11 ᠳ᠋ᠦ᠋ᠭᠡᠷ ᠰᠠᠷ᠎ᠠ ᠶᠢᠨ 16 ᠤ ᠡᠳᠦᠷ᠂ ᠪᠢᠴᠢᠯ ᠰᠢᠨᠵᠢᠯᠡᠬᠦ ᠤᠬᠠᠭᠠᠨ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 20 ᠲᠦᠮᠡᠨ ᠲᠣᠨ ᠪᠣᠬᠢᠷᠲᠤᠯ ᠦᠭᠡᠢ ᠬᠦᠩᠬᠡᠨ ᠪᠣᠯᠭᠠᠭᠰᠠᠨ ᠳᠡᠭᠡᠳᠦ ᠳᠡᠰ ᠤᠨ ᠬᠥᠩᠭᠡᠨᠴᠠᠭᠠᠨ ᠤ | ᠬᠠᠶᠢᠯᠤᠰᠢ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠪᠠ᠃ ᠲᠤᠰ ᠲᠥᠷᠥᠯ ᠵᠦᠢᠯ ᠤᠨ ᠶᠡᠷᠦᠩᠬᠡᠶ ᠪᠡᠯᠡ | ᠣᠷᠤᠭᠤᠯᠤᠯᠲᠠ ᠨᠢ 30 ᠳ᠋ᠦᠩᠰᠢᠭᠤᠷ ᠲᠥᠭᠦᠷᠢᠭ᠃ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠵᠢᠯ ᠳᠤ 20 ᠲᠦᠮᠡᠨ ᠲᠣᠨ ᠳᠡᠭᠡᠳᠦ ᠲᠠᠰ ᠤᠨ | ᠬᠦᠩᠭᠡᠨᠴᠠᠭᠠᠨ ᠤ ᠬᠠᠶᠢᠯᠤᠰᠢ᠂ 10 ᠲᠦᠮᠡᠨ ᠲᠣᠨ ᠬᠦᠩᠭᠡᠨᠴᠠᠭᠠᠨ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠭᠡᠷᠡᠯᠴᠢ ᠴᠡᠨᠡᠭ ᠤᠨ ᠬᠠᠪᠢᠰᠤ ᠵᠡᠷᠭᠡ ᠨᠠᠷᠢᠯᠢᠭ | ᠭᠦᠨᠵᠡᠭᠡᠶ ᠡᠳ᠋ᠰᠢᠭᠦᠯᠦᠭᠰᠡᠨ ᠦᠢᠯᠡᠳᠭᠦᠨ ᠢ ᠪᠥᠲᠥᠭᠡᠨ ᠪᠠᠶᠢᠭᠤᠯᠵᠤ᠂ ᠵᠢᠯ ᠳᠤ 53 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠶᠢ | ᠪᠡᠶᠡᠯᠡᠭᠦᠯᠬᠦ ᠪᠠᠷ ᠵᠢᠱᠢᠵᠦ ᠪᠣᠢ᠃ ᠡᠨᠡ ᠵᠢᠯ ᠤᠨ ᠰᠡᠭᠦᠯᠴᠢ ᠪᠠᠷ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠪᠥᠬᠦ ᠱᠤᠭᠤᠮ ᠢᠶᠠᠷ ᠢᠶᠠᠨ ᠠᠰᠢᠭᠯᠠᠯᠲᠠ ᠳᠤ | ᠤᠷᠤᠭᠰᠠᠨ ᠤ ᠳᠠᠷᠠᠭ᠎ᠠ᠂ ᠪᠥᠬᠦ ᠤᠯᠤᠰ ᠤᠨ ᠠᠵᠢᠯ ᠲᠥᠷᠥᠯ ᠤᠨ ᠳᠣᠲᠣᠷᠠᠬᠢ ᠡᠨᠧᠷᠭᠢ ᠶᠢᠨ ᠬᠤᠷᠣᠭᠳᠠᠯ ᠢᠶᠠᠷ ᠬᠠᠮᠤᠭ ᠤᠨ ᠳᠣᠤᠷ᠎ᠠ᠂ ᠦᠢᠯᠡᠳᠪᠦᠷᠢᠯᠡᠯ ᠤᠨ ᠦᠷ᠎ᠡ | ᠠᠰᠢᠭ ᠢᠶᠠᠷ ᠬᠠᠮᠤᠭ ᠤᠨ ᠥᠨᠳᠥᠷ᠂ ᠣᠶᠤᠨᠴᠢᠯᠠᠭᠰᠠᠨ ᠠᠦ᠋ᠲ᠋ᠣᠴᠢᠯᠠᠯᠲᠠ ᠶᠢᠨ ᠬᠢᠷᠢ ᠲᠦᠪᠰᠢᠨ ᠢᠶᠠᠷ ᠬᠠᠮᠤᠭ ᠤᠨ ᠰᠠᠶᠢᠨ ᠬᠡᠪ ᠳᠠᠭᠤᠷᠢᠶᠠᠯ ᠪᠣᠯᠬᠤ ᠪᠣᠯᠤᠨ᠎ᠠ᠃ | ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠵᠢᠯ ᠳᠤ 20 ᠲᠦᠮᠡᠨ ᠲᠣᠨ ᠬᠦᠩᠭᠡᠨᠴᠠᠭᠠᠨ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠭᠡᠷᠡᠯᠴᠢ ᠴᠡᠨᠡᠭ ᠤᠨ | ᠬᠠᠪᠢᠰᠤ ᠦᠢᠯᠡᠳᠪᠦᠷᠢᠯᠡᠬᠦ ᠶᠢ ᠵᠢᠯ ᠤᠨ ᠡᠴᠦᠰ ᠲᠤ ᠪᠠᠷᠢᠯᠭ᠎ᠠ ᠶᠢᠨ ᠠᠵᠢᠯ ᠡᠬᠢᠯᠡᠭᠦᠯᠵᠦ᠂ 2026 ᠣᠨ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ | ᠪᠣᠶ᠃ ︵ᠪᠤᠭᠤᠲᠤ ᠬᠤᠲᠠ ᠶᠢᠨ ᠵᠠᠰᠠᠭ ᠤᠨ ᠣᠷᠳᠣᠨ︶ | | |