| | | ︵2024 ᠣᠨ ᠤ 11 ᠰᠠᠷ᠎ᠠ ᠶᠢᠨ 18 ᠤ ᠡᠳᠦᠷ᠂ ᠷᠢᠦ᠋ ᠳ᠋ᠢ ᠿᠧᠨᠦ᠋ᠢᠷᠦ᠋ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠯᠦᠯᠠ᠂ | ᠬᠠᠮᠲᠤ ᠠᠵᠢᠯᠯᠠᠭᠰᠠᠳ ᠠ᠋᠄ | ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠨᠢᠭᠡᠨᠲᠡ 16 ᠵᠢᠯ ᠤᠨ ᠲᠡᠦᠬᠡᠨ ᠶᠠᠪᠤᠴᠠ ᠶᠢ | ᠥᠩᠭᠡᠷᠡᠭᠡᠵᠡᠢ᠃ ᠡᠳᠡᠭᠡᠷ ᠵᠢᠯ ᠤᠳ ᠲᠤ ᠪᠢᠳᠡ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠢ | ᠠᠷᠭᠠᠴᠠᠭᠠᠵᠤ᠂ ᠪᠦᠭᠦ ᠪᠥᠮᠪᠥᠷᠴᠡᠭ ᠤᠨ ᠠᠵᠤ ᠠᠬᠤᠢ᠂ ᠮᠥᠩᠭᠦᠨ ᠭᠦᠢᠯᠭᠡᠭᠡᠨ᠂ ᠠᠷᠠᠯᠵᠢᠶ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠵᠤ᠂ ᠳᠡᠯᠡᠬᠡᠢ ᠶᠢᠨ | ᠠᠵᠤ ᠠᠬᠤᠢ ᠶᠢ ᠳᠠᠭᠠᠭᠤᠯᠤᠨ ᠰᠡᠷᠭᠦᠯᠲᠡ ᠶᠢᠨ ᠵᠠᠮ ᠳᠤ ᠣᠷᠣᠭᠤᠯᠪᠠ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠭᠦ ᠪᠥᠮᠪᠥᠷᠴᠡᠭ ᠤᠨ | ᠥᠷᠢᠰᠦᠯᠳᠦᠭᠡᠨ ᠳᠤ ᠰᠢᠭᠤᠳ ᠬᠠᠨᠳᠤᠨ᠂ ᠠᠭᠤᠷ ᠠᠮᠢᠰᠬᠤᠯ ᠤᠨ ᠬᠤᠪᠢᠷᠠᠯᠲᠠ ᠶᠢ ᠬᠠᠮᠲᠤ ᠪᠠᠷ ᠠᠷᠭᠠᠴᠠᠭᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠨ᠂ ᠮᠡᠷᠭᠡᠵᠢᠯ ᠤᠨ ᠬᠤᠪᠢᠰᠤᠯᠲᠠ ᠶᠢ ᠬᠥᠲᠥᠯᠥᠨ ᠳᠠᠭᠠᠭᠤᠯᠵᠤ᠂ ᠬᠤᠷᠢᠨ ᠤᠯᠤᠰ ᠤᠨ ᠪᠦᠯᠦᠭᠯᠡᠯ ᠳᠤ ᠲᠠᠰᠤᠷᠠᠯᠳᠠ ᠦᠭᠡᠢ ᠰᠢᠨ᠎ᠡ | ᠬᠠᠷᠢᠭᠤᠴᠠᠯᠭ᠎ᠠ ᠪᠠ ᠡᠭᠦᠷᠭᠡ ᠣᠯᠭᠤᠪᠠ᠃ ᠪᠢᠳᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ | ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠠᠬᠢᠭᠤᠯᠵᠤ᠂ ᠡᠷᠬᠡ ᠲᠡᠭᠰᠢ ᠪᠠᠷ ᠵᠥᠪᠳᠡᠯᠴᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠪᠠᠷ ᠤᠯᠠᠨ ᠤᠯᠤᠰ ᠤᠨ | ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠪᠠ᠃ | ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠬᠤᠷᠢᠨ ᠤᠯᠤᠰ ᠤᠨ ᠪᠦᠯᠦᠭᠯᠡᠯ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠵᠦ᠂ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠥᠭᠭᠦᠨ᠂ ᠦᠷᠭᠦᠯᠵᠢᠯᠡᠨ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ᠂ ᠲᠡᠦᠬᠡ ᠶᠢᠨ ᠲᠠᠪᠰᠢᠯᠳᠠ ᠶᠢ | ᠠᠬᠢᠭᠤᠯᠬᠤ ᠬᠦᠴᠦᠨ ᠪᠣᠯᠪᠠᠯ ᠵᠣᠬᠢᠨ᠎ᠠ᠃ ᠪᠢᠳᠡ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠨᠦᠭᠦᠭᠡ ᠡᠲᠡᠭᠡᠳ ᠤᠨ ᠢᠶᠠᠨ ᠬᠥᠭᠵᠢᠯᠲᠡ ᠶᠢ ᠠᠵᠠ ᠲᠣᠭᠢᠶᠠᠯ ᠭᠡᠵᠦ ᠦᠵᠡᠬᠦ ᠠᠴᠠ ᠪᠢᠰᠢ ᠬᠠᠷᠢᠨ ᠥᠷᠢᠰᠦᠯᠳᠦᠭᠡᠨ ᠭᠡᠵᠦ ᠦᠵᠡᠵᠦ ᠪᠤᠯᠬᠤ ᠦᠭᠡᠢ᠂ ᠨᠦᠭᠦᠭᠡ | ᠡᠲᠡᠭᠡᠳ ᠢᠶᠠᠨ ᠬᠠᠨᠢᠲᠠᠨ ᠪᠤᠯᠭᠠᠬᠤ ᠠᠴᠠ ᠪᠢᠰᠢ ᠥᠷᠢᠰᠦᠯᠳᠦᠭᠴᠢ ᠪᠤᠯᠭᠠᠵᠤ ᠪᠤᠯᠬᠤ ᠦᠭᠡᠢ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠢᠴᠢᠶᠡᠩᠭᠦ᠋ᠢᠯᠡᠨ ᠵᠢᠷᠤᠮᠯᠠᠵᠤ᠂ | ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠶ᠎ᠠ᠃ ᠬᠤᠷᠢᠨ ᠤᠯᠤᠰ ᠤᠨ ᠪᠦᠯᠦᠭᠯᠡᠯ ᠤᠨ ᠡᠭᠦᠷᠭᠡ | ᠲᠤᠰᠢᠶᠠᠯ ᠲᠠᠢ ᠤᠶᠠᠯᠳᠤᠭᠤᠯᠵᠤ᠂ ᠠᠵᠤ ᠠᠬᠤᠢ᠂ ᠮᠥᠩᠭᠦᠨ ᠭᠦᠢᠯᠭᠡᠭᠡᠨ᠂ ᠠᠷᠠᠯᠵᠢᠶ᠎ᠠ᠂ ᠲᠣᠭᠠᠴᠢᠯᠠᠯᠲᠠ᠂ ᠠᠮᠢ ᠠᠬᠤᠢ ᠣᠷᠴᠢᠨ ᠲᠣᠭᠤᠷᠢᠨ ᠵᠡᠷᠭᠡ ᠬᠦᠷᠢᠶᠡᠨ ᠳᠤ | ᠤᠯᠠᠨ ᠤᠯᠤᠰ ᠤᠨ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠡᠷᠬᠡ ᠲᠡᠭᠰᠢ | ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠪᠠᠯ ᠵᠣᠬᠢᠨ᠎ᠠ᠃ | | ᠨᠢᠭᠡᠳᠦᠭᠡᠷ ᠲᠤ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠮᠠᠶ᠋ᠢᠭ ᠤᠨ ᠳᠡᠯᠡᠬᠡᠢ ᠶᠢᠨ ᠠᠵᠤ | ᠠᠬᠤᠢ ᠶᠢ ᠪᠠᠶᠢᠭᠤᠯᠤᠶ᠎ᠠ᠃ ᠪᠢᠳᠡ ᠨᠢᠭᠡᠨᠲᠡ ᠬᠤᠷᠢᠨ ᠤᠯᠤᠰ ᠤᠨ ᠪᠦᠯᠦᠭᠯᠡᠯ ᠤᠨ ᠪᠦᠭᠦ ᠲᠠᠯ᠎ᠠ ᠶᠢᠨ ᠨᠡᠮᠡᠭᠳᠡᠯ ᠤᠨ ᠪᠠᠶᠢᠯᠳᠤᠬᠤ ᠪᠣᠳᠣᠯᠭ᠎ᠠ ᠶᠢ ᠲᠣᠭᠲᠠᠭᠠᠵᠤ᠂ | ᠬᠦᠴᠦᠲᠡᠢ᠂ ᠦᠷᠭᠦᠯᠵᠢᠯᠡᠬᠦ᠋ᠢᠴᠡ᠂ ᠲᠡᠩᠴᠡᠭᠦᠷᠢᠲᠡᠢ ᠪᠠ ᠪᠠᠭᠲᠠᠭᠠᠮᠵᠢᠲᠠᠢ ᠨᠡᠮᠡᠭᠳᠡᠯ ᠤᠨ ᠪᠣᠷᠣ ᠲᠥᠯᠥᠪ ᠢ ᠪᠠᠶᠢᠭᠤᠯᠪᠠ᠃ ᠣᠳᠣᠬᠠᠨ ᠳᠤ᠂ ᠪᠦᠭᠦ ᠪᠥᠮᠪᠥᠷᠴᠡᠭ ᠤᠨ | ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠪᠠᠷ ᠴᠢᠷᠮᠠᠶᠢᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠵᠣᠭᠤᠰ᠂ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢᠨ ᠲᠠᠯ᠎ᠠ ᠪᠠᠷ ᠬᠤᠷᠸ᠎ᠠ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠤᠶᠢᠵᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠳᠡᠯᠡᠬᠡᠢ ᠶᠢᠨ ᠠᠵᠤ ᠠᠬᠤᠢ ᠳᠤ ᠨᠡᠩ ᠥᠷᠭᠡᠨ ᠠᠭᠤᠳᠠᠮ | ᠬᠥᠭᠵᠢᠯᠲᠡ ᠶᠢᠨ ᠣᠷᠣᠨ ᠵᠠᠢ ᠶᠢ ᠨᠡᠭᠡᠭᠡᠵᠦ ᠥᠭᠬᠦ ᠪᠠᠷ ᠬᠦᠴᠦᠯᠡᠨ ᠴᠢᠷᠮᠠᠶᠢᠶ᠎ᠠ᠃ ᠬᠤᠷᠢᠨ ᠤᠯᠤᠰ ᠤᠨ ᠪᠦᠯᠦᠭᠯᠡᠯ ᠤᠨ ᠡᠳ᠋ ᠤᠨ ᠵᠠᠰᠠᠭ ᠤᠨ ᠶᠠᠮᠤᠨ ᠤ ᠰᠠᠶᠢᠳ | ᠪᠣᠯᠣᠨ ᠲᠥᠪ ᠪᠠᠩᠬᠢ ᠶᠢᠨ ᠳᠠᠷᠤᠭ᠎ᠠ ᠨᠠᠷ ᠤᠨ ᠬᠤᠷᠠᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠬᠤᠷᠸ᠎ᠠ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢᠨ | ︽ᠲᠣᠭᠲᠠᠪᠤᠷᠢᠵᠢᠭᠤᠯᠤᠭᠴᠢ︾ ᠶᠢ ᠡᠭᠦᠳᠴᠦ᠂ ᠨᠡᠭᠡᠭᠡᠯᠲᠡᠲᠡᠢ᠂ ᠪᠠᠭᠲᠠᠭᠠᠮᠵᠢᠲᠠᠢ᠂ ᠭᠠᠳᠠᠭᠤᠷᠴᠢᠯᠠᠯ ᠦᠭᠡᠢ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ | ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠤᠯᠠᠨ ᠤᠯᠤᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠬᠤᠳᠠᠯᠳᠤᠭᠠᠨ ᠤ ᠠᠪᠴᠠᠭᠠᠨ ᠤ ᠲᠠᠯ᠎ᠠ ᠨᠢ | ᠭᠤᠣᠯ ᠠᠪᠴᠠᠭᠠᠨ ᠤ ᠲᠠᠯ᠎ᠠ ᠪᠣᠯᠤᠭᠰᠠᠨ ᠤ ᠬᠤᠪᠢ ᠳᠤ᠂ ᠬᠥᠭᠵᠢᠵᠦ ᠪᠠᠶᠢᠭ᠎ᠠ ᠤᠯᠤᠰ ᠤᠨ ᠥᠷᠢ ᠥᠭᠴᠡᠭᠡ ᠶᠢ ᠬᠥᠩᠭᠡᠷᠡᠭᠦᠯᠵᠦ ᠬᠤᠶᠢᠰᠢᠯᠠᠭᠤᠯᠬᠤ ᠠᠵᠢᠯᠯᠠᠭ᠎ᠠ ᠳᠤ | ᠣᠷᠣᠯᠴᠠᠪᠠᠯ ᠵᠣᠬᠢᠨ᠎ᠠ᠃ ᠰᠤᠷᠲᠠᠯ ᠴᠢᠬᠡᠴᠢ ᠣᠪᠣᠷ ᠲᠥᠪ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠵᠤ᠂ ᠢᠯᠵᠠᠷᠠᠯ ᠢ ᠤᠬᠳᠤ ᠠᠭᠤᠴᠢᠯᠠᠬᠤ | ᠦᠭᠡᠢ ᠪᠠᠶᠢᠬᠤ ᠶᠢ ᠪᠠᠷᠢᠮᠲᠠᠯᠠᠨ᠂ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ | ᠴᠢᠩᠭᠠᠳᠬᠠᠵᠤ᠂ ᠢᠯᠵᠠᠷᠠᠯ ᠤᠨ ᠡᠲᠡᠭᠡᠳ ᠵᠢᠴᠢ ᠲᠡᠭᠦᠨ ᠤ ᠡᠳ᠋ ᠬᠥᠷᠥᠩᠭᠡ ᠳᠤ ︽ᠠᠶᠤᠯ ᠠᠴᠠ ᠵᠠᠶᠢᠯᠠᠬᠤ ᠭᠠᠷᠠᠮ︾ ᠪᠢᠲᠡᠭᠡᠢ ᠬᠠᠩᠭᠠᠶ᠎ᠠ᠃ | ᠬᠤᠶᠠᠳᠤᠭᠠᠷ ᠲᠤ᠂ ᠪᠦᠭᠦ ᠪᠥᠮᠪᠥᠷᠴᠡᠭ ᠤᠨ ᠮᠥᠩᠭᠦᠨ ᠭᠦᠢᠯᠭᠡᠭᠡᠨ ᠤ ᠵᠠᠰᠠᠯᠲᠠ ᠶᠢ ᠲᠡᠭᠦᠯᠳᠡᠷᠵᠢᠭᠦᠯᠵᠦ᠂ ᠲᠣᠭᠲᠠᠭᠤᠨ ᠮᠠᠶ᠋ᠢᠭ ᠤᠨ ᠳᠡᠯᠡᠬᠡᠢ ᠶᠢᠨ ᠠᠵᠤ | ᠠᠬᠤᠢ ᠶᠢ ᠪᠠᠶᠢᠭᠤᠯᠤᠶ᠎ᠠ᠃ ᠬᠥᠭᠵᠢᠵᠦ ᠪᠠᠶᠢᠭ᠎ᠠ ᠤᠯᠤᠰ ᠤᠳ ᠤᠨ ᠦᠭᠡ ᠬᠡᠯᠡᠬᠦ ᠡᠷᠬᠡ ᠪᠠ ᠲᠥᠯᠥᠭᠡᠯᠡᠬᠦ ᠴᠢᠨᠠᠷ ᠢ ᠨᠡᠮᠡᠭᠳᠡᠭᠦᠯᠵᠦ᠂ ᠡᠯ᠎ᠡ ᠲᠠᠯ᠎ᠠ ᠶᠢᠨ ᠬᠢᠨ ᠤ | ᠵᠥᠪᠳᠡᠯᠴᠡᠨ ᠲᠣᠭᠲᠠᠭᠠᠭᠰᠠᠨ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠶᠣᠰᠣᠭᠠᠷ᠂ ᠳᠡᠯᠡᠬᠡᠢ ᠶᠢᠨ ᠪᠠᠩᠬᠢ ᠶᠢᠨ ᠰᠲ᠋ᠣᠺ ᠤᠨ ᠡᠷᠬᠡ ᠶᠢ ᠬᠢᠨᠠᠨ | ᠶᠠᠷᠢᠯᠴᠠᠬᠤ ᠠᠵᠢᠯ ᠢ ᠥᠷᠨᠢᠭᠦᠯᠵᠦ᠂ ᠤᠯᠠᠨ ᠤᠯᠤᠰ ᠤᠨ ᠵᠣᠭᠤᠰᠤᠨ ᠤ ᠰᠠᠭᠤᠷᠢ ᠮᠥᠩᠭᠦ ᠶᠢᠨ ᠵᠣᠬᠢᠶᠠᠨ ᠪᠠᠶᠢᠭᠤᠯᠤᠯᠲᠠ ᠶᠢᠨ ᠬᠤᠪᠢ ᠶᠢᠨ ᠡᠵᠡᠯᠡᠬᠦ ᠬᠠᠷᠢᠴᠠᠯ ᠳᠤ | ᠲᠣᠬᠢᠷᠠᠭᠤᠯᠤᠯᠲᠠ ᠬᠢᠬᠦ ᠠᠵᠢᠯ ᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠲᠤ ᠪᠠᠷ | ᠬᠠᠮᠠᠭᠠᠯᠠᠵᠤ᠂ ᠲᠤᠰ ᠤᠯᠤᠰ ᠤᠨ ᠢᠶᠠᠨ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠨᠠᠵᠠᠭᠠᠢ ᠦᠷ᠎ᠡ ᠨᠥᠯᠥᠭᠡ ᠡᠭᠦᠰᠴᠦ ᠦᠷᠪᠢᠰᠦᠨ | ᠲᠡᠯᠡᠷᠡᠬᠦ ᠶᠢ ᠰᠡᠷᠭᠡᠶᠢᠯᠡᠵᠦ᠂ ᠬᠥᠭᠵᠢᠭᠰᠡᠨ ᠤᠯᠤᠰ ᠤᠳ ᠡᠨᠡ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠪᠡᠯ ᠵᠣᠬᠢᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠭᠦ᠂ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠭᠠᠴᠢᠯᠠᠭᠰᠠᠨ ᠵᠣᠭᠤᠰ᠂ ᠭᠠᠶᠢᠯᠢ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠲᠣᠣᠷ ᠢ ᠪᠠᠬᠢᠵᠢᠭᠦᠯᠦᠶ᠎ᠡ᠃ ︽ᠬᠤᠷᠢᠨ ᠤᠯᠤᠰ ᠤᠨ | ᠪᠦᠯᠦᠭᠯᠡᠯ ᠤᠨ ᠦᠷᠭᠦᠯᠵᠢᠯᠡᠬᠦ ᠮᠥᠩᠭᠦᠨ ᠭᠦᠢᠯᠭᠡᠭᠡᠨ ᠤ ᠵᠠᠮ ᠱᠤᠭᠤᠮ ᠤᠨ ᠵᠢᠷᠤᠭ︾ ᠢ ᠲᠦᠷᠭᠡᠳᠬᠡᠨ ᠨᠠᠶᠢᠳᠠᠪᠤᠷᠢᠵᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ | ᠪᠣᠬᠢᠷᠳᠤᠯ ᠦᠭᠡᠢ ᠪᠡᠯᠡ ᠬᠤᠷᠠᠮᠳᠤᠭᠤᠯᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ | ᠭᠤᠷᠪᠠᠳᠤᠭᠠᠷ ᠲᠤ᠂ ᠪᠦᠭᠦ ᠪᠥᠮᠪᠥᠷᠴᠡᠭ ᠤᠨ ᠠᠷᠠᠯᠵᠢᠶᠠᠨ ᠤ ᠵᠠᠰᠠᠯᠲᠠ ᠶᠢ ᠲᠡᠭᠦᠯᠳᠡᠷᠵᠢᠭᠦᠯᠵᠦ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ | ᠪᠠᠶᠢᠭᠤᠯᠤᠶ᠎ᠠ᠃ ᠬᠥᠭᠵᠢᠯᠲᠡ ᠶᠢ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠵᠥᠪᠯᠡᠬᠦ ᠵᠦᠢᠯ ᠤᠨ ᠭᠤᠣᠯ ᠪᠠᠶᠢᠷᠢᠨ ᠳᠤ ᠲᠠᠯᠪᠢᠵᠤ᠂ ᠠᠷᠠᠯᠵᠢᠶ᠎ᠠ ᠪᠠ ᠪᠡᠯᠡ | ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢ ᠡᠰᠡᠷᠭᠦᠴᠡᠵᠦ᠂ ᠮᠠᠷᠭᠤᠯᠳᠤᠭᠠᠨ ᠢ ᠰᠢᠢᠳᠪᠦᠷᠢᠯᠡᠬᠦ | ᠲᠣᠭᠲᠠᠴᠠ ᠶᠢᠨ ᠠᠯᠢ ᠲᠦᠷᠭᠡᠨ ᠢᠶᠠᠷ ᠬᠡᠪ ᠤᠨ ᠠᠵᠢᠯᠯᠠᠭ᠎ᠠ ᠪᠠᠨ ᠰᠡᠷᠭᠦᠭᠡᠬᠦ ᠶᠢ ᠠᠬᠢᠭᠤᠯᠬᠤ ᠶᠢᠨ ᠬᠠᠮᠲᠤ ︽ᠬᠥᠭᠵᠢᠯᠲᠡ ᠶᠢ ᠠᠬᠢᠭᠤᠯᠬᠤ ᠪᠡᠯᠡ | ᠣᠷᠣᠭᠤᠯᠤᠯᠲᠠ ᠶᠢᠨ ᠳᠥᠭᠦᠮᠴᠢᠯᠡᠯᠲᠡ ᠶᠢᠨ ᠬᠡᠯᠡᠯᠴᠡᠭᠡᠷ︾ ᠢ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠳᠦᠷᠢᠮ ᠤᠨ ᠪᠣᠷᠣ ᠲᠥᠯᠥᠪ ᠲᠤ | ᠣᠷᠣᠭᠤᠯᠵᠤ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠡᠯᠡᠯᠴᠡᠭᠡᠷ ᠤᠨ ᠲᠤᠬᠠᠢ ᠡᠷᠲᠡᠬᠡᠨ ᠰᠠᠨᠠᠯ ᠨᠢᠭᠡᠳᠬᠦ ᠬᠡᠷᠡᠭᠲᠡᠢ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠶᠢᠨ ᠳᠦᠷᠢᠮ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠢᠳᠡᠪᠬᠢᠲᠡᠢ ᠠᠬᠢᠭᠤᠯᠵᠤ᠂ ᠤᠷᠳᠤ ᠬᠤᠭᠤᠴᠠᠭ᠎ᠠ ᠪᠠᠷ ᠰᠢᠢᠳᠪᠦᠷᠢᠯᠡᠭᠡᠳᠦᠢ | ᠪᠠᠶᠢᠭᠰᠠᠨ ᠵᠥᠪᠯᠡᠬᠦ ᠰᠡᠳᠦᠪ ᠢ ᠰᠢᠢᠳᠪᠦᠷᠢᠯᠡᠬᠦ ᠮᠥᠷᠲᠡᠭᠡᠨ ᠢᠷᠡᠭᠡᠳᠦᠢ ᠳᠤ ᠬᠠᠨᠳᠤᠭᠰᠠᠨ ᠰᠢᠨ᠎ᠡ ᠳᠦᠷᠢᠮ ᠢ ᠢᠳᠡᠪᠬᠢᠲᠡᠢ ᠰᠦᠪᠡᠭᠴᠢᠯᠡᠨ ᠲᠣᠭᠲᠠᠭᠠᠵᠤ᠂ ᠤᠯᠠᠨ | ᠲᠠᠯᠠᠲᠤ ᠠᠷᠠᠯᠵᠢᠶᠠᠨ ᠤ ᠪᠠᠶᠢᠭᠤᠯᠤᠯ ᠤᠨ ᠡᠷᠬᠡ ᠰᠦᠷᠲᠦ ᠴᠢᠨᠠᠷ᠂ ᠪᠦᠲᠦᠮᠵᠢᠲᠦ ᠴᠢᠨᠠᠷ ᠪᠠ ᠬᠤᠯᠪᠣᠭᠳᠠᠯᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ | ᠠᠰᠠᠭᠤᠳᠠᠯ ᠢ ᠤᠯᠤᠰ ᠲᠥᠷᠥᠴᠢᠯᠡᠬᠦ᠂ ᠪᠦᠭᠦ ᠪᠥᠮᠪᠥᠷᠴᠡᠭ ᠤᠨ ᠵᠠᠬ᠎ᠠ ᠳᠡᠯᠭᠡᠭᠦᠷ ᠢ ᠵᠣᠷᠢᠭᠤᠳᠠ ᠲᠠᠰᠤᠳᠠᠨ ᠰᠠᠯᠭᠠᠬᠤ ᠠᠴᠠ ᠵᠠᠶᠢᠯᠠᠰᠬᠢᠵᠦ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠭᠡᠬᠦ ᠨᠡᠷ᠎ᠡ ᠪᠠᠷ ᠬᠠᠮᠠᠭᠠᠯᠠᠬᠤ ᠦᠵᠡᠯ ᠢ ᠬᠡᠷᠡᠭᠵᠢᠭᠦᠯᠬᠦ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠵᠢᠯ ᠤᠨ ᠡᠮᠦᠨ᠎ᠡ᠂ ᠳᠤᠮᠳᠠᠳᠤ ᠤᠯᠤᠰ | ᠢᠨᠳᠤᠨᠧᠰᠢᠶ᠎ᠠ ᠵᠡᠷᠭᠡ ᠤᠯᠤᠰ ᠲᠠᠢ ᠬᠠᠮᠲᠤ ᠪᠠᠷ ︽ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠴᠢᠨᠠᠷ ᠪᠣᠯᠣᠨ ᠲᠣᠭᠲᠠᠭᠤᠨ ᠤᠯᠠᠨ | ᠤᠯᠤᠰ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ︾ ᠶᠢ ᠳᠤᠷᠠᠳᠴᠤ᠂ ᠨᠡᠩ ᠡᠷᠬᠡ ᠲᠡᠭᠰᠢ ᠴᠢᠨᠠᠷ᠂ ᠪᠠᠭᠲᠠᠭᠠᠮᠵᠢᠲᠤ ᠴᠢᠨᠠᠷ ᠪᠣᠯᠣᠨ ᠪᠦᠲᠦᠭᠡᠯᠴᠢ ᠴᠢᠨᠠᠷ ᠲᠠᠢ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠶᠢ ᠤᠷᠢᠶᠠᠯᠠᠪᠠ᠂ ᠪᠢᠳᠡ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ | ᠡᠭᠦᠨ ᠤ ᠲᠤᠬᠠᠢ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ | ᠳᠥᠷᠪᠡᠳᠦᠭᠡᠷ ᠲᠤ᠂ ᠪᠦᠭᠦ ᠪᠥᠮᠪᠥᠷᠴᠡᠭ ᠤᠨ ᠲᠣᠭᠠᠴᠢᠯᠠᠭᠰᠠᠨ ᠵᠠᠰᠠᠯᠲᠠ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠮᠠᠶ᠋ᠢᠭ ᠤᠨ ᠳᠡᠯᠡᠬᠡᠢ ᠶᠢᠨ ᠠᠵᠤ | ᠠᠬᠤᠢ ᠶᠢ ᠪᠠᠶᠢᠭᠤᠯᠤᠶ᠎ᠠ᠃ ᠬᠤᠷᠢᠨ ᠤᠯᠤᠰ ᠤᠨ ᠪᠦᠯᠦᠭᠯᠡᠯ ᠤᠨ ᠲᠣᠭᠠᠴᠢᠯᠠᠭᠰᠠᠨ ᠠᠵᠤ ᠠᠬᠤᠢ ᠶᠢᠨ ᠶᠠᠮᠤᠨ ᠤ ᠰᠠᠶᠢᠳ ᠨᠠᠷ ᠤᠨ ᠬᠤᠷᠠᠯ ᠤᠨ ᠦᠢᠯᠡᠳᠦᠯ | ᠴᠢᠳᠠᠪᠤᠷᠢ ᠶᠢ ᠴᠢᠩᠭᠠᠳᠬᠠᠵᠤ᠂ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ | ᠠᠬᠤᠢ ᠶᠢ ᠭᠦᠨᠵᠡᠭᠡᠢ ᠠᠭᠤᠰᠤᠯᠴᠠᠭᠤᠯᠬᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠳᠦᠷᠢᠮ ᠢ ᠲᠣᠭᠲᠠᠭᠠᠬᠤ ᠵᠡᠷᠭᠡ ᠲᠠᠯ᠎ᠠ ᠪᠠᠷ ᠬᠥᠲᠥᠯᠥᠨ ᠳᠠᠭᠠᠭᠤᠯᠬᠤ | ᠦᠢᠯᠡᠳᠦᠯ ᠢᠶᠠᠨ ᠪᠠᠳᠠᠷᠠᠭᠤᠯᠤᠶ᠎ᠠ᠃ ᠵᠣᠬᠢᠶᠠᠮᠠᠯ ᠤᠶᠤᠨ ᠴᠢᠳᠠᠪᠤᠷᠢ ᠶᠢᠨ ᠤᠯᠠᠨ ᠤᠯᠤᠰ ᠤᠨ ᠵᠠᠰᠠᠯᠲᠠ ᠪᠣᠯᠣᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠣᠬᠢᠶᠠᠮᠠᠯ | ᠤᠶᠤᠨ ᠴᠢᠳᠠᠪᠤᠷᠢ ᠶᠢᠨ ᠰᠠᠶᠢᠨ ᠰᠠᠶᠢᠬᠠᠨ ᠢ ᠡᠷᠬᠢᠮᠯᠡᠨ᠂ ᠪᠦᠭᠦ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠲᠤᠯᠠᠵᠤ᠂ ᠲᠡᠭᠦᠨ ᠤ ︽ᠪᠠᠶᠠᠨ ᠤᠯᠤᠰ ᠪᠠ | ᠪᠠᠶᠠᠴᠤᠳ ᠤᠨ ᠲᠣᠭᠯᠠᠭᠠᠮ︾ ᠪᠤᠯᠬᠤ ᠠᠴᠠ ᠵᠠᠶᠢᠯᠠᠰᠬᠢᠶᠡ᠃ ᠳᠤᠮᠳᠠᠳᠤ ᠤᠯᠤᠰ 2024 ᠳᠡᠯᠡᠬᠡᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠶᠡᠭᠡ ᠬᠤᠷᠠᠯ ᠵᠢᠴᠢ | ᠵᠣᠬᠢᠶᠠᠮᠠᠯ ᠤᠶᠤᠨ ᠴᠢᠳᠠᠪᠤᠷᠢ ᠶᠢᠨ ᠪᠦᠭᠦ ᠪᠥᠮᠪᠥᠷᠴᠡᠭ ᠤᠨ ᠵᠠᠰᠠᠯᠲᠠ ᠶᠢᠨ ᠳᠡᠭᠡᠳᠦ ᠲᠡᠰ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠵᠣᠬᠢᠶᠠᠮᠠᠯ ᠤᠶᠤᠨ | ᠴᠢᠳᠠᠪᠤᠷᠢ ᠶᠢᠨ ᠪᠦᠭᠦ ᠪᠥᠮᠪᠥᠷᠴᠡᠭ ᠤᠨ ᠵᠠᠰᠠᠯᠲᠠ ᠶᠢᠨ ᠱᠠᠩᠬᠠᠢ ᠶᠢᠨ ᠲᠤᠩᠬᠠᠭ︾ ᠢ ᠨᠡᠶᠢᠲᠡᠯᠡᠵᠦ᠂ ᠡᠯ᠎ᠡ ᠲᠠᠯ᠎ᠠ ᠶᠢᠨ ᠬᠢᠨ ᠲᠠᠢ ᠬᠠᠮᠲᠤ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠵᠣᠬᠢᠶᠠᠮᠠᠯ ᠤᠶᠤᠨ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠤᠯᠠᠨ ᠤᠯᠤᠰ ᠤᠨ ᠬᠠᠮᠲᠤᠷᠠᠯᠴᠠᠭᠠᠨ ᠤ | ᠰᠢᠢᠳᠪᠦᠷᠢ ᠶᠢ ᠪᠠᠲᠤᠯᠠᠬᠤ ᠶᠢ ᠠᠬᠢᠭᠤᠯᠪᠠ᠃ ᠳᠤᠮᠳᠠᠳᠤ ᠤᠯᠤᠰ 2025 ᠣᠨ ᠳᠤ ᠦᠷᠭᠦᠯᠵᠢᠯᠡᠨ ᠳᠡᠯᠡᠬᠡᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠶᠡᠭᠡ | ᠬᠤᠷᠠᠯ ᠢ ᠬᠤᠷᠠᠯᠳᠤᠭᠤᠯᠵᠤ᠂ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠭᠦᠨ ᠤ ᠣᠷᠤᠯᠴᠠᠬᠤ ᠶᠢ ᠪᠠᠶᠠᠷᠯᠠᠨ ᠤᠭᠲᠤᠨ᠎ᠠ᠃ | ᠲᠠᠪᠤᠳᠤᠭᠠᠷ ᠲᠤ᠂ ᠪᠦᠭᠦ ᠪᠥᠮᠪᠥᠷᠴᠡᠭ ᠤᠨ ᠠᠮᠢ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠨᠥᠭᠦᠷᠰᠡᠭ ᠮᠠᠶ᠋ᠢᠭ ᠤᠨ ᠳᠡᠯᠡᠬᠡᠢ ᠶᠢᠨ | ᠠᠵᠤ ᠠᠬᠤᠢ ᠶᠢ ᠪᠠᠶᠢᠭᠤᠯᠤᠶ᠎ᠠ᠃ ᠬᠠᠮᠲᠤ ᠶᠢᠨ ᠪᠤᠯᠪᠠᠴᠤ ᠢᠯᠭᠠᠭ᠎ᠠ ᠲᠠᠢ ᠬᠠᠷᠢᠭᠤᠴᠠᠯᠭ᠎ᠠ ᠶᠢᠨ ᠵᠠᠷᠴᠢᠮ ᠢ ᠵᠢᠷᠤᠮᠯᠠᠵᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ ᠣᠶᠢᠯᠠᠭᠠᠭᠳᠠᠬᠤᠨ ᠢᠶᠠᠷ᠂ ︽ᠫᠠᠷᠢᠰ ᠤᠨ ᠬᠡᠯᠡᠯᠴᠡᠭᠡᠷ︾ ᠪᠣᠯᠣᠨ ︽ᠺᠦᠨᠮᠢᠩ - ᠮᠣᠨᠳ᠋ᠷᠧᠶᠠᠯ ᠤᠨ ᠪᠦᠭᠦ ᠪᠥᠮᠪᠥᠷᠴᠡᠭ ᠤᠨ ᠠᠮᠢᠳᠤ ᠪᠣᠳᠠᠰ ᠤᠨ | ᠤᠯᠠᠨ ᠶᠠᠩᠵᠤᠲᠤ ᠴᠢᠨᠠᠷ ᠤᠨ ᠪᠣᠷᠣ ᠲᠥᠯᠥᠪ︾ ᠢ ᠪᠦᠭᠦ ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠤᠶ᠎ᠠ᠃ ᠬᠥᠭᠵᠢᠭᠰᠡᠨ ᠤᠯᠤᠰ ᠤᠳ ᠬᠥᠭᠵᠢᠵᠦ ᠪᠠᠶᠢᠭ᠎ᠠ | ᠤᠯᠤᠰ ᠤᠳ ᠲᠤ ᠴᠢᠬᠤᠯᠠ ᠪᠦᠬᠦᠢ ᠪᠡᠯᠡ ᠮᠥᠩᠭᠦ᠂ ᠮᠡᠷᠭᠡᠵᠢᠯ᠂ᠴᠢᠳᠠᠪᠤᠷᠢ ᠶᠢᠨ ᠪᠠᠶᠢᠭᠤᠯᠤᠯᠲᠠ ᠶᠢᠨ ᠳᠡᠮᠵᠢᠯᠭᠡ ᠬᠠᠩᠭᠠᠶ᠎ᠠ᠃ ᠣᠶᠢᠷ᠎ᠠ ᠶᠢᠨ ᠬᠤᠭᠤᠴᠠᠭᠠᠨ ᠳᠤ | ᠡᠷᠭᠢᠯᠡᠭᠰᠡᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠭᠡᠷᠡᠲᠦ ᠲᠠᠯ᠎ᠠ ᠶᠢᠨ ᠶᠡᠭᠡ ᠬᠤᠷᠠᠯ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠂ ᠪᠢᠳᠠ ᠡᠨᠡ | ᠵᠢᠯ ᠤᠨ ᠳᠣᠲᠣᠷ᠎ᠠ ᠬᠤᠷᠠᠯᠳᠤᠭᠤᠯᠤᠭᠰᠠᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠴᠦᠯᠯᠡᠷᠭᠡᠭᠵᠢᠯᠳᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠤᠨ | ᠢᠳᠡᠪᠬᠢᠲᠡᠢ ᠦᠷ᠎ᠡ ᠪᠦᠲᠦᠭᠡᠯ ᠣᠯᠬᠤ ᠶᠢ ᠬᠠᠮᠲᠤ ᠪᠠᠷ ᠳᠡᠮᠵᠢᠶ᠎ᠡ᠃ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ ᠪᠠ ᠡᠨᠧᠷᠭᠢ ᠶᠢᠨ ᠠᠮᠤᠷ ᠲᠦᠪᠰᠢᠨ ᠪᠣᠯ ᠲᠣᠮᠣ | ᠶᠠᠪᠤᠳᠠᠯ ᠪᠣᠯᠣᠨ᠎ᠠ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠴᠡᠪᠡᠷ ᠡᠨᠧᠷᠭᠢ ᠪᠠᠷ ᠲᠣᠭᠲᠠᠭᠤᠨ ᠡᠮᠬᠢ ᠵᠢᠷᠤᠮ ᠲᠠᠢ ᠪᠠᠷ ᠤᠯᠠᠮᠵᠢᠯᠠᠯᠲᠤ | ᠡᠨᠧᠷᠭᠢ ᠶᠢ ᠣᠷᠣᠯᠠᠭᠤᠯᠵᠤ᠂ ᠳᠡᠯᠡᠬᠡᠢ ᠶᠢᠨ ᠠᠵᠤ ᠠᠬᠤᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠶ᠎ᠡ᠃ ᠳᠤᠮᠳᠠᠳᠤ ᠶᠢᠨ ᠬᠢᠨ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠪᠣᠬᠢᠷᠳᠤᠯ ᠦᠭᠡᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠪᠣᠬᠢᠷᠳᠤᠯ ᠦᠭᠡᠢ ᠡᠨᠧᠷᠭᠢ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠪᠣᠬᠢᠷᠳᠤᠯ ᠦᠭᠡᠢ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠳᠠᠬᠢ ᠤᠯᠠᠨ | ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠳᠠᠯ ᠤᠨ ᠢᠶᠠᠨ ᠬᠢᠷᠢ ᠪᠠᠷ ᠬᠥᠭᠵᠢᠵᠦ ᠪᠠᠶᠢᠭ᠎ᠠ ᠤᠯᠤᠰ ᠲᠤ ᠳᠡᠮᠵᠢᠯᠭᠡ ᠬᠠᠩᠭᠠᠨ᠎ᠠ᠃ | ᠪᠦᠭᠦ ᠪᠥᠮᠪᠥᠷᠴᠡᠭ ᠤᠨ ᠠᠮᠤᠷ ᠲᠦᠪᠰᠢᠨ ᠤ ᠵᠠᠰᠠᠯᠲᠠ ᠴᠤ ᠪᠦᠭᠦ ᠪᠥᠮᠪᠥᠷᠴᠡᠭ ᠤᠨ ᠵᠠᠰᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠬᠤᠷᠢᠨ | ᠤᠯᠤᠰ ᠤᠨ ᠪᠦᠯᠦᠭᠯᠡᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠢᠴᠢ ᠲᠡᠭᠦᠨ ᠤ ᠠᠶᠤᠯ ᠦᠭᠡᠢ ᠶᠢᠨ ᠵᠥᠪᠯᠡᠯ ᠤᠨ ᠨᠡᠩ ᠶᠡᠭᠡ ᠦᠢᠯᠡᠳᠦᠯ ᠢᠶᠠᠨ | ᠪᠠᠳᠠᠷᠠᠭᠤᠯᠬᠤ ᠶᠢ ᠳᠡᠮᠵᠢᠵᠦ᠂ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠳᠡᠮᠵᠢᠶ᠎ᠡ᠃ ︽ᠲᠠᠶᠢᠨ ᠤ ᠲᠠᠯᠠᠪᠤᠷ ᠢ ᠭᠠᠳᠠᠭᠰᠢ | ᠳᠡᠯᠡᠭᠦ ᠦᠭᠡᠢ᠂ ᠲᠠᠶᠢᠨ ᠤ ᠶᠠᠪᠤᠳᠠᠯ ᠢ ᠳᠡᠰ ᠳᠡᠪᠰᠢᠭᠦᠯᠬᠦ ᠦᠭᠡᠢ᠂ ᠡᠯ᠎ᠡ ᠲᠠᠯ᠎ᠠ ᠶᠢᠨ ᠬᠢᠨ ᠬᠠᠳᠬᠤᠵᠤ ᠥᠳᠥᠭᠡᠬᠦ ᠦᠭᠡᠢ︾ ᠪᠠᠶᠢᠬᠤ ᠵᠠᠷᠴᠢᠮ ᠢᠶᠠᠷ᠂ ᠦᠺᠷᠠᠶᠢᠨ ᠤ | ᠬᠢᠮᠤᠷᠠᠯ ᠤᠨ ᠪᠠᠶᠢᠳᠠᠯ ᠨᠠᠮᠳᠠᠬᠤ ᠶᠢ ᠠᠬᠢᠭᠤᠯᠵᠤ᠂ ᠤᠯᠤᠰ ᠲᠦᠷᠦ ᠪᠠᠷ ᠰᠢᠢᠳᠪᠦᠷᠢᠯᠡᠬᠦ ᠠᠷᠭ᠎ᠠ ᠵᠠᠮ ᠢ ᠡᠷᠢᠯᠬᠢᠯᠡᠶ᠎ᠡ᠃ ᠳᠤᠮᠳᠠᠳᠤ ᠤᠯᠤᠰ ᠪᠣᠯᠣᠨ ᠪᠷᠠᠽᠢᠯ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠤᠯᠪᠣᠭᠳᠠᠯ ᠪᠦᠬᠦᠢ ᠤᠯᠤᠰ ᠤᠳ ᠲᠠᠢ ᠬᠠᠮᠲᠤᠷᠠᠨ ᠦᠺᠷᠠᠶᠢᠨ ᠤ ᠬᠢᠮᠤᠷᠠᠯ ᠤᠨ ︽ᠨᠠᠶᠢᠷᠠᠮᠳᠠᠯ ᠤᠨ ᠨᠠᠶᠢᠵᠠ︾ | ᠶᠢᠨ ᠳᠤᠭᠤᠶᠢᠯᠠᠩ ᠢ ᠡᠭᠦᠰᠬᠡᠨ ᠪᠠᠶᠢᠭᠤᠯᠵᠤ᠂ ᠡᠩᠬᠡ ᠲᠠᠶᠢᠪᠤᠩ ᠤᠨ ᠲᠥᠯᠥᠭᠡ ᠴᠢᠷᠮᠠᠶᠢᠬᠤ ᠨᠡᠩ ᠣᠯᠠᠨ ᠳᠠᠭᠤᠨ ᠢ ᠨᠢᠭᠲᠠᠷᠠᠭᠤᠯᠤᠭᠰᠠᠨ ᠪᠠᠶᠢᠨ᠎ᠠ᠃ ᠭᠠᠽᠠ ᠶᠢᠨ | ᠳᠠᠶᠢᠨ ᠤ ᠭᠠᠯ ᠠᠷᠠᠳ ᠲᠦᠮᠡᠨ ᠳᠤ ᠬᠦᠨᠳᠦ ᠬᠡᠴᠡᠭᠦᠦ ᠭᠠᠰᠠᠯᠠᠩ ᠵᠣᠪᠠᠯᠠᠩ ᠠᠪᠴᠢᠷᠠᠪᠠ᠂ ᠡᠯ᠎ᠡ ᠲᠠᠯ᠎ᠠ ᠶᠢᠨ ᠬᠢᠨ ᠤ ᠳᠠᠶᠢᠨ ᠵᠣᠬᠰᠣᠬᠤ ᠶᠢ ᠲᠦᠷᠭᠡᠳᠬᠡᠨ | ᠠᠬᠢᠭᠤᠯᠵᠤ᠂ ᠭᠠᠵᠠᠷ ᠣᠷᠣᠨ ᠤ ᠬᠥᠮᠦᠯᠢᠭ ᠦᠵᠡᠯ ᠤᠨ ᠬᠢᠮᠤᠷᠠᠯ ᠪᠣᠯᠣᠨ ᠳᠠᠶᠢᠨ ᠤ ᠳᠠᠷᠠᠭᠠᠬᠢ ᠳᠠᠭᠢᠨ ᠪᠦᠲᠦᠭᠡᠨ ᠪᠠᠶᠢᠭᠤᠯᠤᠯᠲᠠ ᠳᠤ ᠳᠡᠮᠵᠢᠯᠭᠡ ᠬᠠᠩᠭᠠᠶ᠎ᠠ᠃ | ᠫᠠᠯᠧᠰᠲ᠋ᠠᠶᠢᠨ ᠢᠰᠷᠧᠯ ᠤᠨ ᠲᠡᠭᠢᠨ ᠳᠠᠪᠲᠠᠨ ᠮᠥᠷᠭᠦᠯᠳᠦᠭᠡᠨ ᠡᠭᠦᠰᠬᠦ ᠶᠢ ᠰᠢᠢᠳᠪᠦᠷᠢᠯᠡᠬᠦ ᠦᠨᠳᠦᠰᠦᠨ ᠭᠠᠷᠬᠤ ᠵᠠᠮ ᠪᠣᠯ ︽ᠬᠤᠶᠠᠷ ᠤᠯᠤᠰ ᠤᠨ ᠲᠥᠰᠥᠯ︾ ᠢ | ᠨᠠᠶᠢᠳᠠᠪᠤᠷᠢᠵᠢᠭᠤᠯᠵᠤ᠂ ᠫᠠᠯᠧᠰᠲ᠋ᠠᠶᠢᠨ ᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠰᠡᠷᠭᠦᠭᠡᠵᠦ᠂ ᠲᠤᠰᠠᠭᠠᠷ ᠲᠣᠭᠲᠠᠨᠢᠭᠰᠠᠨ ᠫᠠᠯᠧᠰᠲ᠋ᠠᠶᠢᠨ ᠤᠯᠤᠰ ᠢ | ᠪᠠᠶᠢᠭᠤᠯᠬᠤ ᠶᠠᠪᠤᠳᠠᠯ ᠪᠣᠯᠣᠨ᠎ᠠ᠃ | ᠬᠠᠮᠲᠤ ᠠᠵᠢᠯᠯᠠᠭᠰᠠᠳ ᠠ᠋︕ | ᠪᠢᠳᠡ ᠬᠤᠷᠢᠨ ᠤᠯᠤᠰ ᠤᠨ ᠪᠦᠯᠦᠭᠯᠡᠯ ᠢ ᠪᠠᠶᠢᠭᠤᠯᠤᠭᠰᠠᠨ ᠤᠭ ᠰᠠᠨᠠᠭ᠎ᠠ ᠪᠠᠨ ᠲᠠᠭᠢᠨ ᠡᠷᠭᠢᠴᠡᠭᠦᠯᠵᠦ᠂ ᠷᠢᠥ᠋ ᠳ᠋ᠢ ᠿᠧᠨᠦ᠋ᠢᠷᠦ᠋ ᠠᠴᠠ ᠲᠠᠭᠢᠨ ᠮᠣᠷᠳᠠᠵᠤ᠂ | ᠬᠠᠨᠢᠲᠠᠨ ᠤ ᠬᠠᠷᠢᠯᠴᠠᠭ᠎ᠠ ᠪᠠᠨ ᠪᠠᠳᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠠᠮᠲᠤ ᠪᠠᠷ ᠬᠥᠭᠵᠢᠨ ᠴᠡᠴᠡᠭᠯᠡᠭᠰᠡᠨ ᠰᠠᠶᠢᠨ ᠰᠠᠶᠢᠬᠠᠨ | ᠢᠷᠡᠭᠡᠳᠦᠢ ᠶᠢ ᠴᠣᠭᠴᠠᠯᠠᠶ᠎ᠠ︕ | ᠣᠯᠠᠨ ᠳᠤ ᠪᠠᠶᠠᠷᠯᠠᠯ᠎ᠠ᠃ | ︵ᠰᠢᠨᠬᠤᠸᠠ ᠬᠤᠷᠢᠶ᠎ᠠ ᠶᠢᠨ ᠷᠢᠦ᠋ ᠳ᠋ᠢ ᠿᠧᠨᠦ᠋ᠢᠷᠦ᠋ ᠶᠢᠨ 11 ᠰᠠᠷ᠎ᠠ ᠶᠢᠨ 18 ᠤ ᠴᠠᠭᠢᠯᠭᠠᠨ ᠮᠡᠳᠡᠭᠡ︶ | | | | |