ᠮᠠᠨ ᠤ ᠣᠷᠣᠨ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠭᠦᠨ ᠤ ᠠᠮᠵᠢᠯᠲᠠ ᠪᠦᠲᠦᠮᠵᠢ ᠶᠢᠨ ᠦᠨᠡᠯᠡᠯᠲᠡ ᠳᠤᠮᠳᠠ ︽ᠬᠤᠶᠠᠷ ᠰᠢᠯᠢᠳᠡᠭ ᠳᠥᠷᠪᠡᠨ ᠰᠠᠶᠢᠨ︾ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/11/26
      ᠣᠶᠢᠷ᠎ᠠ ᠳᠤ᠂ ᠤᠯᠤᠰ ᠠᠴᠠ 2023 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠤᠭᠳᠠᠭᠰᠠᠨ ᠰᠢᠯᠵᠢᠭᠦᠯᠦᠨ ᠥᠭᠬᠦ 6 ᠵᠦᠢᠯ ᠤᠨ ᠠᠮᠵᠢᠯᠲᠠ ᠪᠦᠲᠦᠮᠵᠢ  ᠶᠢᠨ ᠦᠨᠡᠯᠡᠯᠲᠡ ᠶᠢᠨ ᠦᠷ᠎ᠡ ᠳ᠋ᠦᠩ ᠢ ᠨᠡᠪᠲᠡᠷᠡᠭᠦᠯᠦᠨ ᠮᠡᠳᠡᠭᠡᠯᠡᠪᠡ᠂ ᠮᠠᠨ ᠤ ᠣᠷᠣᠨ ︽ᠬᠤᠶᠠᠷ ᠰᠢᠯᠢᠳᠡᠭ ᠳᠥᠷᠪᠡᠨ ᠰᠠᠶᠢᠨ︾ ᠢᠶᠠᠷ ᠦᠨᠡᠯᠡᠭᠳᠡᠵᠦ᠂ 2022 ᠣᠨ ᠯᠤᠭ᠎ᠠ ᠬᠠᠷᠢᠴᠠᠭᠤᠯᠪᠠᠯ ︽ᠳᠥᠷᠪᠡᠨ ᠰᠠᠶᠢᠨ ᠨᠢᠭᠡ ᠳᠤᠮᠳᠠ︾ ᠶᠢᠨ ᠠᠮᠵᠢᠯᠲᠠ ᠪᠦᠲᠦᠮᠵᠢ  ᠶᠢᠨ ᠦᠨᠡᠯᠡᠯᠲᠡ ᠲᠠᠢ ᠪᠠᠶᠢᠭᠰᠠᠨ ᠦᠷ᠎ᠡ ᠳ᠋ᠦᠩ ᠠᠴᠠ ᠪᠠᠨ ᠢᠯᠡᠳᠲᠡ ᠳᠡᠭᠡᠭᠰᠢᠯᠡᠵᠦ᠂ 31 ᠮᠤᠵᠢ ᠣᠷᠣᠨ ᠬᠤᠲᠠ ᠶᠢᠨ ᠳᠣᠲᠣᠷ᠎ᠠ ᠶᠡᠷᠦᠩᠬᠡᠢ ᠵᠢᠭᠰᠠᠭᠠᠯᠲᠠ ᠨᠢ ᠨᠢᠳᠤᠨᠤᠨ ᠤ 22 ᠳ᠋ᠤᠭᠠᠷ ᠲᠤ ᠪᠠᠶᠢᠭᠰᠠᠨ ᠠᠴᠠ ᠪᠠᠨ ᠳᠠᠪᠰᠢᠭᠠᠳ 11 ᠳ᠋ᠦ᠋ᠭᠡᠷ ᠲᠤ ᠤᠷᠤᠵᠠᠢ᠃ ᠲᠣᠰ ᠤᠳᠠᠭᠠᠨ ᠤ ᠠᠮᠵᠢᠯᠲᠠ ᠪᠦᠲᠦᠮᠵᠢ ᠶᠢ ᠦᠨᠡᠯᠡᠬᠦ ᠬᠡᠪᠴᠢᠶᠡᠨ ᠳᠤ ᠣᠷᠣᠭᠤᠯᠤᠭᠰᠠᠨ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠰᠢᠯᠵᠢᠭᠦᠯᠦᠨ ᠥᠭᠬᠦ 6 ᠵᠦᠢᠯ ᠪᠤᠯᠤᠨ᠎ᠠ᠂ 2023 ᠣᠨ ᠳᠤ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ ᠪᠤᠲᠠᠲᠠᠢ ᠪᠠᠭᠤᠯᠭᠠᠭᠰᠠᠨ 6 ᠵᠦᠢᠯ ᠤᠨ ᠪᠡᠯᠡ ᠮᠦᠩᠭᠦᠨ ᠤ ᠶᠡᠷᠦᠩᠬᠡᠢ ᠲᠤᠭ᠎ᠠ ᠨᠢ 228 ᠳ᠋ᠦᠩᠰᠢᠭᠤᠷ ᠲᠥᠭᠦᠷᠢᠭ ︵ᠡᠭᠦᠨ ᠳᠤ ᠤᠯᠤᠰ ᠤᠨ ᠵᠢᠭᠡᠯᠡᠯᠭᠡ ᠪᠠᠷ ᠨᠡᠮᠡᠵᠦ ᠪᠠᠭᠤᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠪᠠᠭᠲᠠᠬᠤ ᠦᠭᠡᠢ︶ ᠪᠠᠶᠢᠪᠠ᠃ ᠡᠭᠦᠨ ᠳᠤ᠂ ᠮᠠᠨ ᠤ ᠣᠷᠣᠨ ︽ᠰᠢᠯᠢᠳᠡᠭ︾ ᠢᠶᠠᠷ ᠦᠨᠡᠯᠡᠭᠳᠡᠭᠰᠡᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠬᠢᠭᠡᠳ ᠠᠰᠢᠭᠯᠠᠯᠲᠠ ᠶᠢᠨ ᠪᠠᠯᠠ ᠮᠥᠩᠭᠦ 123 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠬᠠᠤ ᠪᠠᠯᠠ ᠮᠥᠩᠭᠦ 7 ᠳ᠋ᠦᠩᠰᠢᠭᠤᠷ ᠲᠥᠭᠦᠷᠢᠭ ᠪᠠᠶᠢᠵᠠᠢ᠂ ᠡᠨᠡ ᠬᠦ ᠬᠤᠶᠠᠷ ᠵᠦᠢᠯ ᠨᠢ ᠨᠡᠶᠢᠲᠡ 130 ᠳ᠋ᠦᠩᠰᠢᠭᠤᠷ ᠲᠥᠭᠦᠷᠢᠭ ᠲᠤ ᠬᠦᠷᠴᠦ᠂ ᠲᠥᠪ ᠤᠨ ᠡᠳ᠋ ᠤᠨ ᠵᠠᠰᠠᠭ ᠤᠨ ᠪᠠᠭᠤᠯᠭᠠᠭᠰᠠᠨ ᠪᠠᠯᠠ ᠮᠦᠩᠭᠦᠨ ᠤ ᠶᠡᠷᠦᠩᠬᠡᠶ ᠲᠤᠭᠠᠨ ᠤ 57% ᠶᠢ ᠡᠵᠡᠯᠡᠪᠡ ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ