11 ᠳ᠋ᠦ᠋ᠭᠡᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠰᠡᠨ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ︽ᠨᠡᠶᠢᠭᠡᠮ ᠤᠨ ᠵᠠᠰᠠᠯᠲᠠ ᠶᠢᠨ ᠪᠠᠶᠢᠭᠤᠯᠤᠯ | ᠲᠣᠭᠲᠠᠴᠠ ᠳᠤ ᠰᠢᠨ᠎ᠡ ᠶᠢ ᠡᠭᠦᠳᠴᠦ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠶ᠎ᠡ︾ ᠭᠡᠬᠦ ᠲᠤᠰᠬᠠᠢ ᠲᠠᠯᠠᠪᠤᠷ ᠬᠤᠷᠠᠯ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠠ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢ ᠤᠷᠢᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠪᠠᠶᠢᠭ᠎ᠠ | ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠪᠠ᠃ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ | | ︽ᠳᠠᠷᠤᠭᠠᠰᠤ ᠶᠢ ᠨᠢ ᠬᠥᠩᠭᠡᠯᠡᠨ ᠴᠢᠳᠠᠮᠵᠢ ᠣᠯᠭᠤᠬᠤ︾ ᠳᠤ ᠠᠩᠬᠠᠷᠤᠯ ᠢᠶᠠᠨ ᠲᠥᠪᠯᠡᠷᠡᠭᠦᠯᠵᠦ ︽ᠮᠣᠷᠢ ᠳᠣᠷᠪᠢᠲᠠᠢ ᠠᠴᠢᠶ᠎ᠠ ᠬᠥᠩᠭᠡᠨ︾ ᠪᠠᠶᠢᠬᠤ ᠶᠢ | ᠠᠬᠢᠭᠤᠯᠪᠠ | | ᠦ᠋ ᡁᠢ ᠴᠢᠶᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠬᠡᠯᠲᠡᠰ ᠤᠨ ᠳᠠᠷᠤᠭ᠎ᠠ | ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠠᠴᠠ ᠳᠠᠷᠠᠭᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ ᠪᠠᠶᠢᠨ᠎ᠠ᠃ | | ᠨᠢᠭᠡ ᠳᠤ᠂ ︽ᠲᠣᠭᠲᠠᠯᠴᠠᠭ᠎ᠠ ᠶᠢ ᠴᠣᠭᠴᠠᠯᠠᠨ ᠪᠠᠶᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ᠎ᠠ | ᠃ ︽ᠣᠷᠣᠨ ᠪᠦᠰᠡ ᠪᠠᠷ ᠰᠠᠯᠠᠭ᠎ᠠ ᠮᠥᠴᠢᠷ ᠢ ᠨᠢᠭᠡᠳᠬᠡᠬᠦ︾ ᠶᠢ ᠬᠦᠴᠦᠯᠡᠨ ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ | ︵ᠠᠵᠢᠯᠲᠠᠨ︶ ᠤᠨ ᠬᠤᠷᠢᠶᠠᠨ ᠤ ᠪᠠᠶᠢᠭᠤᠯᠤᠯᠲᠠ ᠶᠢ ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ᠂ ᠠᠵᠢᠯ ᠲᠦᠷᠦᠯ ᠤᠨ | ᠨᠠᠮ ᠤᠨ ᠪᠠᠶᠢᠭᠤᠯᠤᠯᠲᠠ ᠪᠠ ᠨᠢᠭᠡᠴᠢ ᠶᠢᠨ ᠨᠠᠮ ᠤᠨ ᠪᠠᠶᠢᠭᠤᠯᠤᠯᠲᠠ ᠶᠢ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠲᠠᠢ ᠨᠢᠭᠡᠳᠦᠯᠲᠡᠢ ᠪᠠᠶᠢᠯᠭᠠᠵᠤ᠂ ᠰᠢᠶᠠᠩ | ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠪᠠᠶᠢᠭᠤᠯᠤᠯᠲᠠ ᠶᠢ ᠠᠳᠬᠤᠬᠤ᠂ ᠵᠠᠰᠠᠯᠲᠠ ᠶᠢ ᠠᠳᠬᠤᠬᠤ᠂ ᠦᠢᠯᠡᠴᠢᠯᠡᠭᠡ ᠶᠢ ᠠᠳᠬᠤᠬᠤ ᠳᠤ ᠠᠩᠬᠠᠷᠤᠯ ᠢᠶᠠᠨ | ᠲᠥᠪᠯᠡᠷᠡᠭᠦᠯᠬᠦ ᠭᠤᠣᠯ ᠬᠠᠷᠢᠭᠤᠴᠠᠯᠭ᠎ᠠ ᠭᠤᠣᠯ ᠠᠵᠢᠯ ᠢ ᠠᠬᠢᠭᠤᠯᠤᠨ᠎ᠠ᠃ | ᠬᠤᠶᠠᠷ ᠲᠤ᠂ ︽ᠳᠠᠷᠤᠭᠠᠰᠤ ᠶᠢ ᠨᠢ ᠬᠥᠩᠭᠡᠯᠡᠨ ᠴᠢᠳᠠᠮᠵᠢ ᠣᠯᠭᠤᠬᠤ︾ ᠳᠤ ᠠᠩᠬᠠᠷᠤᠯ ᠢᠶᠠᠨ ᠲᠥᠪᠯᠡᠷᠡᠭᠦᠯᠦᠨ᠂ ︽ᠮᠣᠷᠢ ᠳᠣᠷᠪᠢᠲᠠᠢ ᠠᠴᠢᠶ᠎ᠠ ᠬᠥᠩᠭᠡᠨ︾ | ᠪᠠᠶᠢᠬᠤ ᠶᠢ ᠠᠬᠢᠭᠤᠯᠤᠨ᠎ᠠ᠃ ᠥᠨᠥ ᠵᠢᠯ ᠠᠴᠠ ᠨᠠᠭᠠᠰᠢ᠂ ︽ᠴᠢᠳᠠᠯ ᠠᠴᠠ ᠨᠢ ᠬᠡᠲᠦᠷᠡᠭᠦᠯᠵᠦ ᠪᠠᠶᠢᠭ᠎ᠠ︾ ᠲᠣᠪᠣᠶᠢᠮ᠎ᠠ ᠠᠰᠠᠭᠤᠳᠠᠯ ᠤᠳ ᠢ ᠲᠥᠪᠯᠡᠷᠡᠭᠦᠯᠦᠨ | ᠴᠡᠭᠴᠡᠯᠡᠨ ᠵᠠᠰᠠᠬᠤ ᠰᠢᠪᠲᠤᠯᠠᠯᠲᠠ ᠶᠢᠨ ᠠᠵᠢᠯᠯᠠᠭ᠎ᠠ ᠶᠢ ᠬᠦᠴᠦᠲᠡᠢ ᠥᠷᠨᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ ᠶᠢᠨ ︽ | ᠭᠤᠷᠪᠠᠨ ᠵᠦᠢᠯ ᠤᠨ ᠵᠢᠷᠤᠮᠵᠢᠯ︾ ᠢ ᠨᠢᠭᠡ ᠴᠣᠭᠴᠠᠵᠢᠭᠤᠯᠤᠨ ᠠᠬᠢᠭᠤᠯᠵᠤ᠂ ᠳᠡᠭᠡᠷ᠎ᠡ ᠠᠴᠠ ᠳᠣᠷᠣᠭᠰᠢ ᠪᠠᠨ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ ᠢ ᠬᠠᠤᠯᠢ ᠶᠣᠰᠣᠭᠠᠷ ᠬᠠᠷᠢᠭᠤᠴᠠᠯᠭ᠎ᠠ ᠭᠦᠢᠴᠡᠳᠬᠡᠬᠦ 51 ᠵᠦᠢᠯ᠂ ᠬᠠᠤᠯᠢ ᠶᠣᠰᠣᠭᠠᠷ ᠬᠠᠮᠵᠢᠯᠴᠠᠬᠤ 20 ᠵᠦᠢᠯ | ᠪᠣᠯᠭᠠᠨ ᠲᠣᠳᠣᠷᠬᠠᠶᠢᠯᠠᠬᠤ ᠪᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠢᠷᠤᠮᠵᠢᠯ ᠢ 3 ᠲᠥᠷᠥᠯ ᠪᠣᠯᠭᠠᠵᠤ᠂ ᠵᠢᠭᠰᠠᠭᠠᠯ ᠤᠨ ᠭᠠᠳᠠᠨᠠᠬᠢ ᠫᠠᠶᠢᠰᠠ | ᠢᠯᠡᠷᠬᠡᠶᠢᠯᠡᠯ ᠢ 6 ᠵᠦᠢᠯ ᠠᠴᠠ ᠢᠯᠡᠭᠦᠦ ᠪᠠᠶᠢᠯᠭᠠᠬᠤ ᠦᠭᠡᠢ ᠪᠠᠷ ᠴᠣᠮᠬᠠᠳᠬᠠᠨ ᠬᠠᠰᠤᠵᠤ᠂ ᠭᠡᠷᠡᠴᠢᠯᠡᠬᠦ ᠵᠦᠢᠯᠡᠰ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ | 20 ᠵᠦᠢᠯ᠂ ᠵᠥᠪ ᠲᠠᠯ᠎ᠠ ᠶᠢᠨ ᠨᠠᠷᠢᠨ ᠲᠠᠩᠰᠠ ᠶᠢ 8 ᠵᠦᠢᠯ ᠢᠶᠠᠷ ᠵᠢᠭᠰᠠᠭᠠᠨ ᠭᠠᠷᠭᠠᠬᠤ ᠶᠢᠨ ᠬᠠᠮᠲᠤ ᠵᠥᠪᠰᠢᠶᠡᠷᠡᠨ ᠣᠷᠣᠭᠤᠯᠬᠤ ᠳᠦᠷᠢᠮ ᠢ ᠪᠠᠶᠢᠭᠤᠯᠤᠨ᠎ᠠ᠃ | ᠭᠤᠷᠪᠠ ᠳᠤ᠂ ︽ᠡᠩᠨᠡᠭᠡ ᠶᠢ ᠬᠦᠴᠦᠷᠬᠡᠭᠵᠢᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠵᠠᠰᠠᠯᠲᠠ ᠶᠢᠨ ᠬᠦᠴᠦᠨ ᠢ ᠪᠤᠵᠠᠭᠠᠶᠢᠷᠠᠭᠤᠯᠤᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠨᠡᠶᠢᠭᠡᠮ | ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠤᠳ︾ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ᠂ ᠥᠪᠥᠷ | ᠮᠣᠩᠭᠤᠯ ᠨᠢ ︽ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠮᠤᠵᠢ ᠶᠢᠨ ᠱᠠᠲᠤᠨ ᠤ ᠬᠡᠪᠴᠢᠶᠡᠨ ᠳᠤ | ᠬᠠᠮᠤᠭ ᠤᠨ ᠲᠡᠷᠢᠭᠦᠨ ᠳᠤ ᠨᠡᠶᠢᠲᠡᠯᠡᠵᠦ᠂ ᠵᠢᠷᠭᠤᠭᠠᠨ ᠲᠠᠯ᠎ᠠ ᠶᠢᠨ 40 ᠵᠤᠷᠪᠤᠰ ᠪᠣᠳᠠᠲᠠᠢ ᠠᠷᠭ᠎ᠠ ᠪᠠ ᠣᠯᠠᠨ ᠵᠦᠢᠯ ᠤᠨ ᠰᠢᠨ᠎ᠡ ᠶᠢ ᠡᠭᠦᠳᠬᠦ ᠴᠢᠨᠠᠷᠲᠠᠢ | ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠣᠳᠣᠬᠠᠨ ᠳᠤ᠂ ᠪᠥᠬᠦ ᠣᠷᠣᠨ ᠳᠠᠬᠢ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠲᠦᠮᠡᠨ ᠬᠥᠮᠥᠨ ᠠᠮᠠ | ᠪᠦᠷᠢ ᠳᠤ ᠨᠡᠶᠢᠭᠡᠮ ᠲᠣᠭᠤᠷᠢᠭ ᠤᠨ ᠠᠵᠢᠯᠲᠠᠨ 18 ᠬᠥᠮᠥᠨ ᠠᠴᠠ ᠢᠯᠡᠭᠦᠦ ᠪᠠᠶᠢᠬᠤ ᠪᠠᠷᠢᠮᠵᠢᠶᠠᠨ ᠳᠤ ᠬᠦᠷᠴᠡᠢ᠃ | ᠳᠥᠷᠪᠡ ᠳᠤ᠂ ︽ᠬᠠᠮᠲᠤ ᠪᠠᠷ ᠵᠠᠰᠠᠵᠤ ᠬᠠᠮᠲᠤ ᠪᠠᠷ ᠬᠦᠷᠲᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ | ︽ᠨᠢᠭᠡ ᠬᠥᠯᠭᠡ ᠰᠢᠲᠠᠷ᠎ᠠ︾ ᠪᠠᠶᠢᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠵᠣᠬᠢᠴᠠᠭᠤᠯᠬᠤ | ᠲᠣᠭᠲᠠᠴᠠ ᠶᠢ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠪᠠ ᠲᠥᠷᠥ ᠶᠢᠨ | ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠲᠠᠪᠤ ᠳᠤ᠂ ︽ᠦᠢᠯᠡᠳᠦᠯ ᠢᠶᠠᠨ ᠪᠠᠳᠠᠷᠠᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡᠯᠢᠭ ᠵᠢᠱᠢᠶ᠎ᠡ ᠪᠠᠷ ᠵᠠᠮᠴᠢᠯᠠᠭᠤᠯᠬᠤ ᠶᠢ ᠴᠢᠩᠭᠠᠳᠬᠠᠨ᠎ᠠ᠃ | ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶᠢᠬᠠᠨ ᠰᠢᠢᠳᠪᠦᠷᠢᠯᠡᠬᠦ︾᠂ ︽ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ︾ ᠵᠡᠷᠭᠡ ᠲᠤᠷᠰᠢᠯᠭ᠎ᠠ ᠪᠠ ᠠᠷᠭ᠎ᠠ | ᠬᠢᠳᠡᠯ ᠢ ᠳᠡᠯᠭᠡᠷᠡᠭᠦᠯᠦᠨ ᠬᠡᠷᠡᠭᠯᠡᠵᠦ ᠪᠠᠶᠢᠨ᠎ᠠ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ | ᠴᠢᠳᠠᠮᠠᠭᠠᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠦᠨ᠎ᠡ᠃ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ | | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠪᠠ ᠦᠨᠳᠦᠰᠦᠨ ᠱᠠᠲᠤᠨ ᠤ︽ᠨᠢᠭᠡ | ᠬᠦᠰᠦᠨᠦᠭᠲᠦ ᠪᠠᠷ ᠨᠡᠪᠲᠡᠷᠡᠭᠦᠯᠬᠦ︾ ᠨᠢ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ | | ᠦ᠋ ᠰᠦ᠋ ᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠲᠣᠬᠢᠷᠠᠭᠤᠯᠤᠯᠲᠠ ᠶᠣᠰᠣᠭᠠᠷ᠂ ᠠᠷᠠᠳ ᠤᠨ ᠬᠦᠰᠡᠯ ᠱᠠᠭᠠᠷᠳᠠᠯᠭ᠎ᠠ ᠶᠢ ᠪᠢᠳᠡ ᠰᠢᠢᠳᠪᠦᠷᠢᠯᠡᠬᠦ᠂ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠪᠢᠳᠡ ᠭᠦᠢᠴᠡᠳᠬᠡᠬᠦ ᠶᠢ | ᠪᠠᠷᠢᠮᠲᠠᠯᠠᠵᠤ᠂ ᠥᠭᠡᠷᠡᠴᠢᠯᠡᠯᠲᠡ ᠪᠠᠷ ᠦᠷ᠎ᠡ ᠠᠰᠢᠭ ᠢ ᠨᠡᠮᠡᠭᠳᠡᠭᠦᠯᠬᠦ᠂ ᠳ᠋ᠠᠶᠢᠲ᠋ᠠ ᠪᠠᠷ ᠴᠢᠳᠠᠮᠵᠢ ᠣᠯᠭᠤᠬᠤ ᠶᠢ ᠠᠬᠢᠭᠤᠯᠵᠤ᠂ ᠪᠦᠬᠦ ᠣᠷᠣᠨ ᠤ ᠨᠡᠶᠢᠭᠡᠮ ᠤᠨ | ᠵᠠᠰᠠᠯᠲᠠ ᠶᠢᠨ ᠬᠢᠷᠢ ᠲᠦᠪᠰᠢᠨ ᠬᠢᠭᠡᠳ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠦᠷᠭᠦᠯᠵᠢᠯᠡᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃ | ᠨᠢᠭᠡ ᠲᠠᠯ᠎ᠠ ᠪᠠᠷ᠂ ᠠᠵᠤ ᠠᠬᠤᠶᠢᠯᠠᠯ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ︽ᠬᠠᠯᠠᠮᠰᠢᠯ ᠤᠲᠠᠰᠤ 12345 ᠪᠠᠷ ᠢᠷᠡᠭᠦᠯᠦᠭᠰᠡᠨ ᠭᠤᠮᠣᠳᠠᠯ ᠲᠣᠭᠠᠴᠢᠯᠲᠠ ᠶᠢᠨ ᠠᠵᠢᠯ ᠤᠨ ᠳᠠᠩᠰᠠ ᠶᠢ ᠭᠦᠢᠴᠡᠳᠬᠡᠨ | ᠰᠢᠢᠳᠪᠦᠷᠢᠯᠡᠬᠦ ᠠᠵᠢᠯ ᠢ ᠰᠢᠯᠢᠳᠡᠭᠵᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠶᠠᠪᠤᠭᠤᠯᠵᠤ᠂ ᠮᠡᠳᠡᠯᠭᠡ ᠶᠢᠨ ᠬᠥᠮᠥᠷᠭᠡ ᠶᠢ ᠬᠥᠳᠡᠯᠦᠩᠭᠦᠢ ᠪᠠᠷ ᠰᠢᠨᠡᠳᠬᠡᠬᠦ | ᠲᠣᠭᠲᠠᠴᠠ ᠶᠢ ᠪᠦᠷᠢᠨᠰᠢᠭᠦᠯᠬᠦ᠂ ᠤᠯᠠᠨ ᠲᠦᠮᠡᠨ ᠤ ᠵᠠᠭᠠᠯᠳᠤᠯᠭ᠎ᠠ ᠶᠢᠨ ᠲᠦᠷᠦᠯ ᠤᠨ ᠠᠵᠢᠯ ᠤᠨ ᠬᠠᠭᠤᠳᠠᠰᠤ ᠶᠢ ᠭᠦᠢᠴᠡᠳᠬᠡᠨ ᠰᠢᠢᠳᠪᠦᠷᠢᠯᠡᠬᠦ ᠠᠵᠢᠯ ᠤᠨ | ᠶᠠᠪᠤᠴᠠ ᠶᠢ ᠲᠡᠭᠦᠯᠳᠡᠷᠵᠢᠭᠦᠯᠬᠦ ᠵᠡᠷᠭᠡ 8 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠡᠢ᠃ | ᠣᠳᠣᠬᠠᠨ ᠳᠤ᠂ ᠪᠥᠬᠦ ᠣᠷᠣᠨ ᠳᠤ ᠠᠵᠤ ᠠᠬᠤᠶᠢᠯᠠᠯ ᠪᠠ ᠣᠯᠠᠨ ᠲᠦᠮᠡᠨ ᠤ ᠭᠤᠮᠣᠳᠠᠯ ᠲᠣᠭᠠᠴᠢᠯᠲᠠ ᠶᠢ ᠨᠡᠶᠢᠲᠡ 503 ᠲᠦᠮᠡᠨ ᠬᠤᠪᠢ ᠭᠥᠯᠢᠶᠡᠨ | ᠠᠪᠴᠤ ᠰᠢᠢᠳᠪᠦᠷᠢᠯᠡᠪᠡ᠂ ᠰᠢᠢᠳᠪᠦᠷᠢᠯᠡᠭᠰᠡᠨ ᠨᠣᠷᠮ᠎ᠠ ᠨᠢ 95% ᠠᠴᠠ ᠳᠡᠭᠡᠭᠰᠢ ᠳᠤ ᠬᠦᠷᠴᠡᠢ᠃ | ᠨᠥᠭᠦᠭᠡ ᠲᠠᠯ᠎ᠠ ᠪᠠᠷ᠂ ᠦᠨᠳᠦᠰᠦᠨ ᠱᠠᠲᠤᠨ ᠤ ᠬᠦᠰᠦᠨᠦᠭᠲᠦ ᠲᠠᠭᠯᠠᠵᠤ ᠮᠡᠳᠡᠭᠦᠯᠬᠦ ᠲᠤᠭ᠎ᠠ ᠨᠢ ᠣᠯᠠᠨ᠂ ᠣᠯᠠᠨ ᠲᠠᠯ᠎ᠠ ᠠᠴᠠ ᠪᠢᠴᠢᠵᠦ ᠣᠷᠣᠭᠤᠯᠬᠤ᠂ | ᠳᠠᠬᠢᠨ ᠳᠠᠪᠲᠠᠨ ᠲᠠᠭᠯᠠᠵᠤ ᠮᠡᠳᠡᠭᠦᠯᠬᠦ ᠠᠰᠠᠭᠤᠳᠠᠯ ᠳᠤ ᠴᠢᠭᠯᠡᠭᠦᠯᠦᠨ᠂ ᠦᠨᠳᠦᠰᠦᠨ ᠱᠠᠲᠤᠨ ᠤ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠰᠢᠰᠲ᠋ᠧᠮ ᠢ | ᠨᠢᠭᠡᠳᠦᠯᠲᠡᠢ ᠪᠠᠶᠢᠭᠤᠯᠪᠠ᠃ ᠰᠢᠰᠲ᠋ᠧᠮ ᠢ ᠥᠨᠥ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠥᠬᠦ ᠣᠷᠣᠨ ᠤ ᠬᠡᠪᠴᠢᠶᠡᠨ ᠳᠤ ᠪᠥᠬᠦ ᠲᠠᠯ᠎ᠠ ᠪᠠᠷ ᠳᠡᠯᠭᠡᠷᠡᠭᠦᠯᠦᠨ | ᠬᠡᠷᠡᠭᠯᠡᠵᠦ᠂ ᠪᠥᠬᠦ ᠤᠯᠤᠰ ᠲᠠᠬᠢ ᠨᠢᠭᠡᠨᠲᠡ ᠪᠠᠶᠢᠭᠤᠯᠤᠭᠳᠠᠭᠰᠠᠨ ᠠᠩᠬᠠᠳᠠᠭᠴᠢ ᠪᠥᠬᠦ ᠣᠷᠣᠨ ᠪᠦᠰᠡ ᠶᠢᠨ ᠪᠦᠬᠦᠶᠢᠯᠡ ᠬᠤᠰᠢᠭᠤ ᠰᠢᠶᠠᠨ ᠬᠤᠲᠠ ᠲᠣᠭᠤᠷᠢᠭ ᠢ | ᠬᠠᠮᠤᠷᠤᠭᠰᠠᠨ ᠨᠢᠭᠡᠳᠦᠯᠲᠡᠢ ᠮᠡᠳᠡᠭᠦᠯᠬᠦ ᠬᠦᠰᠦᠨᠦᠭᠲᠦ ᠶᠢᠨ ᠲᠠᠪᠴᠠᠩ ᠪᠠᠶᠢᠵᠤ᠂ ᠬᠤᠰᠢᠭᠤ ᠰᠢᠶᠠᠨ ᠤ ᠨᠡᠶᠢᠲᠡ 3700 ᠭᠠᠷᠤᠢ ᠰᠠᠯᠠᠭ᠎ᠠ ᠮᠥᠴᠢᠷ ᠵᠢᠴᠢ ᠰᠢᠶᠠᠩ | ᠵᠡᠭᠡᠯᠢ ᠶᠢᠨ ᠠᠵᠢᠯᠲᠠᠳ ᠲᠤ ᠰᠢᠰᠲ᠋ᠧᠮ ᠤᠨ ᠲᠠᠩᠰᠠᠨ ᠨᠣᠮᠧᠷ ᠢ 2.2 ᠲᠦᠮᠡ ᠭᠠᠷᠤᠢ ᠨᠡᠭᠡᠭᠡᠵᠦ ᠥᠭᠴᠡᠢ᠃ | ᠡᠮᠬᠢᠯᠡᠬᠦ ᠪᠠᠷ ᠳᠠᠮᠵᠢᠭᠤᠯᠤᠨ ᠬᠠᠮᠲᠤ ᠪᠠᠷ ᠬᠦᠷᠲᠡᠬᠦ ᠳ᠋ᠠᠶᠢᠲ᠋ᠠ ᠶᠢᠨ ᠡᠬᠡ ᠲᠠᠩᠰᠠ ᠶᠢ ᠪᠣᠶ ᠪᠣᠯᠭᠠᠭᠠᠳ᠂ ᠮᠡᠳᠡᠭᠦᠯᠬᠦ ᠬᠦᠰᠦᠨᠦᠭᠲᠦ ᠶᠢ 80% ᠰᠢᠬᠠᠮ | ᠴᠣᠮᠬᠠᠳᠬᠠᠪᠠ᠃ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠦᠷᠢᠮ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠭᠰᠡᠭᠡᠷ | ᠢᠷᠡᠵᠡᠢ | | ᠭᠤᠤ ᠵᠠᠨ ᠱᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ | ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠣᠭᠤᠷᠢᠨ ᠳᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠠᠶᠢᠲᠤᠷ ᠬᠢᠵᠦ᠂ | ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ 10 ᠵᠦᠢᠯ ᠤᠨ ᠠᠵᠢᠯᠯᠠᠭ᠎ᠠ ᠥᠷᠨᠢᠭᠦᠯᠵᠦ᠂ | 28 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠤᠨ᠂ ᠦᠨᠳᠦᠰᠦᠲᠡᠨ ᠤ ᠠᠵᠢᠯ ᠶᠠᠪᠤᠳᠠᠯ ᠤᠳ ᠢ ᠬᠠᠤᠯᠢ ᠪᠠᠷ ᠵᠠᠰᠠᠬᠤ ᠡᠯ᠎ᠡ ᠵᠦᠢᠯ ᠤᠨ ᠠᠷᠭ᠎ᠠ | ᠬᠡᠮᠵᠢᠶᠡᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠵᠤ᠂ ᠳᠠᠷᠠᠭᠠᠬᠢ ᠬᠡᠳᠦᠨ ᠲᠠᠯ᠎ᠠ ᠶᠢᠨ | ᠠᠵᠢᠯ ᠢ ᠭᠤᠣᠯᠳᠠᠯᠭ᠎ᠠ ᠲᠠᠢ ᠥᠷᠨᠢᠭᠦᠯᠦᠭᠰᠡᠨ ᠪᠠᠶᠢᠨ᠎ᠠ᠃ | ᠨᠢᠭᠡ ᠳᠤ᠂ ᠬᠠᠤᠯᠢ ᠪᠠᠷ ᠵᠠᠰᠠᠬᠤ ᠰᠠᠭᠤᠷᠢ ᠶᠢ ᠪᠠᠲᠤᠳᠬᠠᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠯᠴᠠᠭ᠎ᠠ ᠶᠢ ᠪᠦᠷᠢᠨᠰᠢᠭᠦᠯᠵᠦ ᠪᠠᠶᠢᠨ᠎ᠠ᠃ ᠦᠨᠳᠦᠰᠦᠲᠡᠨ ᠤ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠬᠢᠷᠠᠭᠤᠯᠤᠨ ᠲᠡᠭᠦᠯᠳᠡᠷᠵᠢᠭᠦᠯᠬᠦ | ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ︽ᠲᠣᠭᠲᠠᠭᠠᠬᠤ᠂ ᠵᠠᠰᠠᠬᠤ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ︾ ᠠᠵᠢᠯ ᠢ ᠦᠷᠭᠦᠯᠵᠢᠯᠡᠨ | ᠠᠬᠢᠭᠤᠯᠵᠤ᠂ ︽ᠪᠠᠲᠤᠳᠬᠠᠬᠤ︾ ᠤᠷᠢᠳᠠᠴᠢ ᠬᠢᠨᠠᠨ ᠬᠠᠷᠭᠤᠭᠤᠯᠬᠤ ᠠᠷᠭ᠎ᠠ ᠶᠢ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ︽ᠪᠠᠲᠤᠳᠬᠠᠬᠤ︾ ᠤᠷᠢᠳᠠᠴᠢ ᠬᠢᠨᠠᠨ ᠬᠠᠷᠭᠤᠭᠤᠯᠬᠤ ᠠᠵᠢᠯ ᠤᠨ ᠵᠦᠭᠯᠡᠭᠦᠷ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ 63 ᠬᠤᠪᠢ ᠪᠢᠴᠢᠭ ᠮᠠᠲ᠋ᠧᠷᠢᠶᠠᠯ ᠤᠨ ᠤᠷᠢᠳᠠᠴᠢ ᠬᠢᠨᠠᠨ ᠬᠠᠷᠭᠤᠭᠤᠯᠤᠯᠲᠠ ᠶᠢ ᠪᠡᠶᠡᠯᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠬᠠᠤᠯᠢ ᠪᠠᠷ ᠵᠠᠰᠠᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ | ᠬᠤᠶᠠᠷ ᠲᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠠᠵᠢᠯ ᠶᠠᠪᠤᠳᠠᠯ ᠢ ᠬᠠᠤᠯᠢ ᠶᠣᠰᠣᠭᠠᠷ ᠵᠠᠰᠠᠬᠤ ᠳᠤ ᠳᠦᠷᠢᠮ ᠤᠨ ᠪᠠᠲᠤᠯᠠᠭ᠎ᠠ | ᠬᠠᠩᠭᠠᠨ᠎ᠠ᠃ ᠣᠨᠣᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠰᠤᠳᠤᠯᠭᠠᠨ ᠤ ᠰᠠᠭᠤᠷᠢᠨ ᠭᠠᠵᠠᠷ ᠤᠨ ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠦᠨ᠂ | ᠥᠪᠡᠷᠲᠡᠭᠡᠨ ᠵᠠᠰᠠᠬᠤ ᠣᠷᠣᠨ ᠤ ᠰᠤᠳᠤᠯᠭᠠᠨ ᠤ ︵ᠪᠣᠶᠢᠵᠢᠭᠤᠯᠬᠤ︶ ᠰᠠᠭᠤᠷᠢᠨ ᠭᠠᠵᠠᠷ ᠢ 8 ᠪᠠᠶᠢᠭᠰᠠᠨ ᠠᠴᠠ ᠪᠠᠨ ᠨᠡᠮᠡᠭᠳᠡᠭᠦᠯᠦᠭᠡᠳ 19 ᠪᠣᠯᠭᠠᠵᠠᠢ᠃ | ᠭᠤᠷᠪᠠ ᠳᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠬᠠᠷᠢᠯᠴᠠᠨ ᠰᠢᠬᠢᠳᠬᠡᠯ ᠬᠡᠯᠪᠡᠷᠢᠲᠦ ᠨᠡᠶᠢᠭᠡᠮ ᠤᠨ ᠪᠦᠲᠦᠴᠡ ᠪᠠ ᠨᠡᠶᠢᠭᠡᠮ | ᠲᠣᠭᠤᠷᠢᠭ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠰ ᠳᠡᠪᠰᠢᠭᠦᠯᠦᠭᠰᠡᠨ | ᠵᠠᠭᠪᠤᠷ ᠢ ᠦᠷᠭᠦᠯᠵᠢᠯᠡᠨ ᠪᠣᠶ ᠪᠣᠯᠭᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠴᠢᠨᠠᠷ ᠢ ᠨᠢ | ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ ᠥᠷᠨᠢᠭᠦᠯᠦᠨ᠂ ᠦᠨᠳᠦᠰᠦᠨ ᠱᠠᠲᠤᠨ ᠤ ᠡᠭᠦᠳᠦᠨ ᠪᠠᠶᠢᠭᠤᠯᠬᠤ ᠠᠵᠢᠯ ᠤᠨ | ᠨᠠᠷᠠᠲᠤ ᠲᠥᠷᠥᠯ ᠲᠡᠮᠳᠡᠭ ᠢ 396 ᠭᠠᠷᠭᠠᠵᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠤ ᠲᠦᠰᠢᠭᠯᠡᠬᠦ᠂ ᠵᠠᠰᠠᠭ ᠤᠨ ᠣᠷᠳᠣᠨ ᠬᠠᠷᠢᠭᠤᠴᠠᠬᠤ᠂ | ᠠᠷᠠᠳᠴᠢᠯᠠᠯ ᠢᠶᠠᠷ ᠵᠥᠪᠳᠡᠯᠴᠡᠬᠦ᠂ ᠨᠡᠶᠢᠭᠡᠮ ᠤᠨ ᠬᠢᠨ ᠵᠣᠬᠢᠴᠠᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠪᠠᠷ ᠵᠠᠰᠠᠬᠤ ᠶᠢ ᠪᠠᠲᠤᠯᠠᠬᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠤᠯᠬᠤ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠪᠠ᠃ | | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ | | ᠵᠠᠬᠢᠳᠠᠯ ᠰᠤᠷᠪᠤᠯᠵᠢᠯᠠᠯ ᠤᠨ ᠲᠠᠪᠤᠨ ᠱᠠᠲᠤᠨ ᠤ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠨᠡᠪᠲᠡᠷᠡᠭᠦᠯᠦᠨ ᠲᠡᠭᠦᠯᠳᠡᠷᠵᠢᠭᠦᠯᠵᠦ ᠤᠯᠠᠨ ᠲᠦᠮᠡᠨ ᠤ ᠭᠤᠮᠣᠳᠠᠯ | ᠲᠣᠭᠠᠴᠢᠯᠲᠠ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ ᠥᠭᠭᠦᠨ᠎ᠡ | | ᠵᠠᠩ ᠶᠢᠨ ᠫᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠨᠢ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ | ᠵᠠᠬᠢᠳᠠᠯ ᠰᠤᠷᠪᠤᠯᠵᠢᠯᠠᠯ ᠤᠨ ᠲᠠᠪᠤᠨ ᠱᠠᠲᠤᠨ ᠤ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠨᠡᠪᠲᠡᠷᠡᠭᠦᠯᠦᠨ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ᠂ ᠰᠤᠮᠤ | ᠰᠢᠶᠠᠩ ᠪᠠᠯᠭᠠᠰᠤ᠂ ᠬᠤᠰᠢᠭᠤ ᠰᠢᠶᠠᠨ᠂ ᠠᠶᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠣᠷᠣᠯᠠᠨ ᠭᠦᠢᠴᠡᠳᠬᠡᠬᠦ ᠵᠠᠮ ᠢ ᠨᠡᠪᠲᠡᠷᠡᠭᠦᠯᠦᠨ᠂ | ᠲᠠᠪᠤᠨ ᠱᠠᠲᠤᠨ ᠤ ᠬᠤᠣᠰ ᠴᠢᠭᠯᠡᠯ ᠢᠶᠠᠷ ᠨᠡᠪᠲᠡᠷᠡᠭᠰᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠯᠳᠦᠭᠦᠯᠵᠦ᠂ | ᠤᠯᠠᠨ ᠲᠦᠮᠡᠨ ᠤ ᠭᠤᠮᠣᠳᠠᠯ ᠲᠣᠭᠠᠴᠢᠯᠲᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠤᠯᠠᠮ ᠨᠢᠭᠡ ᠠᠯᠬᠤᠮ | ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ︽ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠬᠦᠯᠢᠶᠡᠵᠦ︾ ᠪᠠᠶᠢᠭᠰᠠᠨ ᠢ ︽ᠤᠯᠠᠨ ᠲᠦᠮᠡᠨ ᠢ ᠣᠷᠣᠯᠠᠨ | ᠭᠦᠢᠴᠡᠳᠬᠡᠬᠦ︾ ᠪᠣᠯᠭᠠᠵᠤ᠂ ︽ᠵᠥᠷᠢᠴᠡᠯ ᠢ ᠰᠠᠨᠠᠭᠠᠴᠢᠯᠭᠠᠲᠤ ᠪᠤᠰᠤ ᠪᠠᠷ ᠠᠷᠢᠯᠭᠠᠵᠤ︾ ᠪᠠᠶᠢᠭᠰᠠᠨ ᠢ ︽ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ︾ | ᠪᠣᠯᠭᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠤᠳ ᠢ ᠴᠠᠭ ᠲᠤᠬᠠᠢ ᠳᠤ ᠨᠢ ᠭᠡᠷ ᠲᠤ ᠨᠢ ᠰᠢᠢᠳᠪᠦᠷᠢᠯᠡᠵᠦ | ᠥᠭᠬᠦ ᠪᠣᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠪᠠ᠃ | ᠨᠢᠭᠡ ᠳᠤ᠂ ᠤᠯᠠᠨ ᠲᠦᠮᠡᠨ ᠤ ᠭᠤᠮᠣᠳᠠᠯ ᠲᠣᠭᠠᠴᠢᠯᠲᠠ ᠶᠢᠨ ︽ᠳᠣᠣᠷ᠎ᠠ ᠠᠴᠠ ᠳᠡᠭᠡᠭᠰᠢ︾᠂ ᠭᠤᠣᠯᠳᠠᠯᠭ᠎ᠠ ᠲᠠᠢ ᠵᠦᠢᠯᠡᠰ ᠤᠨ ︽ᠳᠡᠭᠡᠷ᠎ᠡ ᠠᠴᠠ | ᠳᠣᠷᠣᠭᠰᠢ︾ ᠪᠠᠶᠢᠬᠤ ᠣᠷᠣᠯᠠᠨ ᠭᠦᠢᠴᠡᠳᠬᠡᠬᠦ ᠠᠷᠭ᠎ᠠ ᠵᠠᠮ ᠢ ᠨᠡᠪᠲᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ | ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠪᠤᠨ ᠱᠠᠲᠤᠨ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠨᠢᠭᠡᠨᠲᠡ ᠴᠥᠮ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ | ᠵᠡᠷᠭᠡ 40 ᠲᠢᠩᠬᠢᠮ ᠲᠣᠪᠴᠢᠶ᠎ᠠ᠂ ᠨᠢᠭᠡᠴᠢ ᠨᠦᠭᠦᠳ ᠲᠣᠰᠪᠤᠷᠢ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠵᠠᠮ ᠱᠤᠭᠤᠮ ᠢ ᠱᠠᠲᠤ ᠳᠠᠷᠠᠭᠠᠯᠠᠨ | ᠨᠡᠪᠲᠡᠷᠡᠭᠦᠯᠪᠡ᠃ | ᠬᠤᠶᠠᠷ ᠲᠤ᠂ ᠲᠠᠪᠤᠨ ᠱᠠᠲᠤᠨ ᠤ ᠬᠤᠣᠰ ᠴᠢᠭᠯᠡᠯ ᠢᠶᠠᠷ ᠨᠡᠪᠲᠡᠷᠡᠭᠦᠯᠦᠭᠰᠡᠨ ᠣᠷᠣᠯᠠᠨ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠎ᠡ᠃ ᠭᠤᠮᠣᠳᠠᠯ | ᠲᠣᠭᠠᠴᠢᠯᠲᠠ ᠨᠢ ᠳᠥᠭᠦᠮᠬᠡᠨ ᠪᠠᠶᠢᠳᠠᠭ ᠣᠷᠣᠯᠠᠨ ᠭᠦᠢᠴᠡᠳᠬᠡᠬᠦ ᠵᠦᠢᠯᠡᠰ ᠤᠨ ᠣᠷᠣᠯᠠᠨ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠰᠢᠶᠠᠩ ᠲᠣᠰᠬᠤᠨ ᠬᠤᠶᠠᠷ | ᠱᠠᠲᠤᠨ ᠤ ᠣᠷᠣᠯᠠᠨ ᠭᠦᠢᠴᠡᠳᠭᠡᠭᠴᠢ ᠡᠶᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠣᠬᠢᠴᠠᠭᠤᠯᠤᠨ ᠰᠢᠢᠳᠪᠦᠷᠢᠯᠡᠵᠦ᠂ ᠴᠠᠭ ᠲᠤᠬᠠᠢ ᠳᠤ ᠨᠢ ᠬᠠᠷᠢᠭᠤᠯᠲᠠ ᠥᠭᠭᠦᠨ᠎ᠡ︔ | ᠪᠠᠶᠢᠳᠠᠯ ᠨᠢ ᠪᠤᠳᠤᠯᠢᠶᠠᠨᠲᠠᠢ ᠣᠷᠣᠯᠠᠨ ᠭᠦᠢᠴᠡᠳᠬᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠣᠶᠤᠨᠴᠢ | ᠲᠤᠰᠠᠯᠠᠬᠤ ᠰᠢᠰᠲ᠋ᠧᠮ ︽ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ︾ ᠬᠡᠰᠡᠭ ᠲᠤ ᠲᠦᠰᠢᠭᠯᠡᠨ᠂ ᠪᠥᠬᠦ ᠴᠤᠪᠤᠷᠠᠯ ᠢ ᠰᠦᠯᠵᠢᠶᠡᠨ ᠳᠡᠭᠡᠷ᠎ᠡ | ᠶᠠᠪᠤᠭᠳᠠᠭᠤᠯᠵᠤ᠂ ᠵᠢᠷᠤᠮᠵᠢᠭᠤᠨ ᠰᠢᠢᠳᠪᠦᠷᠢᠯᠡᠵᠦ᠂ ᠴᠠᠭ ᠲᠤᠬᠠᠢ ᠳᠤ ᠨᠢ ᠪᠠᠶᠢᠴᠠᠭᠠᠨ ᠯᠠᠪᠯᠠᠵᠤ ᠪᠣᠯᠬᠤ᠂ ᠮᠥᠷᠳᠡᠵᠦ ᠪᠣᠯᠬᠤ᠂ ᠰᠢᠮᠳᠠᠭᠤᠯᠤᠨ ᠰᠢᠢᠳᠪᠦᠷᠢᠯᠡᠭᠦᠯᠵᠦ | ᠪᠣᠯᠬᠤ ᠶᠢ ᠪᠡᠶᠡᠯᠡᠭᠦᠯᠦᠨ᠎ᠡ᠃ | ᠭᠤᠷᠪᠠ ᠳᠤ᠂ ᠦᠨᠡᠨ ᠬᠦ ᠣᠷᠣᠯᠠᠨ ᠭᠦᠢᠴᠡᠳᠬᠡᠵᠦ᠂ ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠦᠨ᠎ᠡ᠃ ᠥᠨᠥ ᠵᠢᠯ ᠠᠴᠠ | ᠨᠠᠭᠠᠰᠢ᠂ ᠡᠯ᠎ᠡ ᠭᠠᠵᠠᠷ ᠤᠨ ᠬᠢᠨ ︽ᠭᠤᠮᠣᠳᠠᠯ ᠲᠣᠭᠠᠴᠢᠭᠰᠠᠨ ᠦᠭᠡᠢ ᠪᠠᠶᠢᠲᠠᠯ᠎ᠠ ᠤᠷᠢᠳ ᠢᠶᠠᠷ ᠰᠢᠢᠳᠪᠦᠷᠢᠯᠡᠭᠰᠡᠨ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ | ᠪᠠᠶᠢᠴᠠᠭᠠᠵᠤ᠂ ᠰᠠᠭᠠᠳ ᠦᠭᠡᠢ ᠨᠡᠪᠲᠡᠷᠡᠬᠦ ᠵᠠᠮ ᠢᠶᠠᠷ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶᠢᠬᠠᠨ ᠰᠢᠢᠳᠪᠦᠷᠢᠯᠡᠵᠦ᠂ ᠳᠡᠭᠡᠭᠰᠢ ᠳᠣᠷᠣᠭᠰᠢ ᠨᠡᠪᠲᠡᠷᠡᠬᠦ ᠶᠢ | ᠲᠥᠷᠥᠯ ᠬᠤᠪᠢᠶᠠᠨ ᠣᠷᠣᠯᠠᠨ ᠭᠦᠢᠴᠡᠳᠬᠡᠵᠦ︾᠂ ᠠᠵᠢᠯ ᠤᠨ ᠠᠬᠢᠴᠠ ᠶᠢᠨ ᠳᠠᠭᠠᠤ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠵᠢᠯ ᠤᠨ | ᠣᠷᠣᠨ ᠪᠠᠶᠢᠷᠢ ᠪᠠᠨ ᠴᠠᠭ ᠲᠤᠬᠠᠢ ᠳᠤ ᠨᠢ ᠬᠤᠪᠢᠷᠠᠭᠤᠯᠵᠤ᠂ ᠨᠢᠭᠡ ᠪᠦᠯᠦᠭ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯᠡᠰ ᠢ | ᠴᠠᠭ ᠲᠤᠬᠠᠢ ᠳᠤ ᠨᠢ ᠲᠤᠬᠠᠢ ᠶᠢᠨ ᠭᠠᠵᠠᠷ ᠲᠤ ᠨᠢ ᠰᠢᠢᠳᠪᠦᠷᠢᠯᠡᠬᠦ ᠶᠢ ᠦᠨᠡᠨ ᠬᠦ ᠠᠬᠢᠭᠤᠯᠵᠠᠢ᠂ ᠥᠨᠥ ᠵᠢᠯ ᠠᠴᠠ ᠨᠠᠭᠠᠰᠢ᠂ ᠪᠥᠬᠦ ᠣᠷᠣᠨ ᠳᠤ ᠡᠯ᠎ᠡ | ᠲᠥᠷᠥᠯ ᠤᠨ ᠵᠦᠢᠯᠡᠰ ᠢ ᠨᠢᠭᠡᠨᠲᠡ 2.5 ᠲᠦᠮᠡ ᠭᠠᠷᠤᠢ ᠣᠷᠣᠯᠠᠨ ᠭᠦᠢᠴᠡᠳᠬᠡᠭᠰᠡᠨ ᠪᠠᠶᠢᠨ᠎ᠠ᠃ | | |