ᠳᠠᠯᠠᠳ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠠᠷᠪᠠᠨ ᠶᠡᠭᠡ ᠪᠣᠳᠠᠲᠤ ᠶᠠᠪᠤᠳᠠᠯ ᠤᠨ ᠲᠥᠷᠥᠯ ᠵᠦᠶ᠋ᠯ ᠤᠨ ᠠᠩᠬᠠᠳᠠᠭᠴᠢ ᠣᠶᠤᠨᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ︕
ᠨᠡᠶᠢᠲᠡᠯᠡᠭᠰᠡᠨ ᠴᠠᠭ᠄
2024/11/15
       ᠳᠡᠷᠢᠶᠡᠯᠡᠩ ᠤᠨ ᠪᠦᠳᠦᠭᠡᠭᠳᠡᠬᠦᠨ ᠤ ᠠᠷᠡᠯᠵᠢᠶᠡᠨ ᠤ ᠵᠠᠭ᠋᠎ᠠ ᠳᠡᠯᠭᠡᠬᠦᠷ ᠪᠣᠯ ᠲᠦᠭ ᠲᠦᠮᠡᠨ ᠠᠶᠢᠯ ᠡᠷᠦᠬᠡ ᠶᠢᠨ ︽ᠬᠤᠯᠢᠰᠢᠨ ᠢᠳᠡᠭᠡᠨ︾ ᠮᠥᠨ᠂ ᠨᠠᠩ ᠴᠤ ᠬᠤᠲᠠ ᠶᠢᠨ ᠪᠣᠯᠪᠠᠰᠤᠨ ᠤ ᠳᠦᠷᠢ ᠲᠥᠷᠬᠦ ᠶᠢ ᠢᠯᠡᠷᠡᠭᠦᠯᠬᠦ ᠴᠢᠬᠤᠯᠠ ︽ᠴᠣᠩᠬᠤᠪᠴᠢ︾ ᠮᠥᠨ᠃ 2024 ᠤᠨ ᠳᠤ᠂ ᠳᠠᠯᠠᠳ ᠬᠤᠰᠢᠭᠤ ᠤᠶᠤᠨᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠬᠤᠰᠢᠭᠤᠨ ᠤ ︽ᠠᠷᠪᠠᠨ ᠶᠡᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ︾ ᠤᠨ ᠲᠥᠷᠥᠯ ᠵᠦᠢᠯ ᠤᠨ ᠨᠢᠭᠡ ᠪᠣᠯᠭᠠᠵᠤ᠂ ᠣᠶᠤᠨ ᠤᠬᠠᠭᠠᠨ ᠢᠶᠠᠷ ᠵᠠᠬ᠎ᠠ ᠳᠡᠯᠭᠡᠭᠦᠷ ᠤᠨ ᠲᠠᠰ ᠳᠡᠪᠰᠢᠬᠦ ᠳᠤ ᠬᠦᠴᠦᠨ ᠨᠡᠮᠡᠷᠢᠯᠡᠵᠦ᠂ ᠠᠷᠠᠳ ᠣᠯᠠᠨ ᠢ ᠦᠨᠡᠨ ᠬᠦ ︽ᠬᠤᠯᠢᠰᠢᠨ ᠢᠳᠡᠭᠡᠨ︾ ᠠᠴᠠ ᠵᠣᠯ ᠵᠢᠷᠭᠠᠯᠲᠤ ᠰᠡᠳᠬᠢᠯᠭᠡ ᠲᠠᠢ ᠪᠣᠯᠭᠠᠨ᠎ᠠ᠃       ᠰᠢᠨ᠎ᠡ ᠪᠠᠷ ᠪᠠᠶᠢᠭᠤᠯᠤᠭᠰᠠᠨ ᠣᠶᠤᠨᠴᠢ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠥᠷᠭᠡᠨ ᠠᠭᠤᠳᠠᠮ᠂ ᠳᠡᠯᠭᠡᠭᠡ ᠮᠠᠶᠢᠮᠠᠶ ᠶᠢᠨ ᠪᠠᠶᠢᠷᠢ ᠨᠢ ᠡᠮᠬᠢ ᠵᠢᠷᠤᠮ ᠲᠠᠢ ᠪᠠᠶᠢᠳᠠᠭ᠃       ᠳᠠᠯᠠᠳ ᠬᠤᠰᠢᠭᠤᠨ ᠤ ᠤᠶᠤᠨᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠶᠢᠨ ᠫᠧᠩ ᠵᠠᠮ ᠪᠣᠯᠤᠨ ᠰᠤᠷᠭᠠᠨ ᠬᠥᠮᠦᠵᠢᠯ ᠤᠨ ᠵᠡᠭᠡᠯᠢ ᠶᠢᠨ ᠠᠭᠤᠯᠵᠠᠷ ᠤᠨ ᠬᠤᠶᠢᠲᠤ ᠲᠠᠯ᠎ᠠ ᠳᠤ ᠪᠠᠶᠢᠷᠢᠯᠠᠵᠤ᠂ 2024 ᠣᠨ ᠤ 10 ᠰᠠᠷ᠎ᠠ ᠳᠤ ᠪᠠᠷᠢᠯᠭ᠎ᠠ ᠳᠠᠭᠤᠰᠴᠤ᠂ ᠬᠡᠪᠴᠢᠶ᠎ᠡ ᠪᠠᠷ ᠶᠡᠭᠡ᠂ ᠲᠥᠷᠥᠯ ᠵᠦᠢᠯ ᠢᠶᠠᠷ ᠪᠦᠷᠢᠨ ᠂ ᠵᠢᠵᠢᠭᠯᠡᠨ ᠬᠤᠳᠠᠯᠳᠤᠬᠤ ᠪᠠ ᠪᠥᠭᠡᠮ ᠢᠶᠠᠷ ᠬᠤᠳᠠᠯᠳᠤᠬᠤ ᠶᠢ ᠨᠢᠭᠡ ᠴᠣᠭᠴᠠᠵᠢᠭᠤᠯᠤᠭᠰᠠᠨ ᠣᠶᠤᠨᠴᠢ ᠬᠡᠯᠪᠡᠷᠢ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ᠎ᠠ᠂ ᠳᠣᠲᠣᠭᠠᠳᠤ ᠳᠠᠭᠠᠨ 36 ᠳᠡᠯᠭᠡᠭᠦᠷ ᠭᠠᠷᠭᠠᠵᠤ᠂ 11 ᠰᠠᠷ᠎ᠠ ᠶᠢᠨ 14 ᠤ ᠡᠳᠦᠷ ᠵᠢᠩᠬᠢᠨᠢ ᠪᠠᠷ ᠠᠵᠢᠯ ᠡᠬᠢᠯᠡᠬᠦ ᠪᠠᠷ ᠲᠥᠯᠥᠪᠯᠡᠵᠦ᠂ ᠣᠲᠣ ᠪᠣᠯᠲᠠᠯ᠎ᠠ ᠬᠤᠳᠠᠯᠳᠤᠭᠠᠨ ᠤ ᠡᠷᠦᠬᠡ ᠶᠢᠨ ᠣᠷᠣᠵᠤ ᠰᠠᠭᠤᠬᠤ ᠨᠣᠷᠮ᠎ᠠ 80% ᠠᠴᠠ ᠳᠡᠭᠡᠭᠰᠢ ᠳᠤ ᠬᠦᠷᠴᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠨᠠᠩ ᠳᠥᠭᠦᠮ ᠳᠥᠲᠡ᠂ ᠨᠠᠩ ᠴᠢᠨᠠᠷ ᠰᠠᠶᠢᠲᠠᠶ ᠪᠠᠷᠠᠭ᠎ᠠ ᠬᠤᠳᠠᠯᠳᠤᠨ ᠠᠪᠬᠤ ᠣᠶᠢᠯᠡᠴᠢᠯᠡᠭᠡ ᠬᠠᠩᠭᠠᠨ᠎ᠠ᠃      ᠣᠶᠤᠨᠴᠢ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠳᠤ᠂ ᠣᠷᠣᠨ ᠵᠠᠶ ᠥᠷᠭᠡᠨ ᠠᠭᠤᠳᠠᠮ᠂ ᠴᠡᠪᠡᠷ ᠴᠡᠮᠴᠡᠭᠡᠷ᠂ ᠳᠡᠯᠭᠡᠭᠦᠷ ᠤᠳ ᠡᠮᠬᠢ ᠵᠢᠷᠤᠮ ᠲᠠᠢ ᠪᠠᠶᠢᠵᠤ᠂ ᠡᠯ᠎ᠡ ᠲᠥᠷᠥᠯ ᠤᠨ ᠨᠣᠭᠤᠭ᠎ᠠ ᠵᠢᠮᠢᠰ᠂ ᠠᠮᠤ ᠲᠣᠰᠣ᠂ ᠬᠠᠲᠠᠭᠠᠮᠠᠯ ᠢᠳᠡᠭᠡᠨ᠂ ᠪᠤᠯᠭᠤᠭᠰᠠᠨ ᠢᠳᠡᠭᠡᠨ ᠵᠡᠷᠭᠡ ᠲᠠᠸᠠᠷ ᠴᠥᠮ ᠪᠦᠷᠢᠨ ᠪᠠᠶᠢᠨ᠎ᠠ᠃ ᠣᠯᠠᠨ ᠵᠠᠭᠤᠴᠢᠲᠤ ᠲᠣᠮᠣ ᠳᠡᠯᠭᠡᠴᠡ ᠨᠢ ᠨᠣᠭᠤᠭᠠᠨ ᠤ ᠦᠨ᠎ᠡ ᠬᠠᠩᠰᠢ᠂ ᠪᠣᠷᠣᠯᠠᠭᠤᠯᠬᠤ ᠲᠤᠭ᠎ᠠ ᠪᠠᠷᠢᠮᠲᠠ᠂ ᠢᠳᠡᠭᠡᠨ ᠤ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠡᠷᠭᠢᠯᠳᠦᠭᠦᠯᠵᠦ᠂ ᠬᠡᠷᠡᠭᠯᠡᠭᠴᠢᠳ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠲᠣᠳᠣᠷᠬᠠᠢ ᠣᠶᠢᠯᠠᠭᠠᠬᠤ ᠳᠤ ᠳᠥᠭᠦᠮ ᠦᠵᠡᠭᠦᠯᠵᠦ ᠪᠠᠶᠢᠨ᠎ᠠ᠃ ᠬᠡᠳᠦ᠋ᠢᠪᠡᠷ ᠵᠠᠬ᠎ᠠ ᠳᠡᠯᠭᠡᠭᠦᠷ ᠵᠢᠩᠬᠢᠨᠢ ᠪᠠᠷ ᠠᠵᠢᠯ ᠢᠶᠠᠨ ᠡᠬᠢᠯᠡᠭᠦᠯᠦᠭᠰᠡᠨ ᠥᠬᠡᠶ ᠪᠣᠯᠪᠠᠴᠤ ᠪᠠᠷᠠᠭ᠎ᠠ ᠬᠤᠳᠠᠯᠳᠤᠨ ᠠᠪᠬᠤ ᠪᠠᠷ ᠢᠷᠡᠭᠰᠡᠨ ᠬᠤᠲᠠ ᠶᠢᠨ ᠠᠷᠠᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠪᠦᠬᠦ᠋ᠢᠯᠡ ᠵᠠᠬ᠎ᠠ ᠳᠡᠯᠭᠡᠭᠦᠷ  ᠬᠦᠷ ᠬᠦᠭᠵᠢᠶᠡᠨ ᠢᠶᠠᠷ ᠪᠢᠯᠬᠠᠵᠤ ᠪᠠᠶᠢᠨ᠎ᠠ᠃
1.jpg
     ︽ᠰᠣᠨᠣᠰᠬᠤ ᠳᠤ᠂ ᠭᠡᠷ ᠤᠨ ᠬᠤᠪᠢ ᠳᠤ ᠡᠶᠢᠮᠦ ᠨᠢᠭᠡ ᠣᠶᠤᠨᠴᠢ ᠵᠠᠬ᠎ᠠ ᠳᠡᠯᠭᠡᠭᠦᠷ ᠨᠡᠭᠡᠭᠡᠭᠰᠡᠨ ᠭᠡᠨ᠎ᠡ᠂ ᠪᠢ ᠨᠢᠭᠡ ᠲᠣᠭᠤᠷᠢᠵᠤ ᠦᠵᠡᠶ᠎ᠡ᠃ ᠠᠳᠡ ᠬᠦᠷᠦᠭᠰᠡᠨ ᠤ ᠳᠠᠷᠠᠭ᠎ᠠ᠂ ᠵᠠᠬ᠎ᠠ ᠳᠡᠯᠭᠡᠭᠦᠷ ᠲᠠᠬᠢ ᠨᠣᠭᠤᠭ᠎ᠠ ᠶᠢᠨ ᠲᠥᠷᠥᠯ ᠵᠦᠢᠯ ᠨᠢ ᠰᠢᠨ᠎ᠡ ᠰᠣᠷᠭᠤᠭ᠂ ᠲᠥᠷᠥᠯ ᠵᠦᠢᠯ ᠨᠢ ᠪᠦᠷᠢᠨ ᠭᠦᠢᠴᠡᠳ᠂ ᠦᠨ᠎ᠡ ᠬᠠᠩᠰᠢ ᠨᠢ ᠦᠨᠡᠨ ᠪᠣᠳᠠᠲᠠᠶ ᠪᠠᠶᠢᠬᠤ ᠶᠢ ᠣᠯᠵᠤ ᠮᠡᠳᠡᠪᠡᠯ᠂ ᠪᠢᠳᠡ ᠢᠳᠡᠭᠡᠨ ᠤ ᠮᠠᠲ᠋ᠧᠷᠢᠶᠠᠯ ᠰᠣᠩᠭᠤᠨ ᠠᠪᠴᠤ ᠪᠣᠯᠬᠤ ᠨᠢᠭᠡᠨ ᠰᠠᠶᠢᠨ ᠭᠠᠵᠠᠷ ᠣᠯᠤᠭᠰᠠᠨ ᠢ ᠣᠯᠵᠤ ᠮᠡᠳᠡᠪᠡ᠃ ᠬᠤᠲᠠ ᠶᠢᠨ ᠠᠷᠠᠳ ᠦ᠋ ᠴᠢᠶᠤᠤ ᠮᠧᠢ ᠬᠡᠯᠡᠪᠡ᠃     ᠪᠥᠬᠦ ᠬᠤᠰᠢᠭᠤᠨ ᠤ ᠠᠩᠬᠠᠳᠠᠭᠴᠢ ᠣᠶᠤᠨᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠤᠭᠰᠠᠨ ᠤ ᠬᠤᠪᠢ ᠳᠤ᠂ ᠲᠣᠰ ᠵᠠᠬ᠎ᠠ ᠳᠡᠯᠭᠡᠭᠦᠷ ᠨᠢ ᠤᠯᠠᠮᠵᠢᠯᠠᠯᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠣᠨᠴᠠᠯᠢᠭ ᠢ ᠦᠯᠡᠳᠡᠭᠡᠭᠰᠡᠨ ᠰᠠᠭᠤᠷᠢᠨ ᠳᠡᠭᠡᠷ᠎ᠡ᠂ ᠲᠤᠰᠬᠠᠶ ᠮᠡᠷᠭᠡᠵᠢᠯ ᠤᠨ ᠪᠦᠯᠬᠦᠮ ᠨᠡᠶᠢᠲᠡ ᠵᠢᠴᠢ ᠲᠡᠷᠢᠭᠦᠨ ᠤ ᠣᠶᠤᠨᠴᠢ ᠬᠠᠮᠢᠶᠠᠷᠤᠯᠲᠠ ᠶᠢᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢᠨ ᠦᠨᠡᠯᠡᠯᠲᠡ᠂ ᠢᠳᠡᠭᠡᠨ ᠤ ᠠᠮᠤᠷ ᠲᠦᠪᠰᠢᠨ ᠢ ᠪᠠᠶᠢᠴᠠᠭᠠᠨ ᠰᠢᠯᠭᠠᠬᠤ᠂ ᠦᠢᠯᠡᠳᠭᠦᠨ ᠤ ᠢᠷᠡᠯᠲᠡ ᠶᠢ ᠡᠷᠢᠬᠦ ᠵᠡᠷᠭᠡ ᠣᠶᠤᠨᠴᠢᠯᠠᠭᠰᠠᠨ ᠦᠢᠯᠡᠴᠢᠯᠡᠭᠡ ᠶᠢ ᠪᠡᠶᠡᠯᠡᠭᠦᠯᠵᠦ᠂ ᠢᠳᠡᠭᠡᠨ ᠤ ᠢᠷᠡᠯᠲᠡ ᠶᠢ ᠨᠡᠬᠡᠮᠵᠢᠯᠡᠵᠦ ᠪᠣᠯᠬᠤ᠂ ᠶᠠᠪᠤᠵᠤ ᠪᠣᠯᠬᠤ ᠭᠡᠷᠡᠴᠢ ᠶᠢ ᠪᠠᠶᠢᠴᠠᠭᠠᠵᠤ ᠪᠣᠯᠬᠤ᠂ ᠬᠠᠷᠢᠭᠤᠴᠠᠯᠭ᠎ᠠ ᠶᠢ ᠨᠡᠬᠡᠮᠵᠢᠯᠡᠵᠦ ᠪᠣᠯᠬᠤ ᠶᠢ ᠦᠨᠡᠨ ᠬᠦ ᠪᠡᠶᠡᠯᠡᠭᠦᠯᠵᠦ᠂ ᠬᠤᠲᠠ ᠶᠢᠨ ᠠᠷᠠᠳ ᠤᠨ ︽ᠢᠳᠡᠰᠢᠨ ᠨᠣᠭᠤᠭ᠎ᠠ︾ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃
2.png
      ︽ᠡᠭᠦᠳᠡᠨ ᠳᠠᠬᠢ ᠡᠨᠡ ᠬᠦ ᠣᠶᠤᠨᠴᠢ ᠲᠣᠮᠣ ᠳᠡᠯᠭᠡᠴᠡ ᠪᠠᠷ ᠮᠠᠨ ᠤ ᠲᠠᠸᠠᠷ ᠤᠨ ᠡᠬᠢ ᠡᠭᠦᠰᠦᠯ᠂ ᠦᠨ᠎ᠡ ᠬᠠᠩᠰᠢ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡᠷᠡᠭᠦᠯᠵᠦ᠂ ᠬᠡᠷᠡᠭᠯᠡᠭᠴᠢᠳ ᠢ ᠨᠠᠩ ᠰᠠᠨᠠᠭ᠎ᠠ ᠠᠮᠤᠷ ᠶᠠᠭᠤᠮ᠎ᠠ ᠬᠤᠳᠠᠯᠳᠤᠨ ᠠᠪᠤᠭᠤᠯᠬᠤ ᠪᠣᠯᠤᠨ᠎ᠠ᠃ ᠡᠭᠦᠨ ᠤ ᠬᠠᠮᠲᠤ᠂ ᠡᠨᠡ ᠬᠦ ᠣᠶᠤᠨᠴᠢ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠮᠠᠰᠢ ᠰᠠᠶᠢᠨ᠂ ᠠᠷᠢᠭᠤᠨ ᠴᠡᠪᠡᠷ ᠪᠣᠯᠬᠤᠷ ᠪᠢ ᠬᠤᠶᠢᠰᠢᠳᠠ ᠶᠢᠨ ᠡᠵᠡᠩᠨᠡᠯᠲᠡ ᠳᠤ ᠨᠠᠩ ᠢᠲᠡᠭᠡᠯ ᠲᠠᠢ ᠪᠣᠯᠵᠠᠢ︾ ᠭᠡᠵᠦ ᠬᠡᠯᠡᠪᠡ᠃ ᠬᠤᠳᠠᠯᠳᠤᠭᠠᠴᠢᠨ ᠡᠷᠦᠬᠡ ᠯᠢ ᠶᠠᠨ ᠴᠢᠩ ᠬᠡᠯᠡᠪᠡ᠃
3.jpg
      ︽ᠤᠶᠤᠨᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠳᠤ ᠤᠶᠤᠨᠲᠤ ᠲᠠᠷᠢᠶᠠᠯᠠᠩ ᠤᠨ ᠠᠷᠠᠯᠵᠢᠶᠠᠨ ᠤ ᠬᠠᠮᠢᠶᠠᠷᠤᠯᠲᠠ ᠶᠢᠨ ᠰᠢᠰᠲ᠋ᠧᠮ ᠢ ᠳᠣᠭᠢᠷᠠᠭᠤᠯᠵᠤ᠂ ᠤᠶᠤᠨᠲᠤ ᠮᠡᠳᠡᠭᠡ ᠵᠠᠩᠭᠢ ᠶᠢᠨ  ᠵᠢᠩᠨᠠᠭᠦᠷ ᠂ ᠲᠠᠷᠢᠶᠠᠯᠠᠩ ᠤᠨ ᠦᠯᠡᠳᠡᠭᠳᠡᠯ ᠢ ᠰᠢᠯᠭᠠᠨ ᠪᠠᠶᠢᠴᠠᠭᠠᠬᠤ ᠬᠡᠮᠵᠢᠭᠦᠷᠯᠢᠭ ᠵᠢᠴᠢ ᠠᠶᠠᠨᠴᠢᠳ ᠤᠨ ᠭᠦᠢᠯᠭᠡᠭᠡ ᠶᠢ ᠴᠤᠭᠯᠠᠭᠤᠯᠬᠤ ᠵᠡᠷᠭᠡ ᠣᠶᠤᠨᠴᠢ ᠦᠵᠦᠭᠦᠷ ᠤᠨ ᠲᠥᠬᠦᠭᠡᠷᠦᠮᠵᠢ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠪᠡᠶᠡᠯᠡᠭᠦᠯᠪᠡ᠃ ᠡᠵᠡᠩᠨᠡᠯᠲᠡ ᠶᠢᠨ ᠡᠷᠦᠬᠡ ᠡᠳᠦᠷ ᠪᠦᠷᠢ ᠶᠢᠨ ᠪᠣᠷᠣᠯᠠᠭᠤᠯᠬᠤ ᠲᠤᠭ᠎ᠠ ᠪᠠᠷᠢᠮᠲᠠ ᠶᠢ ᠣᠶᠢᠯᠠᠭᠠᠵᠤ᠂ ᠪᠠᠷᠠᠭ᠎ᠠ ᠣᠷᠣᠭᠤᠯᠬᠤ ᠠᠷᠭ᠎ᠠ ᠪᠣᠳᠣᠯᠭ᠎ᠠ ᠶᠢ ᠣᠨᠣᠪᠴᠢᠲᠠᠶ ᠲᠣᠬᠢᠷᠠᠭᠤᠯᠵᠤ᠂ ᠳᠡᠯᠭᠡᠭᠦᠷ ᠤᠨ ᠡᠵᠡᠩᠨᠡᠯᠲᠡ ᠶᠢᠨ ᠨᠣᠷᠮ᠎ᠠ ᠶᠢᠨ ᠳᠡᠭᠡᠭᠰᠢᠯᠡᠭᠦᠯᠦᠨ᠎ᠡ᠃ ᠳᠠᠷᠠᠭ᠎ᠠ ᠨᠢ ᠰᠢᠰᠲ᠋ᠧᠮ ᠢᠶᠠᠷ ᠳᠠᠮᠵᠢᠭᠤᠯᠤᠨ ᠲᠠᠸᠠᠷ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠢᠨᠠᠨ ᠡᠵᠡᠮᠳᠡᠪᠡᠯ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠠᠮᠤᠷ ᠲᠦᠪᠰᠢᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠬᠦ ᠶᠢ ᠬᠦᠴᠦᠲᠡᠶ ᠪᠠᠲᠤᠯᠠᠵᠤ᠂ ᠬᠡᠷᠡᠭᠯᠡᠭᠴᠢᠳ ᠤᠨ ᠠᠮᠢ ᠪᠡᠶ᠎ᠡ ᠶᠢᠨ ᠠᠰᠢᠭ ᠲᠤᠰᠠ ᠶᠢ ᠪᠠᠲᠤᠯᠠᠵᠤ ᠪᠣᠯᠤᠨ᠎ᠠ︾ ᠭᠡᠵᠡᠶ᠃ ᠳᠠᠯᠠᠳ ᠬᠤᠰᠢᠭᠤᠨ ᠤ ᠵᠢᠶᠠᠨ ᠳᠠ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠵᠥᠭᠡᠭᠡᠪᠦᠷᠢ ᠶᠢᠨ ᠠᠵᠢᠯ ᠤᠨ ᠬᠡᠯᠲᠡᠰ ᠤᠨ ᠬᠠᠷᠢᠭᠤᠴᠠᠯᠭᠠᠲᠠᠨ  ᠪᠠᠨ ᠰᠢᠣᠢ ᠬᠡᠯᠡᠪᠡ᠃       ᠵᠠᠯᠭᠠᠭᠠᠳ᠂ ᠳᠠᠯᠠᠳ ᠬᠤᠰᠢᠭᠤ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠣᠶᠤᠨᠴᠢ ︽ᠢᠳᠡᠰᠢᠨ ᠨᠣᠭᠤᠭ᠎ᠠ︾᠂ ᠣᠶᠤᠨᠴᠢ ︽ᠠᠮᠤ ᠪᠤᠳᠠᠭ᠎ᠠ︾ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠵᠢᠵᠢᠭ ᠵᠠᠬ᠎ᠠ ᠳᠡᠯᠭᠡᠭᠦᠷ ᠢᠶᠠᠷ ᠬᠤᠲᠠ ᠶᠢᠨ ᠴᠢᠨᠠᠷ ᠰᠠᠶᠢᠲᠠᠶ ᠳᠡᠭᠡᠭᠰᠢᠯᠡᠯᠲᠡ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠣᠯᠠᠨ ᠲᠦᠮᠡᠨ ᠳᠤ ᠴᠢᠨᠠᠷ ᠰᠠᠶᠢᠲᠠᠶ ᠠᠮᠢᠳᠤᠷᠠᠯ ᠢ ᠴᠢᠷᠮᠠᠶᠢᠨ ᠡᠭᠦᠳᠴᠦ᠂ ᠠᠷᠠᠳ ᠤᠨ ᠠᠮᠢᠳᠤᠷᠠᠯ ᠢ ︽ᠬᠠᠯᠠᠭᠤᠨ ᠳᠤᠯᠠᠭᠠᠨ︾ ᠲᠠᠢ ᠪᠣᠯᠭᠠᠵᠤ᠂ ᠵᠣᠯ ᠵᠢᠷᠭᠠᠯ ᠢ ︽ᠦᠨᠡᠨ ᠰᠡᠳᠬᠢᠯᠭᠡ︾ ᠲᠠᠢ ᠪᠣᠯᠭᠠᠨ᠎ᠠ᠃
W020241115381788503785.jpg    
 
ᠢᠷᠡᠯᠲᠡ᠄ ᠲᠣᠲᠣᠷᠬᠠᠢ ᠦᠭᠡᠢ