ᠲᠠᠮᠵᠢᠨ 2025 ᠣᠨ ᠤ ᠰᠡᠭᠦᠯᠴᠢ ᠪᠣᠯᠲᠠᠯ᠎ᠠ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠠᠵᠤ ᠠᠬᠤᠶᠢᠯᠠᠯ ᠤᠨ ᠠᠯᠳᠠᠪᠤᠷᠢ ᠶᠢᠨ ᠬᠡᠪᠴᠢᠶ᠎ᠡ ᠪᠠ | ᠠᠯᠳᠠᠪᠤᠷᠢ ᠶᠢᠨ ᠬᠡᠮᠵᠢᠶ᠎ᠡ ᠶᠢ ᠶᠡᠭᠡ ᠪᠠᠷ ᠪᠠᠭᠤᠷᠠᠭᠤᠯᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃ | ᠮᠠᠨ ᠤ ᠤᠷᠤᠨ ᠠᠯᠳᠠᠪᠤᠷᠢ ᠲᠠᠢ ᠠᠵᠤ ᠠᠬᠤᠶᠢᠯᠠᠯ ᠢ ᠲᠦᠢᠯᠪᠤᠷᠢᠳᠠᠢ ᠪᠠᠶᠢᠴᠠᠭᠠᠬᠤ ᠠᠵᠢᠯ ᠥᠷᠨᠢᠭᠦᠯᠵᠦ᠂ ᠬᠢᠨᠠᠨ ᠬᠠᠮᠢᠶᠠᠷᠴᠤ ᠪᠠᠶᠢᠭ᠎ᠠ ᠡᠯ᠎ᠡ ᠱᠠᠲᠤᠨ ᠤ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠦᠷᠦᠩᠭᠡ ᠶᠢᠨ ᠥᠷᠢᠲᠦᠯ ᠤᠨ ᠪᠠᠶᠢᠳᠠᠯ ᠵᠡᠷᠭᠡ ᠶᠢ ᠪᠦᠬᠦ ᠲᠠᠯ᠎ᠠ ᠪᠠᠷ ᠲᠣᠳᠣᠷᠬᠠᠢ | ᠣᠶᠢᠯᠠᠭᠠᠵᠤ᠂ ᠣᠬᠤᠷᠬᠠᠨ ᠬᠤᠭᠤᠴᠠᠭᠠᠨ ᠳᠤ ᠠᠯᠳᠠᠪᠤᠷᠢ ᠪᠠᠨ ᠬᠤᠪᠢᠷᠠᠭᠤᠯᠬᠤ ᠠᠷᠭ᠎ᠠ ᠦᠭᠡᠢ ᠪᠤᠯᠤᠭᠰᠠᠨ ᠠᠵᠤ ᠠᠬᠤᠶᠢᠯᠠᠯ ᠢ ᠰᠶᠢᠳᠪᠦᠷᠢᠯᠡᠨ ᠴᠡᠪᠡᠷᠯᠡᠬᠦ ᠪᠤᠶᠤ | ᠳᠠᠬᠢᠨ ᠵᠤᠬᠢᠶᠠᠨ ᠪᠠᠶᠢᠭᠤᠯᠵᠤ ᠴᠡᠭᠴᠡᠯᠡᠵᠤ ᠪᠠᠶᠢᠨ᠎ᠠ︔ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ | ᠪᠣᠳᠣᠯᠭ᠎ᠠ ᠪᠠᠷ ᠠᠯᠳᠠᠪᠤᠷᠢ ᠶᠢ ᠪᠠᠭᠠᠰᠬᠠᠨ ᠠᠯᠳᠠᠪᠤᠷᠢ ᠶᠢ ᠵᠠᠰᠠᠬᠤ ᠠᠵᠢᠯ ᠤᠨ ᠲᠥᠰᠦᠯ ᠲᠣᠭᠲᠠᠭᠠᠨ᠂ ᠠᠯᠳᠠᠪᠤᠷᠢ ᠲᠠᠢ ᠠᠵᠦ ᠠᠬᠤᠶᠢᠯᠠᠯ ᠢ ᠴᠡᠭᠴᠡᠯᠡᠨ ᠵᠠᠰᠠᠵᠤ | ᠤᠬᠤᠷᠢᠨ ᠭᠠᠷᠭᠠᠬᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠤ ᠪᠠᠶᠢᠨ᠎ᠠ᠃ ᠪᠠᠰᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠪᠤᠷᠢ ᠲᠠᠢ ᠬᠤᠪᠢᠶᠠᠷᠢ | ᠠᠵᠤ ᠠᠬᠤᠶᠢᠯᠠᠯ ᠳᠤ ᠭᠤᠤᠯ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠯᠳᠠᠪᠤᠷᠢ ᠶᠢᠨ ᠬᠡᠮᠵᠢᠶ᠎ᠠ ᠶᠢ | ᠶᠡᠭᠡ ᠪᠠᠷ ᠪᠠᠭᠤᠷᠠᠭᠤᠯᠬᠤ ᠶᠢ ᠠᠬᠢᠭᠤᠯᠬᠤ ᠶᠢᠨ ᠬᠠᠮᠳᠤ 500 ᠲᠦᠮᠡᠨ ᠲᠥᠭᠦᠷᠢᠭ ᠠᠴᠠ ᠳᠣᠷᠣᠭᠰᠢᠬᠢ ᠠᠯᠳᠠᠪᠤᠷᠢ ᠲᠠᠢ ᠬᠤᠪᠢᠶᠠᠷᠢ ᠠᠵᠤ ᠠᠬᠤᠶᠢᠯᠠᠯ ᠢ ᠨᠢᠭᠳᠠ | ᠠᠩᠬᠠᠷᠴᠤ᠂ ᠤᠬᠤᠷᠢᠨ ᠭᠠᠷᠭᠠᠬᠤ ᠬᠡᠪᠴᠢᠶᠡᠨ ᠳᠤ ᠣᠷᠣᠭᠤᠯᠤᠭᠰᠠᠨ ᠢ ᠨᠢ ᠡᠷᠡᠰ ᠰᠢᠢᠳᠪᠦᠷᠢᠯᠡᠨ ᠴᠡᠪᠡᠷᠯᠡᠵᠦ᠂ ᠠᠯᠳᠠᠪᠤᠷᠢ ᠶᠢᠨ ᠬᠡᠪᠴᠢᠶ᠎ᠡ ᠶᠢ ᠶᠡᠭᠡ ᠪᠠᠷ | ᠪᠠᠭᠤᠷᠠᠭᠤᠯᠬᠤ ᠶᠢ ᠠᠬᠢᠭᠤᠯᠵᠤ ᠪᠠᠶᠢᠨ᠎ᠠ᠃ ᠤᠶᠢᠯᠠᠭᠠᠭᠰᠠᠨ ᠢᠶᠠᠷ᠂ ᠡᠨᠡ ᠵᠢᠯ ᠤᠨ 9 ᠰᠠᠷ᠎ᠠ ᠶᠢᠨ ᠰᠡᠬᠦᠯᠴᠢ ᠪᠤᠯᠬᠤ ᠳᠤ ᠦᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ | ᠲᠤᠰᠠᠭᠠᠷ ᠲᠣᠭᠠᠴᠠᠭ᠎ᠠ ᠬᠢᠬᠦ ᠬᠤᠪᠢᠶᠠᠷᠢ ᠠᠵᠤ ᠠᠬᠤᠶᠢᠯᠠᠯ ᠤᠨ ᠠᠯᠳᠠᠪᠤᠷᠢ ᠶᠢᠨ ᠬᠡᠪᠴᠢᠶ᠎ᠡ 21.4 % ᠪᠠᠶᠢᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 9.9 ᠬᠤᠪᠢ ᠪᠠᠭᠤᠷᠠᠪᠠ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠪᠤᠷᠢ ᠲᠠᠢ 11 ᠬᠤᠪᠢᠶᠠᠷᠢ | ᠠᠵᠤ ᠠᠬᠤᠶᠢᠯᠠᠯ ᠠᠴᠠ 3 ᠠᠵᠤ ᠠᠬᠤᠶᠢᠯᠠᠯ ᠨᠢᠬᠡᠨᠳᠡ ᠤᠯᠵᠠᠪᠤᠷᠢ ᠲᠠᠢ ᠪᠤᠯᠵᠦ᠂ 4 ᠠᠵᠤ ᠠᠬᠤᠶᠢᠯᠠᠯ ᠨᠢ ᠠᠯᠳᠠᠪᠤᠷᠢ ᠪᠠᠨ ᠪᠠᠭᠠᠰᠬᠠᠨ᠂ ᠨᠡᠶᠢᠲᠡ 2.4 | ᠳ᠋ᠦᠩᠰᠢᠭᠤᠷ ᠲᠥᠭᠦᠷᠢᠭ ᠤᠨ ᠠᠯᠳᠠᠪᠤᠷᠢ ᠶᠢ ᠪᠠᠭᠠᠰᠬᠠᠪᠠ᠃ | |