︽ᠣᠮᠠᠷᠠᠲᠦ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠬᠦᠴᠦ ᠨᠡᠮᠡᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠡᠨᠡ ᠵᠢᠯ ᠮᠠᠨ ᠤ ᠣᠷᠣᠨ ᠤᠰᠤ ᠬᠥᠷᠥᠰᠥ ᠶᠢ ᠬᠠᠮᠠᠭᠠᠯᠠᠬᠤ ᠵᠠᠰᠠᠯᠲᠠ ᠶᠢᠨ ᠪᠡᠯᠡ ᠮᠥᠩᠭᠦ ᠶᠢ ᠨᠡᠶᠢᠲᠡ 22.13 ᠳ᠋ᠦᠩᠰᠢᠭᠤᠷ ᠲᠥᠭᠦᠷᠢᠭ | ᠪᠠᠭᠤᠯᠭᠠᠵᠤ᠂ 2023 ᠣᠨ ᠤ ᠬᠢ ᠲᠠᠢ ᠬᠠᠷᠢᠴᠠᠭᠤᠯᠪᠠᠯ ᠪᠤᠲᠠᠲᠠᠢ ᠨᠠᠶᠢᠳᠠᠪᠤᠷᠢᠵᠢᠭᠤᠯᠤᠭᠰᠠᠨ ᠪᠡᠯᠡ ᠮᠥᠩᠭᠦ ᠶᠢ 118% ᠪᠠᠷ ᠨᠡᠮᠡᠭᠳᠡᠭᠦᠯᠵᠦ᠂ ᠭᠤᠣᠯᠳᠠᠭᠤ | ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ 71 ᠲᠥᠷᠥᠯ ᠵᠦᠢᠯ ᠢ | ᠬᠡᠷᠡᠭᠵᠢᠭᠦᠯᠵᠦ᠂ 2.65 ᠲᠦᠮᠡᠨ ᠮᠦ ᠨᠠᠯᠠᠤ ᠲᠠᠷᠢᠶᠠᠯᠠᠬᠤ ᠭᠠᠵᠠᠷ ᠢ ᠶᠡᠷᠦᠩᠬᠡᠶᠢᠯᠡᠨ ᠵᠠᠰᠠᠵᠤ᠂ 2855 ᠢᠳᠡᠭᠳᠡᠮᠡᠯ ᠭᠤᠤ ᠶᠢ ᠶᠡᠷᠦᠩᠬᠡᠶᠢᠯᠡᠨ ᠵᠠᠰᠠᠵᠤ᠂ ᠨᠦᠯᠦᠮᠡᠯ | ᠭᠠᠵᠠᠷ ᠤᠨ ᠬᠠᠰᠢᠯᠭ᠎ᠠ ᠶᠢ ᠪᠠᠬᠢᠵᠢᠭᠦᠯᠬᠦ ᠪᠠ ᠥᠭᠡᠷᠡᠴᠢᠯᠡᠨ ᠰᠠᠶᠢᠵᠢᠷᠠᠭᠤᠯᠬᠤ ᠪᠠᠷ 49 ᠰᠠᠭᠤᠷᠢ ᠵᠢᠴᠢ ᠨᠦᠯᠦᠮᠡᠯ ᠭᠠᠵᠠᠷ ᠤᠨ ᠬᠠᠰᠢᠯᠭ᠎ᠠ ᠶᠢ 25 ᠰᠠᠭᠤᠷᠢ᠂ | ᠡᠯᠡᠰᠦ ᠶᠢ ᠬᠠᠰᠢᠬᠤ ᠪᠠᠷ 79 ᠰᠠᠭᠤᠷᠢ ᠬᠠᠰᠢᠯᠭ᠎ᠠ ᠶᠢ ᠰᠢᠨ᠎ᠡ ᠪᠠᠷ ᠪᠠᠶᠢᠭᠤᠯᠵᠤ᠂ ᠨᠡᠶᠢᠲᠡ 281.33 ᠲᠦᠮᠡᠨ ᠮᠦ ᠲᠠᠯᠠᠪᠠᠢ ᠶᠢᠨ ᠤᠰᠤ ᠬᠥᠷᠥᠰᠥ ᠶᠢᠨ | ᠢᠳᠡᠭᠳᠡᠯ ᠢ ᠵᠠᠰᠠᠬᠤ ᠶᠢ ᠪᠡᠶᠡᠯᠡᠭᠦᠯᠵᠦ᠂ 2023 ᠣᠨ ᠤ ᠬᠢ ᠲᠠᠢ ᠬᠠᠷᠢᠴᠠᠭᠤᠯᠪᠠᠯ 64% ᠪᠠᠷ ᠨᠡᠮᠡᠭᠳᠡᠪᠡ᠃ ᠡᠭᠦᠨ ᠳᠤ᠂ ᠢᠳᠡᠭᠳᠡᠮᠡᠯ ᠭᠤᠤ ᠶᠢ ᠶᠡᠷᠦᠩᠬᠡᠶᠢᠯᠡᠨ | ᠵᠠᠰᠠᠬᠤ ᠶᠢ ᠭᠠᠷᠭᠠᠪᠠᠯ᠂ ᠪᠤᠰᠤᠳ ᠲᠥᠷᠥᠯ ᠵᠦᠢᠯ ᠢ ᠪᠦᠬᠦᠨ ᠢ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠭᠤᠣᠯᠳᠠᠯᠭ᠎ᠠ ᠪᠣᠯᠬᠤ ᠣᠷᠣᠨ | ᠪᠦᠰᠡ ᠳᠤ ᠲᠣᠬᠢᠷᠠᠭᠤᠯᠵᠤ᠂ ᠨᠡᠶᠢᠲᠡ 13.08 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ ᠵᠠᠰᠠᠯᠲᠠ ᠶᠢᠨ ᠲᠠᠯᠠᠪᠠᠶ ᠶᠢ 199.5 | ᠲᠦᠮᠡᠨ ᠮᠦ ᠪᠡᠶᠡᠯᠡᠭᠦᠯᠵᠦ᠂ ᠲᠣᠰ ᠲᠣᠰ ᠪᠥᠬᠦ ᠣᠷᠣᠨ ᠤ ᠤᠰᠤ ᠬᠦᠷᠦᠰᠦ ᠶᠢ ᠬᠠᠮᠠᠭᠠᠯᠠᠨ ᠵᠠᠰᠠᠬᠤ ᠡᠭᠦᠷᠭᠡ ᠶᠢᠨ ᠶᠡᠷᠦᠩᠬᠡᠢ ᠲᠣᠭᠠᠨ ᠤ 59.1% ᠪᠠ | 70.9% ᠶᠢ ᠡᠵᠡᠯᠡᠪᠡ᠃ ︵ᠤᠰᠤᠨ ᠠᠰᠢᠭᠯᠠᠯᠲᠠ ᠶᠢᠨ ᠲᠢᠩᠬᠢᠮ︶ | | |