ᠡᠨᠡ ᠵᠢᠯ ᠤᠨ 7 ᠳ᠋ᠤᠭᠠᠷ ᠰᠠᠷ᠎ᠠ ᠳᠤ ︽ᠬᠤᠲᠠ ᠶᠢᠨ ᠰᠢᠨ᠎ᠡ ᠠᠷᠠᠳ︾ ᠪᠣᠯᠭᠠᠬᠤ ᠪᠠᠷ ᠡᠷᠦᠬᠡ ᠠᠮᠠ ᠣᠷᠣᠭᠤᠯᠬᠤ ᠰᠢᠷᠢᠰ ᠠᠷᠭ᠎ᠠ ᠬᠡᠮᠵᠢᠶ᠎ᠡ ᠶᠢ | ᠨᠡᠶᠢᠲᠡᠯᠡᠭᠰᠡᠨ ᠤ ᠳᠠᠷᠠᠭ᠎ᠠ᠂ 8 ᠳ᠋ᠤᠭᠠᠷ ᠰᠠᠷ᠎ᠠ ᠶᠢᠨ ᠳᠤᠮᠳᠠᠴᠢ ᠪᠠᠷ ︽ᠬᠤᠲᠠ ᠶᠢᠨ ᠰᠢᠨ᠎ᠡ ᠠᠷᠠᠳ︾ ᠤᠨ ᠡᠷᠦᠬᠡ ᠠᠮᠠ ᠣᠷᠣᠭᠤᠯᠬᠤ ᠨᠥᠬᠦᠪᠥᠷᠢ ᠪᠠᠯᠠ | ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠠᠷᠭ᠎ᠠ ᠶᠢ ᠢᠵᠢ ᠪᠥᠷᠢᠳᠦᠭᠦᠯᠦᠨ ᠨᠡᠶᠢᠲᠡᠯᠡᠵᠦ᠂ 16 - 45 ᠪᠦᠬᠦᠯᠢ ᠨᠠᠰᠤᠨ ᠤ ᠰᠢᠨ᠎ᠡ ᠪᠠᠷ ᠡᠷᠦᠬᠡ ᠠᠮᠠ | ᠣᠷᠣᠭᠤᠯᠤᠭᠰᠠᠨ ᠬᠥᠮᠦᠰ ᠲᠤ ᠴᠢᠭᠯᠡᠭᠦᠯᠦᠨ᠂ ᠬᠥᠮᠦᠨ ᠪᠦᠷᠢ ᠳᠤ 1000 ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠡᠷᠦᠬᠡ ᠠᠮᠠ ᠣᠷᠣᠭᠤᠯᠤᠭᠰᠠᠨ | ᠨᠥᠬᠦᠪᠥᠷᠢ ᠣᠯᠭᠤᠪᠠ᠃ ᠡᠭᠦᠨ ᠤ ᠬᠠᠮᠲᠤ᠂ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ | ︽ᠰᠠᠭᠠᠳ ᠥᠬᠡᠶ ᠨᠡᠪᠲᠡᠷᠡᠬᠦ ᠵᠠᠮ︾ ᠪᠠ ᠡᠷᠦᠬᠡ ᠠᠮᠠ ᠣᠷᠣᠭᠤᠯᠬᠤ ᠲᠤᠰᠬᠠᠶ ᠴᠣᠩᠬᠤᠪᠴᠢ ᠨᠡᠭᠡᠭᠡᠵᠦ᠂ ᠠᠵᠢᠯᠯᠠᠬᠤ ᠡᠳᠦᠷ ᠲᠤ ᠴᠠᠭ ᠤᠷᠲᠤᠳᠬᠠᠨ | ᠭᠦᠢᠴᠡᠳᠬᠡᠬᠦ᠂ ᠭᠠᠷᠠᠭ ᠤᠨ ᠵᠢᠷᠭᠤᠭᠠᠨ ᠡᠳᠦᠷ ᠠᠮᠠᠷᠠᠯᠲᠠ ᠦᠭᠡᠢ ᠪᠠᠷ ᠭᠦᠢᠴᠡᠳᠬᠡᠬᠦ ᠵᠡᠷᠭᠡ ᠠᠷᠠᠳ ᠲᠤ ᠳᠥᠭᠦᠮᠯᠡᠵᠦ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ | ᠠᠪᠴᠤ᠂ ︽ᠬᠤᠲᠠ ᠶᠢᠨ ᠰᠢᠨ᠎ᠡ ᠠᠷᠠᠳ︾ ᠤᠨ ᠡᠷᠦᠬᠡ ᠠᠮᠠ ᠣᠷᠣᠭᠤᠯᠬᠤ ᠳᠤ ᠲᠤᠰᠬᠠᠶ ᠦᠢᠯᠡᠴᠢᠯᠡᠭᠡ ᠬᠠᠩᠭᠠᠵᠤ ᠪᠣᠢ᠃ ᠣᠳᠣᠬᠠᠨ ᠳᠤ᠂ 506 ︽ | ᠬᠤᠲᠠ ᠶᠢᠨ ᠰᠢᠨ᠎ᠡ ᠠᠷᠠᠳ︾ ᠡᠷᠦᠬᠡ ᠠᠮᠠ ᠣᠷᠣᠭᠤᠯᠤᠭᠰᠠᠨ ᠨᠥᠬᠦᠪᠥᠷᠢ ᠶᠢ ᠭᠤᠶᠤᠴᠢᠯᠠᠨ ᠠᠪᠴᠠᠢ᠃ 8 ᠳ᠋ᠤᠭᠠᠷ ᠰᠠᠷ᠎ᠡ ᠶᠢᠨ ᠰᠡᠬᠦᠯᠴᠢ ᠪᠤᠯᠳᠠᠯ᠎ᠠ᠂ ᠡᠷᠦᠬᠡ | ᠠᠮᠠ ᠣᠷᠣᠭᠤᠯᠤᠭᠰᠠᠨ ︽ᠬᠤᠳᠠ ᠶᠢᠨ ᠰᠢᠨ᠎ᠡ ᠠᠷᠠᠳ︾ 15695 ᠬᠦᠮᠦᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 42.9% ᠪᠠᠷ ᠨᠡᠮᠡᠭᠳᠡᠪᠡ᠃ ︵ | ᠣᠷᠳᠣᠰ ᠬᠤᠲᠠ ᠶᠢᠨ ᠵᠠᠰᠠᠭ ᠤᠨ ᠣᠷᠳᠣᠨ︶ | |