ᠡᠨᠡ ᠵᠢᠯ ᠠᠴᠠ ᠨᠠᠭᠠᠰᠢ᠂ ᠣᠷᠳᠣᠰ ᠬᠤᠲᠠ ᠶᠢᠨ ᠬᠢᠨ ᠬᠤᠵᠢᠷᠯᠢᠭ ᠭᠠᠵᠠᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠪᠠᠷᠤᠭ 20 ᠲᠦᠮᠡᠨ | ᠮᠦ ᠬᠡᠷᠡᠭᠵᠢᠭᠦᠯᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ 5 ᠲᠦᠮᠡᠨ ᠮᠦ ᠬᠡᠷᠡᠭᠵᠢᠭᠦᠯᠵᠦ᠂ ᠬᠤᠵᠢᠷᠯᠢᠭ | ᠭᠠᠵᠠᠷ ᠢ ᠶᠡᠷᠦᠩᠬᠡᠶᠢᠯᠡᠨ ᠠᠰᠢᠭᠯᠠᠬᠤ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ 2 ᠲᠦᠮᠡᠨ ᠮᠦ ᠣᠯᠬᠤ ᠪᠠᠷ ᠴᠢᠷᠮᠠᠶᠢᠵᠤ ᠪᠠᠶᠢᠨ᠎ᠠ᠃ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠶᠡᠭᠡ | ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠯᠤᠭ᠎ᠠ ᠬᠠᠮᠲᠤᠷᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠬᠤᠵᠢᠷ ᠲᠤ ᠳᠠᠭᠠᠭᠠᠴᠠᠲᠠᠢ | ᠲᠠᠷᠢᠮᠠᠯ ᠤᠨ ᠲᠥᠷᠥᠯ ᠢ 6᠂ ᠲᠡᠵᠢᠭᠡᠯ ᠡᠪᠡᠰᠦᠨ ᠤ ᠲᠠᠷᠢᠮᠠᠯ ᠢ 3᠂ ᠬᠤᠵᠢᠷ ᠲᠤ ᠳᠠᠭᠠᠭᠠᠴᠠᠲᠠᠢ ᠡᠷᠲᠡ ᠪᠣᠯᠪᠠᠰᠤᠷᠠᠬᠤ ᠰᠢᠰᠢ ᠶᠢᠨ ᠲᠥᠷᠥᠯ ᠢ 3 ᠰᠢᠯᠢᠨ | ᠭᠠᠷᠭᠠᠵᠤ᠂ ᠪᠠᠭ᠎ᠠ᠂ ᠳᠤᠮᠳᠠ᠂ ᠶᠡᠭᠡ ᠬᠡᠮᠵᠢᠶᠡᠨ ᠤ ᠬᠤᠵᠢᠷᠯᠢᠭ ᠭᠠᠵᠠᠷ ᠲᠤ ᠬᠤᠷᠠᠮᠠᠯ ᠮᠠᠶ᠋ᠢᠭ ᠤᠨ ᠰᠠᠶᠢᠵᠢᠷᠠᠭᠤᠯᠬᠤ ᠮᠡᠷᠭᠡᠵᠢᠯ ᠤᠨ ᠬᠡᠪ ᠵᠠᠭᠪᠤᠷ ᠢ 3 ᠢᠵᠢ | ᠰᠢᠨ᠎ᠡ ᠪᠠᠷ ᠡᠭᠦᠳᠪᠡ᠃ | ᠥᠭᠡᠷᠡᠴᠢᠯᠡᠨ ᠰᠠᠶᠢᠵᠢᠷᠠᠭᠤᠯᠬᠤ ᠮᠡᠷᠭᠡᠵᠢᠯ ᠤᠨ ᠬᠡᠪ ᠵᠠᠭᠪᠤᠷ ᠢ ᠬᠡᠷᠡᠭᠯᠡᠭᠰᠡᠨ ᠤ ᠳᠠᠷᠠᠭ᠎ᠠ᠂ ᠪᠠᠭ᠎ᠠ ᠬᠡᠮᠵᠢᠶᠡᠨ ᠤ ᠬᠤᠵᠢᠷᠯᠢᠭ ᠭᠠᠵᠠᠷ ᠤᠨ ᠡᠷᠳᠡᠨᠢ ᠰᠢᠰᠢ ᠶᠢᠨ | ᠤᠨᠠᠯᠲᠠ ᠶᠢ 20% ᠪᠠᠷ ᠨᠡᠮᠡᠭᠳᠡᠭᠦᠯᠵᠦ᠂ ᠳᠤᠮᠳᠠ ᠬᠡᠮᠵᠢᠶᠡᠨ ᠤ ᠬᠤᠵᠢᠷᠯᠢᠭ ᠭᠠᠵᠠᠷ ᠤᠨ ᠨᠡᠷᠡᠨ ᠬᠤᠸᠠᠷ ᠤᠨ ᠤᠨᠠᠯᠲᠠ ᠶᠢ 23% ᠪᠠᠷ ᠨᠡᠮᠡᠭᠳᠡᠭᠦᠯᠵᠦ᠂ ᠶᠡᠭᠡ | ᠬᠡᠮᠵᠢᠶᠡᠨ ᠤ ᠬᠤᠵᠢᠷᠯᠢᠭ ᠭᠠᠵᠠᠷ ᠲᠤ ᠲᠠᠷᠢᠭᠰᠠᠨ ᠨᠡᠷᠡᠨ ᠬᠤᠸᠠᠷ ᠤᠨ ᠴᠢᠬᠢᠯᠡᠬᠦ ᠨᠣᠷᠮ᠎ᠠ 85% ᠠᠴᠠ ᠳᠡᠭᠡᠭᠰᠢ ᠳᠤ ᠬᠦᠷᠴᠦ᠂ ᠲᠠᠷᠢᠶᠠᠯᠠᠬᠤ ᠬᠥᠷᠥᠰᠥᠨ | ᠳᠠᠪᠬᠤᠷᠭ᠎ᠠ ᠶᠢᠨ ᠳᠠᠪᠤᠰᠤᠨ ᠤ ᠬᠡᠮᠵᠢᠶ᠎ᠡ ᠶᠢ 30% ᠠᠴᠠ ᠳᠡᠭᠡᠭᠰᠢ ᠪᠠᠷ ᠪᠠᠭᠤᠷᠠᠭᠤᠯᠵᠤ᠂ ᠬᠥᠷᠥᠰᠥᠨ ᠤ PH ᠬᠡᠮᠵᠢᠭᠳᠡᠯ ᠢ 0.3-0.5 ᠨᠢᠭᠡᠴᠢ ᠪᠠᠷ | ᠪᠠᠭᠤᠷᠠᠭᠤᠯᠪᠠ᠃ | |