| | | ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠶ᠎ᠠ – ᠬᠤᠷᠢᠨ ᠤᠯᠤᠰ ᠤᠨ ᠪᠦᠯᠦᠭᠯᠡᠯ ᠤᠨ | ᠤᠳᠤᠷᠢᠳᠬᠤ ᠬᠥᠮᠥᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤᠨ ᠤ | ᠬᠤᠷᠠᠯ ᠳᠡᠭᠡᠷᠡᠬᠢ ︽ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ︾ ᠵᠥᠪᠯᠡᠬᠦ ᠰᠡᠳᠦᠪ ᠤᠨ ᠲᠤᠬᠠᠢ ᠶᠠᠷᠢᠶ᠎ᠠ | | | ︵2024 ᠣᠨ ᠤ 11 ᠰᠠᠷ᠎ᠠ ᠶᠢᠨ 18 ᠤ ᠡᠳᠦᠷ᠂ ᠷᠢᠦ᠋ ᠳ᠋ᠢ ᠿᠧᠨᠦ᠋ᠢᠷᠦ᠋ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | ᠬᠦᠨᠳᠦᠲᠦ ᠶᠡᠷᠦᠩᠬᠡᠶᠢᠯᠡᠭᠴᠢ ᠯᠦᠯᠠ᠂ | ᠬᠠᠮᠲᠤ ᠠᠵᠢᠯᠯᠠᠭᠰᠠᠳ ᠠ᠋᠄ | ᠷᠢᠦ᠋ ᠳ᠋ᠢ ᠿᠧᠨᠦ᠋ᠢᠷᠦ᠋ ᠳᠤ ᠢᠷᠡᠵᠦ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠤ | ᠣᠷᠣᠯᠴᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠶᠡᠷᠦᠩᠬᠡᠶᠢᠯᠡᠭᠴᠢ ᠯᠦᠯᠠ ᠪᠣᠯᠣᠨ ᠪᠷᠠᠽᠢᠯ ᠤᠨ ᠵᠠᠰᠠᠭ ᠤᠨ ᠣᠷᠳᠣᠨ ᠤ ᠳᠤᠮᠳᠠᠳᠤ ᠤᠯᠤᠰ ᠤᠨ | ᠲᠥᠯᠥᠭᠡᠯᠡᠭᠴᠢᠳ ᠤᠨ ᠪᠦᠯᠭᠦᠮ ᠢ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠃ | ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ | ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠳᠡᠯᠡᠬᠡᠢ ᠶᠢᠨ ᠭᠤᠣᠯ ᠪᠤᠯᠬᠤ ᠲᠣᠮᠣ | ᠤᠯᠤᠰ ᠤᠨ ᠤᠳᠤᠷᠢᠳᠬᠤ ᠬᠥᠮᠥᠨ ᠪᠣᠯᠤᠭᠰᠠᠨ ᠤ ᠬᠤᠪᠢ ᠳᠤ᠂ ᠪᠢᠳᠡ ᠪᠠᠷᠠᠭᠠᠨ ᠡᠭᠦᠯᠡ ᠬᠠᠷᠠᠭ᠎ᠠ ᠶᠢ ᠬᠠᠯᠬᠠᠯᠠᠬᠤ ᠠᠴᠠ ᠦᠯᠦ ᠠᠶᠤᠵᠤ᠂ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠷᠢᠮᠲᠠᠯᠠᠵᠤ᠂ ᠲᠡᠦᠬᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠢᠯᠡᠷᠡᠭᠦᠯᠵᠦ᠂ | ᠲᠡᠦᠬᠡ ᠶᠢᠨ ᠲᠠᠪᠰᠢᠯᠳᠠ ᠶᠢ ᠠᠬᠢᠭᠤᠯᠪᠠᠯ ᠵᠣᠬᠢᠨ᠎ᠠ᠃ | ᠪᠢ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠡᠭᠡᠷ᠎ᠡ᠂ ᠳᠡᠯᠡᠬᠡᠢ ᠶᠢᠨ ᠬᠥᠭᠵᠢᠯ ᠴᠡᠴᠡᠭᠯᠡᠯ ᠪᠠ | ᠲᠣᠭᠲᠠᠭᠤᠨ ᠨᠢ ᠶᠠᠳᠠᠭᠤ ᠨᠢ ᠤᠯᠠᠮ ᠶᠠᠪᠤᠬᠤ ᠲᠤᠳᠤᠮ ᠶᠠᠳᠠᠭᠤᠷᠠᠵᠤ᠂ ᠪᠠᠶᠠᠨ ᠨᠢ ᠤᠯᠠᠮ ᠶᠠᠪᠤᠬᠤ ᠲᠤᠳᠤᠮ ᠪᠠᠶᠠᠵᠢᠬᠤ ᠰᠠᠭᠤᠷᠢᠨ ᠳᠡᠭᠡᠷ᠎ᠡ ᠪᠠᠶᠢᠭᠤᠯᠤᠭᠳᠠᠬᠤ | ᠪᠣᠯᠣᠯᠴᠠᠭ᠎ᠠ ᠦᠭᠡᠢ ᠶᠤᠮ᠂ ᠡᠯ᠎ᠡ ᠤᠯᠤᠰ ᠨᠡᠩ ᠪᠠᠭᠲᠠᠭᠠᠮᠵᠢᠲᠠᠢ᠂ ᠨᠡᠩ ᠲᠦᠭᠡᠮᠡᠯ ᠬᠠᠷᠠᠭᠠᠯᠵᠠᠯᠲᠤ᠂ ᠨᠡᠩ ᠤᠶᠠᠨ ᠬᠠᠳᠠᠨ ᠴᠢᠨᠠᠷᠲᠠᠢ ᠪᠦᠭᠦ ᠪᠥᠮᠪᠥᠷᠴᠡᠭ ᠤᠨ | ᠬᠥᠭᠵᠢᠯᠲᠡ ᠶᠢ ᠠᠬᠢᠭᠤᠯᠪᠠᠯ ᠵᠣᠬᠢᠨ᠎ᠠ ᠭᠡᠵᠦ ᠳᠤᠷᠠᠳᠴᠤ ᠥᠩᠭᠡᠷᠡᠪᠡ᠃ ᠳᠤᠮᠳᠠᠳᠤ ᠤᠯᠤᠰ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ | ᠬᠠᠩᠵᠧᠦ ᠳᠠᠬᠢ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠦ ᠦᠶ᠎ᠡ ᠳᠤ᠂ ᠬᠥᠭᠵᠢᠯᠲᠡ ᠶᠢᠨ ᠵᠥᠪᠯᠡᠬᠦ ᠰᠡᠳᠦᠪ ᠢ ᠠᠩᠬ᠎ᠠ ᠤᠳᠠᠭ᠎ᠠ ᠬᠤᠷᠸ᠎ᠠ ᠠᠵᠤ | ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢᠨ ᠭᠤᠣᠯ ᠪᠠᠶᠢᠷᠢᠨ ᠳᠤ ᠲᠠᠯᠪᠢᠵᠤ᠂ ︽2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ | ᠵᠦᠢᠯᠡᠰ ᠢ ᠨᠠᠶᠢᠳᠠᠪᠤᠷᠢᠵᠢᠭᠤᠯᠬᠤ ᠬᠤᠷᠢᠨ ᠤᠯᠤᠰ ᠤᠨ ᠪᠦᠯᠦᠭᠯᠡᠯ ᠤᠨ ᠠᠵᠢᠯᠯᠠᠭᠠᠨ ᠤ ᠲᠥᠯᠥᠪᠯᠡᠭᠡ︾ ᠪᠣᠯᠣᠨ ︽ᠬᠤᠷᠢᠨ ᠤᠯᠤᠰ ᠤᠨ ᠪᠦᠯᠦᠭᠯᠡᠯ ᠤᠨ ᠠᠹᠷᠢᠺᠠ | ᠲᠢᠪ ᠪᠣᠯᠣᠨ ᠬᠠᠮᠤᠭ ᠤᠨ ᠬᠥᠭᠵᠢᠭᠡᠳᠦᠢ ᠤᠯᠤᠰ ᠤᠨ ᠠᠵᠤ ᠦᠢᠯᠡᠳᠪᠦᠷᠢᠵᠢᠯᠲᠡ ᠶᠢ ᠳᠡᠮᠵᠢᠬᠦ ᠰᠠᠨᠠᠭᠠᠴᠢᠯᠠᠭ᠎ᠠ︾ ᠶᠢ ᠨᠡᠶᠢᠲᠡᠯᠡᠪᠡ᠃ ᠡᠨᠡ ᠤᠳᠠᠭ᠎ᠠ ᠶᠢᠨ ᠷᠢᠦ᠋ ᠳ᠋ᠢ | ᠿᠧᠨᠦ᠋ᠢᠷᠦ᠋ ᠶᠢᠨ ᠲᠦᠷᠦᠭᠦᠴᠦᠳ ᠤᠨ ᠬᠤᠷᠠᠯ ᠳᠤ ︽ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠤᠶ᠎ᠠ︾ ᠭᠡᠬᠦ | ᠭᠤᠣᠯ ᠰᠡᠳᠦᠪ ᠢ ᠲᠣᠭᠲᠠᠭᠠᠵᠤ᠂ ︽ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠢ ᠠᠷᠢᠯᠭᠠᠬᠤ︾ ᠶᠢ ᠲᠡᠷᠢᠭᠦᠨ ᠵᠥᠪᠯᠡᠬᠦ ᠰᠡᠳᠦᠪ ᠪᠤᠯᠭᠠᠬᠰᠠᠨ ᠪᠥᠭᠡᠳ | ︽ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ ᠪᠦᠭᠦ ᠪᠥᠮᠪᠥᠷᠴᠡᠭ ᠤᠨ ᠬᠤᠯᠪᠤᠭ᠎ᠠ︾ ᠶᠢ ᠪᠠᠶᠢᠭᠤᠯᠬᠤ ᠪᠠᠷ ᠲᠣᠭᠲᠠᠪᠠ᠃ ᠬᠠᠩᠵᠧᠦ ᠠᠴᠠ | ᠷᠢᠦ᠋ ᠳ᠋ᠢ ᠿᠧᠨᠦ᠋ᠢᠷᠦ᠋ ᠭᠦᠷᠲᠡᠯ᠎ᠡ᠂ ᠪᠢᠳᠡ ᠴᠥᠮ ᠠᠳᠠᠯᠢᠬᠠᠨ ᠨᠢᠭᠡ ᠬᠠᠷᠠᠯᠲᠠ ᠥᠭᠡᠳᠡ ᠴᠢᠷᠮᠠᠶᠢᠵᠤ ᠪᠠᠶᠢᠨ᠎ᠠ᠂ ᠳᠠᠷᠤᠢ ᠬᠠᠮᠲᠤ ᠪᠠᠷ ᠬᠥᠭᠵᠢᠭᠰᠡᠨ ᠲᠥᠪ ᠭᠤᠣᠯᠴᠢ | ᠳᠡᠯᠡᠬᠡᠢ ᠶᠢᠷᠲᠢᠨᠴᠦ ᠶᠢ ᠪᠠᠶᠢᠭᠤᠯᠤᠨ᠎ᠠ᠃ | ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠠᠷᠠᠯᠵᠢᠶᠠᠨ ᠤ ᠪᠡᠯᠡ ᠣᠷᠣᠭᠤᠯᠤᠯᠲᠠ᠂ ᠬᠥᠭᠵᠢᠯᠲᠡ ᠶᠢᠨ ᠬᠠᠮᠲᠤᠷᠠᠯᠴᠠᠭ᠎ᠠ | ᠵᠡᠷᠭᠡ ᠬᠦᠷᠢᠶᠡᠨ ᠳᠠᠬᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠬᠥᠭᠵᠢᠯᠲᠡ ᠶᠢᠨ ᠪᠠᠶᠢᠭᠤᠯᠤᠮᠵᠢ ᠪᠠᠨ ᠬᠦᠴᠦᠷᠬᠡᠭᠵᠢᠭᠦᠯᠵᠦ᠂ | ᠬᠠᠮᠲᠤᠷᠠᠯᠴᠠᠭᠠᠨ ᠤ ᠬᠥᠭᠦᠷᠭᠡ ᠶᠢ ᠢᠯᠡᠭᠦᠬᠡᠨ ᠲᠠᠯᠪᠢᠵᠤ᠂ ︽ᠵᠢᠵᠢᠭ ᠬᠦᠷᠢᠶ᠎ᠡ ᠥᠨᠳᠥᠷ ᠬᠡᠷᠡᠮ︾ ᠢ ᠴᠥᠭᠡᠳᠬᠡᠵᠦ᠂ ᠨᠡᠩ ᠤᠯᠠᠨ ᠬᠥᠭᠵᠢᠵᠦ ᠪᠠᠶᠢᠭ᠎ᠠ | ᠤᠯᠤᠰ ᠤᠳ ᠢ ᠰᠠᠶᠢᠨ ᠰᠠᠶᠢᠬᠠᠨ ᠠᠮᠢᠳᠤᠷᠠᠭᠤᠯᠵᠤ᠂ ᠣᠳᠣᠬᠢᠴᠢᠯᠠᠯᠲᠠ ᠶᠢ ᠪᠡᠶᠡᠯᠡᠭᠦᠯᠦᠶ᠎ᠡ᠃ | ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠬᠥᠭᠵᠢᠵᠦ ᠪᠠᠶᠢᠭ᠎ᠠ ᠤᠯᠤᠰ ᠤᠳ ᠤᠨ ᠬᠢᠨ ᠤ ᠦᠷᠭᠦᠯᠵᠢᠯᠡᠬᠦ ᠦᠢᠯᠡᠳᠪᠦᠷᠢᠯᠡᠯ | ᠪᠠ ᠠᠮᠢᠳᠤᠷᠠᠯ ᠤᠨ ᠠᠷᠭ᠎ᠠ ᠮᠠᠶ᠋ᠢᠭ ᠠᠪᠬᠤ ᠶᠢ ᠲᠡᠮᠵᠢᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠠᠷᠢᠯᠬᠤ᠂ | ᠣᠷᠴᠢᠨ ᠲᠣᠭᠤᠷᠢᠨ ᠤ ᠪᠣᠬᠢᠷᠳᠤᠯ ᠵᠡᠷᠭᠡ ᠰᠢᠯᠭᠠᠯᠲᠠ ᠶᠢ ᠲᠣᠬᠢᠲᠠᠢ ᠠᠷᠭᠠᠴᠠᠭᠠᠵᠤ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠵᠤ᠂ ᠬᠥᠮᠥᠨ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠶ᠎ᠡ᠃ | ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠨᠡᠭᠡᠭᠡᠯᠲᠡᠲᠡᠢ᠂ ᠪᠠᠭᠲᠠᠭᠠᠮᠵᠢᠲᠠᠢ᠂ ᠭᠠᠳᠠᠭᠤᠷᠴᠢᠯᠠᠯ ᠦᠭᠡᠢ ᠤᠯᠠᠨ ᠤᠯᠤᠰ ᠤᠨ | ᠠᠵᠤ ᠠᠬᠤᠢ ᠶᠢᠨ ᠬᠠᠮᠲᠤᠷᠠᠯᠴᠠᠭᠠᠨ ᠤ ᠣᠷᠴᠢᠨ ᠨᠥᠬᠦᠴᠡᠯ ᠢ ᠪᠤᠢ ᠪᠤᠯᠭᠠᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠠᠬᠢᠭᠤᠯᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠷ ᠦᠷᠭᠦᠯᠵᠢᠯᠡᠬᠦ ᠬᠥᠭᠵᠢᠯᠲᠡ ᠳᠤ ᠬᠦᠴᠦᠨ ᠣᠯᠭᠤᠵᠤ᠂ | ᠬᠥᠭᠵᠢᠵᠦ ᠪᠠᠶᠢᠭ᠎ᠠ ᠤᠯᠤᠰ ᠤᠳ ᠤᠨ ᠲᠣᠭᠠᠴᠢᠯᠠᠭᠰᠠᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢᠨ ᠤᠷᠤᠰᠬᠠᠯ ᠳᠤ ᠨᠡᠩ ᠰᠠᠶᠢᠲᠤᠷ | ᠠᠭᠤᠰᠤᠯᠴᠠᠬᠤ ᠶᠢ ᠳᠡᠮᠵᠢᠵᠦ᠂ ᠬᠥᠭᠵᠢᠵᠦ ᠪᠠᠶᠢᠭ᠎ᠠ ᠤᠯᠤᠰ ᠪᠣᠯᠣᠨ ᠬᠥᠭᠵᠢᠭᠰᠡᠨ ᠤᠯᠤᠰ ᠤᠨ ᠵᠥᠷᠢᠶ᠎ᠡ ᠶᠢ ᠪᠠᠭᠠᠰᠬᠠᠶ᠎ᠠ᠃ | ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ | ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ | ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠶ᠎ᠠ᠃ | ᠬᠠᠮᠲᠤ ᠠᠵᠢᠯᠯᠠᠭᠰᠠᠳ ᠠ᠋︕ | ᠳᠤᠮᠳᠠᠳᠤ ᠤᠯᠤᠰ ᠤᠨ ᠬᠥᠭᠵᠢᠯᠲᠡ ᠪᠣᠯ ᠪᠦᠭᠦ ᠪᠥᠮᠪᠥᠷᠴᠡᠭ ᠤᠨ ᠬᠠᠮᠲᠤ ᠶᠢᠨ ᠬᠥᠭᠵᠢᠯᠲᠡ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠳᠤᠮᠳᠠᠳᠤ | ᠤᠯᠤᠰ ᠨᠢᠭᠡᠨᠲᠡ 8 ᠳ᠋ᠦᠩᠰᠢᠭᠤᠷ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ | ᠤᠷᠢᠳᠴᠢᠯᠠᠨ ᠪᠡᠶᠡᠯᠡᠭᠦᠯᠪᠡ᠃ | ᠡᠳᠡᠭᠡᠷ ᠠᠮᠵᠢᠯᠲᠠ ᠪᠦᠲᠦᠮᠵᠢ ᠨᠢ ᠲᠡᠭᠷᠢ ᠠᠴᠠ ᠤᠨᠠᠵᠤ ᠢᠷᠡᠭᠰᠡᠨ ᠪᠢᠰᠢ᠂ ᠬᠠᠷᠢᠨ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠷᠭᠠᠭᠤ ᠬᠠᠲᠠᠭᠤᠵᠢᠯᠲᠠᠢ ᠲᠡᠮᠡᠴᠡᠵᠦ ᠣᠯᠣᠭᠰᠠᠨ ᠶᠤᠮ᠃ ᠳᠤᠮᠳᠠᠳᠤ ᠤᠯᠤᠰ | ᠢᠮᠠᠭᠲᠠ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ︽ᠶᠠᠳᠠᠭᠤ ᠬᠦᠴᠢᠷᠳᠡᠯᠲᠡᠢ ᠭᠠᠵᠠᠷ ᠣᠷᠣᠨ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ | ᠨᠢᠭᠡ ᠶᠢ ᠴᠦ ᠣᠷᠬᠢᠭᠳᠠᠭᠤᠯᠬᠤ ᠦᠭᠡᠢ︾ ᠭᠡᠵᠦ ᠲᠥᠪ ᠴᠢᠩᠭ᠎ᠠ ᠪᠠᠷ ᠠᠮᠠᠯᠳᠠᠪᠠ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠲᠣᠰᠬᠤᠨ᠂ | ᠡᠷᠦᠭᠡ᠂ ᠬᠥᠮᠥᠨ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠪᠡ᠃ ᠠᠵᠤ ᠠᠬᠤᠢ ᠶᠢᠨ ᠬᠥᠭᠵᠢᠯᠲᠡ ᠶᠢᠨ ᠳᠤᠮᠳᠠ ᠶᠠᠳᠠᠭᠤ ᠶᠢ | ᠲᠡᠳᠬᠦᠬᠦ ᠶᠢ ᠪᠠᠷᠢᠮᠲᠠᠯᠠᠵᠤ᠂ ᠴᠢᠳᠠᠪᠤᠷᠢᠲᠠᠨ᠂ ᠪᠡᠯᠡ ᠮᠥᠩᠭᠦ᠂ ᠮᠡᠷᠭᠡᠵᠢᠯ ᠢ ᠶᠠᠳᠠᠭᠤ ᠬᠦᠴᠢᠷᠳᠡᠯᠲᠡᠢ ᠭᠠᠵᠠᠷ ᠣᠷᠣᠨ ᠲᠡᠶᠢᠰᠢ ᠰᠢᠯᠵᠢᠭᠦᠯᠬᠦ ᠶᠢ ᠢᠳᠡᠪᠬᠢᠲᠡᠢ | ᠬᠥᠲᠥᠯᠥᠨ ᠵᠢᠯᠣᠭᠤᠳᠪᠠ᠃ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠶᠠᠳᠠᠭᠤ ᠶᠢ ᠲᠡᠳᠬᠦᠬᠦ ᠶᠢ | ᠪᠠᠷᠢᠮᠲᠠᠯᠠᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠢ ᠬᠠᠪᠰᠤᠷᠤᠨ ᠰᠠᠭᠤᠷᠢ ᠲᠥᠬᠦᠭᠡᠷᠦᠮᠵᠢ ᠶᠢ ᠨᠢ ᠰᠠᠶᠢᠵᠢᠷᠠᠭᠤᠯᠵᠤ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ︽ᠴᠢᠰᠤ ᠪᠦᠲᠦᠭᠡᠬᠦ︾ ᠴᠢᠳᠠᠮᠵᠢ ᠲᠠᠢ ᠠᠵᠤ ᠦᠢᠯᠡᠰ ᠢ ᠬᠥᠭᠵᠢᠭᠦᠯᠪᠡ᠃ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤᠮᠳᠠ | ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠬᠥᠭᠵᠢᠭᠰᠡᠨ ᠭᠠᠵᠠᠷ ᠣᠷᠣᠨ ᠬᠢᠭᠡᠳ ᠬᠠᠷᠠᠬᠠᠨ ᠬᠥᠭᠵᠢᠭᠡᠳᠦᠢ ᠭᠠᠵᠠᠷ ᠣᠷᠣᠨ ᠤ ᠬᠤᠭᠤᠷᠣᠨᠳᠤ ᠪᠠᠨ | ︽ᠬᠠᠪᠰᠤᠷᠤᠯᠴᠠᠭ᠎ᠠ ᠪᠠᠶᠢᠭᠤᠯᠵᠤ︾ ᠬᠠᠪᠰᠤᠷᠤᠯᠴᠠᠬᠤ ᠶᠢ ᠠᠬᠢᠭᠤᠯᠪᠠ᠃ ᠪᠢ ᠤᠷᠢᠳ ᠬᠤᠵᠢᠳ ᠳᠤᠮᠳᠠᠳᠤ ᠤᠯᠤᠰ ᠤᠨ ᠭᠠᠴᠠᠭ᠎ᠠ᠂ ᠰᠢᠶᠠᠨ᠂ ᠬᠤᠳᠠ᠂ ᠮᠤᠵᠢ᠂ | ᠲᠥᠪ ᠬᠤᠷᠢᠶ᠎ᠠ ᠳᠤ ᠠᠵᠢᠯᠯᠠᠭᠰᠠᠨ ᠶᠤᠮ᠂ ᠶᠠᠳᠠᠭᠤ ᠶᠢ ᠲᠡᠳᠬᠦᠬᠦ ᠪᠣᠯ ᠠᠵᠢᠯ ᠤᠨ ᠨᠢᠭᠡᠨ ᠴᠢᠬᠤᠯᠠ ᠠᠭᠤᠯᠭ᠎ᠠ ᠮᠥᠨ᠂ ᠪᠠᠰᠠ ᠴᠤ ᠮᠢᠨᠤ ᠬᠢᠵᠦ ᠪᠦᠲᠦᠭᠡᠬᠦ ᠪᠠᠷ | ᠵᠣᠷᠢᠭ ᠰᠢᠭᠤᠳᠤᠭᠰᠠᠨ ᠨᠢᠭᠡᠨ ᠲᠣᠮᠣ ᠶᠠᠪᠤᠳᠠᠯ ᠮᠥᠨ᠃ | ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠰᠠᠨ ᠥᠩᠭᠡᠷᠡᠯᠲᠡ ᠨᠢ ᠲᠤᠰᠤᠯ ᠤᠰᠤ ᠪᠠᠷ ᠴᠢᠯᠠᠭᠤ ᠶᠢ ᠴᠤᠭᠤᠯᠬᠤ᠂ ᠵᠢᠷᠤᠭ ᠲᠥᠰᠥᠪ ᠢ | ᠡᠴᠦᠰ ᠲᠤᠨᠢ ᠲᠤᠯᠲᠠᠯ᠎ᠠ ᠵᠢᠷᠤᠭᠯᠠᠬᠤ ᠤᠶᠠᠨ ᠬᠠᠳᠠᠨ ᠴᠢᠨᠠᠷ᠂ ᠪᠠᠲᠤ ᠵᠣᠷᠢᠭ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠪᠠᠯ ᠬᠥᠭᠵᠢᠵᠦ ᠪᠠᠶᠢᠭ᠎ᠠ | ᠤᠯᠤᠰ ᠤᠳ ᠴᠦ ᠶᠠᠳᠠᠭᠤ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠵᠦ᠂ ᠪᠤᠶᠢᠳᠤᠨ ᠰᠢᠪᠠᠭᠤ ᠤᠷᠢᠳ ᠢᠶᠠᠷ ᠨᠢᠰᠴᠦ᠂ ᠥᠨᠳᠥᠷ ᠲᠤ ᠨᠢᠰᠴᠦ ᠪᠣᠯᠣᠨ᠎ᠠ | ᠭᠡᠳᠡᠭ ᠢ ᠭᠡᠷᠡᠴᠢᠯᠡᠪᠡ᠃ ᠳᠤᠮᠳᠠᠳᠤ ᠤᠯᠤᠰ ᠠᠮᠵᠢᠯᠲᠠ ᠣᠯᠵᠤ ᠪᠣᠯᠤᠭᠰᠠᠨ ᠶᠤᠮ ᠴᠢᠨᠢ᠂ ᠪᠤᠰᠤᠳ ᠬᠥᠭᠵᠢᠵᠦ ᠪᠠᠶᠢᠭ᠎ᠠ ᠤᠯᠤᠰ ᠤᠳ ᠴᠤ ᠠᠮᠵᠢᠯᠲᠠ ᠣᠯᠵᠤ | ᠪᠣᠯᠣᠨ᠎ᠠ᠃ ᠡᠨᠡ ᠪᠣᠯ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠣᠭᠰᠠᠨ ᠤ ᠳᠡᠯᠡᠬᠡᠢ | ᠳ᠋ᠠᠬᠢᠨ ᠤ ᠠᠴᠢ ᠬᠤᠯᠪᠣᠭᠳᠠᠯ ᠪᠣᠯᠣᠨ᠎ᠠ᠃ | ᠬᠠᠮᠲᠤ ᠠᠵᠢᠯᠯᠠᠭᠰᠠᠳ ᠠ᠋︕ | ᠳᠤᠮᠳᠠᠳᠤ ᠤᠯᠤᠰ ᠪᠣᠯ ᠢᠮᠠᠭᠲᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠨᠢᠭᠡ ᠪᠦᠷᠢᠯᠳᠦᠭᠦᠨ ᠮᠥᠨ᠂ ᠬᠥᠭᠵᠢᠵᠦ ᠪᠠᠶᠢᠭ᠎ᠠ | ᠤᠯᠤᠰ ᠤᠳ ᠤᠨ ᠨᠠᠶᠢᠳᠠᠪᠤᠷᠢᠲᠠᠢ ᠤᠷᠳᠤ ᠬᠤᠭᠤᠴᠠᠭᠠᠨ ᠤ ᠬᠠᠮᠲᠤᠷᠠᠯᠴᠠᠭᠠᠨ ᠤ ᠬᠠᠨᠢᠲᠠᠨ ᠮᠥᠨ᠂ ᠪᠠᠰᠠ ᠴᠤ ᠪᠦᠭᠦ ᠪᠥᠮᠪᠥᠷᠴᠡᠭ ᠤᠨ ᠬᠥᠭᠵᠢᠯᠲᠡ ᠶᠢᠨ | ᠦᠢᠯᠡᠰ ᠢ ᠳᠡᠮᠵᠢᠬᠦ ᠦᠢᠯᠡᠳᠦᠯᠭᠡᠵᠢᠭᠦᠯᠦᠭᠴᠢ ᠪᠠ ᠪᠣᠳᠠᠲᠠᠢ ᠠᠵᠢᠯᠯᠠᠭᠴᠢ ᠮᠥᠨ᠃ ᠳᠤᠮᠳᠠᠳᠤ ᠤᠯᠤᠰ ᠭᠠᠭᠴᠠ ᠴᠡᠴᠡᠭ ᠪᠠᠳᠠᠷᠠᠨ ᠳᠡᠯᠭᠡᠷᠡᠬᠦ ᠶᠢ ᠬᠥᠭᠡᠭᠡᠴᠡᠯᠳᠦᠬᠦ | ᠦᠭᠡᠢ ᠬᠠᠷᠢᠨ ᠴᠡᠴᠡᠭ ᠪᠦᠭᠦᠨ ᠵᠡᠷᠭᠡ ᠪᠠᠷ ᠳᠡᠯᠭᠡᠷᠡᠵᠦ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠭᠠᠷ ᠬᠤᠯᠪᠣᠨ ᠣᠳᠣᠬᠢᠴᠢᠯᠠᠯᠲᠠ ᠶᠢ | ᠪᠡᠶᠡᠯᠡᠭᠦᠯᠬᠦ ᠶᠢ ᠬᠦᠰᠡᠵᠦ ᠪᠠᠶᠢᠨ᠎ᠠ᠃ ᠠᠳᠡ ᠪᠢ ᠳᠤᠷᠠᠲᠠᠶ᠎ᠠ ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠬᠥᠭᠵᠢᠯᠲᠡ ᠶᠢ ᠳᠡᠮᠵᠢᠬᠦ ᠨᠠᠶᠢᠮᠠᠨ ᠵᠦᠢᠯ ᠤᠨ | ᠠᠵᠢᠯᠯᠠᠭ᠎ᠠ ᠶᠢ ᠨᠡᠶᠢᠲᠡᠯᠡᠶ᠎ᠡ᠃ | ᠨᠢᠭᠡᠳᠦᠭᠡᠷ ᠲᠤ᠂ ︽ᠨᠢᠭᠡ ᠪᠦᠰᠡ ᠨᠢᠭᠡ ᠵᠠᠮ︾ ᠢ ᠭᠠᠷ ᠬᠤᠯᠪᠣᠯᠴᠠᠨ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ 7000 ᠳ᠋ᠦᠩᠰᠢᠭᠤᠷ | ᠲᠥᠭᠦᠷᠢᠭ ᠤᠨ ᠠᠷᠠᠳ ᠤᠨ ᠵᠣᠭᠤᠰ ᠤᠨ ᠪᠡᠯᠡ ᠬᠤᠷᠠᠮᠳᠤᠭᠤᠯᠬᠤ ᠴᠣᠩᠬᠤᠪᠴᠢ ᠶᠢ ᠰᠢᠨ᠎ᠡ ᠪᠠᠷ ᠪᠠᠶᠢᠭᠤᠯᠵᠤ᠂ ᠲᠣᠷᠭᠠᠨ ᠵᠠᠮ ᠤᠨ ᠰᠠᠭᠤᠷᠢ ᠮᠥᠩᠭᠦ ᠳᠤ 800 | ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠮᠥᠩᠭᠦ ᠶᠢ ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ᠂ ᠪᠣᠰᠤᠭ᠎ᠠ ᠴᠣᠭᠴᠠᠲᠤ ᠬᠤᠯᠪᠣᠯᠳᠤᠨ | ᠨᠡᠪᠲᠡᠷᠡᠯᠴᠡᠬᠦ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠪᠠᠶᠢᠭᠤᠯᠵᠤ᠂ ᠪᠣᠬᠢᠷᠳᠤᠯ ᠦᠭᠡᠢ ᠲᠣᠷᠭᠠᠨ ᠵᠠᠮ ᠢᠶᠠᠷ ᠬᠥᠲᠥᠯᠥᠨ ᠳᠠᠭᠠᠭᠤᠯᠵᠤ᠂ ᠲᠣᠭᠠᠴᠢᠯᠠᠭᠰᠠᠨ | ᠲᠣᠷᠭᠠᠨ ᠵᠠᠮ ᠳᠤ ᠬᠦᠴᠦᠨ ᠣᠯᠭᠤᠨ᠎ᠠ᠃ | ᠬᠤᠶᠠᠳᠤᠭᠠᠷ ᠲᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠎ᠠ᠃ ᠨᠢᠭᠡᠨᠲᠡ 1100 ᠭᠠᠷᠤᠢ ᠬᠥᠭᠵᠢᠯᠲᠡ ᠶᠢᠨ | ᠲᠥᠷᠥᠯ ᠵᠦᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠤᠨ ᠰᠤᠳᠤᠯᠭᠠᠨ ᠤ ᠲᠥᠪ ᠢ ᠰᠠᠶᠢᠲᠤᠷ | ᠪᠦᠲᠦᠭᠡᠨ ᠪᠠᠶᠢᠭᠤᠯᠵᠤ᠂ 200 ᠳ᠋ᠦᠩᠰᠢᠭᠤᠷ ᠳ᠋ᠣᠯᠯᠠᠷ ᠤᠨ ᠪᠡᠯᠡ ᠮᠥᠩᠭᠦ ᠶᠢᠨ ᠴᠣᠩᠬᠤᠪᠴᠢ ᠶᠢ ᠦᠷᠭᠦᠯᠵᠢᠯᠡᠨ ᠰᠠᠶᠢᠲᠤᠷ ᠬᠡᠷᠡᠭᠯᠡᠨ ᠬᠥᠭᠵᠢᠵᠦ ᠪᠠᠶᠢᠭ᠎ᠠ | ᠤᠯᠤᠰ ᠤᠳ ᠢ ᠳᠡᠮᠵᠢᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠠᠮᠤ ᠪᠤᠳᠠᠭᠠᠨ ᠤ ᠠᠮᠤᠷ ᠲᠦᠪᠰᠢᠨ᠂ ᠲᠣᠭᠠᠴᠢᠯᠠᠭᠰᠠᠨ ᠠᠵᠤ ᠠᠬᠤᠢ | ᠵᠡᠷᠭᠡ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠭᠤᠷᠪᠠᠳᠤᠭᠠᠷ ᠲᠤ᠂ ᠠᠹᠷᠢᠺᠠ ᠲᠢᠪ ᠤᠨ ᠬᠥᠭᠵᠢᠯᠲᠡ ᠶᠢ ᠲᠡᠮᠵᠢᠨ᠎ᠠ᠃ ᠡᠨᠡ ᠵᠢᠯ ᠤᠨ 9 ᠰᠠᠷ᠎ᠠ ᠳᠤ᠂ ᠪᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ | ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠳᠡᠭᠡᠷ᠎ᠡ ᠢᠷᠡᠬᠦ 3 ᠵᠢᠯ ᠳᠤ ᠠᠹᠷᠢᠺᠠ ᠲᠢᠪ ᠯᠦᠭᠡ ᠭᠠᠷ ᠬᠤᠯᠪᠣᠯᠴᠠᠨ | ᠣᠳᠣᠬᠢᠴᠢᠯᠠᠯᠲᠠ ᠶᠢ ᠠᠬᠢᠭᠤᠯᠬᠤ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠨᠡᠶᠢᠲᠡᠯᠡᠭᠰᠡᠨ ᠪᠥᠭᠡᠳ ᠡᠭᠦᠨ ᠳᠤ 3600 ᠳ᠋ᠦᠩᠰᠢᠭᠤᠷ ᠲᠥᠭᠦᠷᠢᠭ ᠤᠨ | ᠠᠷᠠᠳ ᠤᠨ ᠵᠣᠭᠤᠰᠤᠨ ᠤ ᠪᠡᠯᠡ ᠮᠥᠩᠭᠦᠨ ᠤ ᠳᠡᠮᠵᠢᠯᠭᠡ ᠬᠠᠩᠭᠠᠪᠠ᠃ | ᠳᠥᠷᠪᠡᠳᠦᠭᠡᠷ ᠲᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠤᠯᠠᠨ ᠤᠯᠤᠰ ᠤᠨ | ᠬᠠᠮᠲᠤᠷᠠᠯᠴᠠᠭ᠎ᠠ ᠶᠢ ᠲᠡᠮᠵᠢᠨ᠎ᠡ᠃ ᠳᠤᠮᠳᠠᠳᠤ ᠶᠢᠨ ᠲᠠᠯ᠎ᠠ ︽ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ ᠪᠦᠭᠦ ᠪᠥᠮᠪᠥᠷᠴᠡᠭ ᠤᠨ ᠬᠤᠯᠪᠤᠭ᠎ᠠ | ︾ ᠳᠤ ᠣᠷᠤᠯᠴᠠᠬᠤ ᠪᠠᠷ ᠲᠣᠭᠲᠠᠵᠤ᠂ ᠬᠤᠷᠢᠨ ᠤᠯᠤᠰ ᠤᠨ ᠪᠦᠯᠦᠭᠯᠡᠯ ᠤᠨ ᠬᠥᠭᠵᠢᠯᠲᠡ ᠶᠢᠨ ᠰᠠᠶᠢᠳ ᠨᠠᠷ ᠤᠨ ᠬᠤᠷᠠᠯ ᠢ ᠦᠷᠭᠦᠯᠵᠢᠯᠡᠨ ᠡᠷᠭᠢᠯᠡᠭᠦ ᠶᠢ | ᠳᠡᠮᠵᠢᠬᠦ ᠶᠢᠨ ᠬᠠᠮᠲᠤ ᠤᠯᠠᠨ ᠤᠯᠤᠰ ᠤᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠢ ᠦᠷᠭᠦᠯᠵᠢᠯᠡᠨ ᠭᠤᠣᠯᠯᠠᠨ ᠡᠷᠭᠢᠯᠡᠨ᠎ᠠ᠃ | ᠲᠠᠪᠤᠳᠤᠭᠠᠷ ᠲᠤ᠂ ᠳᠤᠮᠳᠠᠳᠤ ᠤᠯᠤᠰ ᠪᠷᠠᠽᠢᠯ᠂ ᠡᠮᠦᠨᠡᠲᠦ ᠠᠹᠷᠢᠺᠠ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠲᠠᠢ ᠬᠠᠮᠲᠤ ᠪᠠᠷ ︽ᠨᠡᠭᠡᠭᠡᠯᠲᠡᠲᠡᠢ | ᠰᠢᠨᠵᠢᠯᠡᠬᠦ ᠤᠬᠠᠭᠠᠨ ᠤ ᠤᠯᠠᠨ ᠤᠯᠤᠰ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ︾ ᠶᠢ ᠡᠭᠦᠰᠬᠡᠨ ᠳᠤᠷᠠᠳᠴᠤ᠂ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠨᠡᠩ ᠤᠯᠠᠨ ᠠᠰᠢᠭ | ᠬᠦᠷᠲᠡᠭᠡᠬᠦ ᠶᠢ ᠠᠬᠢᠭᠤᠯᠤᠨ᠎ᠠ᠃ | ᠵᠢᠷᠭᠤᠳᠤᠭᠠᠷ ᠲᠤ᠂ ᠬᠤᠷᠢᠨ ᠤᠯᠤᠰ ᠤᠨ ᠪᠦᠯᠦᠭᠯᠡᠯ ᠤᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠪᠤᠶᠠᠨ ᠦᠢᠯᠡᠳᠬᠦ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠵᠤ᠂ ︽ᠬᠥᠭᠵᠢᠵᠦ ᠪᠠᠶᠢᠭ᠎ᠠ ᠤᠯᠤᠰ ᠤᠳ ᠲᠤ ᠴᠡᠪᠡᠷ ᠡᠨᠧᠷᠭᠢ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ | ᠵᠠᠮ ᠱᠤᠭᠤᠮ ᠤᠨ ᠵᠢᠷᠤᠭ︾᠂ ︽ᠠᠮᠢᠳᠤ ᠪᠣᠳᠠᠰ ᠤᠨ ᠠᠵᠤ ᠠᠬᠤᠢ ᠶᠢᠨ ᠳᠡᠭᠡᠳᠦ ᠲᠡᠰ ᠤᠨ ᠵᠠᠷᠴᠢᠮ︾ ᠵᠡᠷᠭᠡ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ | ᠪᠡᠭᠡᠵᠢᠩ ᠳᠤ ᠪᠠᠶᠢᠭᠤᠯᠤᠭᠰᠠᠨ ᠬᠤᠷᠢᠨ ᠤᠯᠤᠰ ᠤᠨ ᠪᠦᠯᠦᠭᠯᠡᠯ ᠤᠨ ᠦᠢᠯᠡᠰ ᠪᠣᠰᠬᠠᠬᠤ ᠰᠤᠳᠤᠯᠭᠠᠨ ᠤ ᠲᠥᠪ ᠤᠨ ᠠᠵᠢᠯ ᠢ ᠲᠡᠮᠵᠢᠵᠤ᠂ ᠡᠯ᠎ᠡ ᠲᠠᠯ᠎ᠠ ᠶᠢᠨ ᠬᠢᠨ ᠤ | ᠲᠣᠭᠠᠴᠢᠯᠠᠭᠰᠠᠨ ᠰᠤᠷᠭᠠᠨ ᠬᠥᠮᠦᠵᠢᠯ᠂ ᠮᠦᠽᠧᠢ ᠶᠢᠨ ᠲᠣᠭᠠᠴᠢᠯᠠᠯᠲᠠ᠂ ᠡᠷᠲᠡᠨ ᠤ ᠨᠣᠮ ᠪᠢᠴᠢᠭ ᠤᠨ ᠲᠣᠭᠠᠴᠢᠯᠠᠯᠲᠠ ᠵᠡᠷᠭᠡ ᠬᠦᠷᠢᠶᠡᠨ ᠳᠤ ᠬᠠᠮᠲᠤᠷᠠᠯᠴᠠᠭ᠎ᠠ | ᠥᠷᠨᠢᠭᠦᠯᠬᠦ ᠶᠢ ᠲᠡᠮᠵᠢᠨ᠎ᠠ᠃ | ᠳᠣᠯᠣᠳᠤᠭᠠᠷ ᠲᠤ᠂ ᠬᠤᠷᠢᠨ ᠤᠯᠤᠰ ᠤᠨ ᠪᠦᠯᠦᠭᠯᠡᠯ ᠤᠨ ︽ᠢᠯᠵᠠᠷᠠᠯ ᠢ ᠡᠰᠡᠷᠭᠦᠴᠡᠬᠦ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ | ᠬᠥᠭᠵᠢᠵᠦ ᠪᠠᠶᠢᠭ᠎ᠠ ᠤᠯᠤᠰ ᠤᠳ ᠯᠤᠭ᠎ᠠ ᠭᠠᠳᠠᠭᠠᠳᠤ ᠳᠤ ᠳᠤᠲᠠᠭᠠᠭᠰᠠᠨ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ᠂ | ᠢᠯᠵᠠᠷᠠᠯ ᠢ ᠳᠠᠯᠳᠠᠯᠠᠬᠤ ᠭᠠᠵᠠᠷ ᠦᠭᠡᠢ ᠪᠤᠯᠭᠠᠬᠤ᠂ ᠢᠯᠵᠠᠷᠠᠯ ᠢ ᠡᠰᠡᠷᠭᠦᠴᠡᠬᠦ ᠴᠢᠳᠠᠪᠤᠷᠢ ᠶᠢᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠴᠢᠩᠭᠠᠳᠬᠠᠨ᠎ᠠ᠃ | ᠨᠠᠶᠢᠮᠠᠳᠤᠭᠠᠷ ᠲᠤ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ | ᠬᠠᠮᠤᠭ ᠤᠨ ᠬᠥᠭᠵᠢᠭᠡᠳᠦᠢ ᠤᠯᠤᠰ ᠲᠤ ᠭᠠᠭᠴᠠ ᠲᠠᠯ᠎ᠠ ᠶᠢᠨ ᠨᠡᠭᠡᠭᠡᠯᠲᠡ ᠬᠢᠬᠦ ᠶᠢ ᠥᠷᠭᠡᠳᠬᠡᠨ᠎ᠡ᠃ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ ᠪᠤᠢ ᠪᠦᠬᠦᠢ ᠬᠠᠮᠤᠭ ᠤᠨ ᠬᠥᠭᠵᠢᠭᠡᠳᠦᠢ ᠤᠯᠤᠰ ᠲᠤ 100% ᠶᠢᠨ ᠭᠠᠶᠢᠯᠢ ᠶᠢᠨ ᠲᠥᠷᠥᠯ ᠤᠨ ᠦᠢᠯᠡᠳᠬᠦᠨ ᠠᠴᠠ ᠪᠣᠭᠤᠮᠲᠠ ᠶᠢᠨ ᠭᠠᠶᠢᠯᠢ | ᠬᠤᠷᠢᠶᠠᠬᠤ ᠦᠭᠡᠢ ᠬᠠᠷᠠᠭᠠᠯᠵᠠᠯ ᠦᠵᠡᠭᠦᠯᠦᠨ᠎ᠡ ᠭᠡᠵᠦ ᠨᠢᠭᠡᠨᠲᠡ ᠨᠡᠶᠢᠲᠡᠯᠡᠪᠡ᠃ ᠣᠲᠣ ᠠᠴᠠ 2030 ᠣᠨ ᠪᠤᠯᠲᠠᠯ᠎ᠠ᠂ ᠳᠤᠮᠳᠠᠳᠤ ᠤᠯᠤᠰ ᠤᠨ ᠬᠥᠭᠵᠢᠵᠦ | ᠪᠠᠶᠢᠭ᠎ᠠ ᠤᠯᠤᠰ ᠤᠳ ᠠᠴᠠ ᠣᠷᠣᠭᠤᠯᠬᠤ ᠬᠡᠮᠵᠢᠶ᠎ᠡ 8 ᠲᠦᠮᠡᠨ ᠳ᠋ᠦᠩᠰᠢᠭᠤᠷ ᠳ᠋ᠣᠯᠯᠠᠷ ᠢ ᠳᠠᠪᠠᠭ᠋ᠤ ᠪᠣᠯᠣᠮᠵᠢ ᠲᠠᠢ ᠪᠠᠶᠢᠨ᠎ᠠ᠃ | ᠬᠠᠮᠲᠤ ᠠᠵᠢᠯᠯᠠᠭᠰᠠᠳ ᠠ᠋︕ | ᠮᠢᠩᠭᠠᠨ ᠭᠠᠵᠠᠷ ᠤᠨ ᠠᠶᠠᠨ ᠬᠥᠯ ᠳᠣᠣᠷ᠎ᠠ ᠠᠴᠠ ᠡᠬᠢᠯᠡᠨ᠎ᠡ ᠭᠡᠵᠦ ᠳᠤᠮᠳᠠᠳᠤᠴᠤᠳ ᠪᠠᠶᠢᠩᠭᠤ ᠬᠡᠯᠡᠳᠡᠭ᠃ ᠳᠤᠮᠳᠠᠳᠤ ᠤᠯᠤᠰ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ ᠬᠥᠳᠡᠯᠦᠯᠴᠡᠵᠦ᠂ ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠵᠤ᠂ ᠶᠠᠳᠠᠭᠤ ᠬᠦᠴᠢᠷᠳᠡᠯ ᠢ | ᠥᠩᠭᠡᠷᠡᠭᠰᠡᠨ ᠤ ᠬᠢ ᠪᠤᠯᠭᠠᠵᠤ᠂ ᠰᠠᠶᠢᠨ ᠰᠠᠶᠢᠬᠠᠨ ᠬᠦᠰᠡᠯ ᠢᠷᠡᠭᠡᠳᠦᠢ ᠶᠢ ᠪᠣᠳᠠᠲᠤ ᠠᠬᠤᠢ ᠪᠣᠯᠭᠠᠨ᠎ᠠ᠃ | ᠣᠯᠠᠨ ᠳᠤ ᠪᠠᠶᠠᠷᠯᠠᠯ᠎ᠠ᠃ | ︵ᠰᠢᠨᠬᠤᠸᠠ ᠬᠤᠷᠢᠶ᠎ᠠ ᠶᠢᠨ ᠷᠢᠦ᠋ ᠳ᠋ᠢ ᠿᠧᠨᠦ᠋ᠢᠷᠦ᠋ ᠶᠢᠨ 11 ᠰᠠᠷ᠎ᠠ ᠶᠢᠨ 18 ᠤ ᠴᠠᠭᠢᠯᠭᠠᠨ ᠮᠡᠳᠡᠭᠡ︶ | | | | | | |