ᠣᠷᠳᠣᠰ ᠬᠤᠲᠠ ᠶᠢᠨ ᠬᠢᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠤᠶᠠᠨ ᠬᠠᠲᠠᠨ ᠴᠢᠨᠠᠷᠲᠠᠶ ᠪᠠᠷ ᠭᠠᠵᠠᠷ ᠬᠠᠩᠭᠠᠬᠤ ᠲᠣᠭᠲᠠᠴᠠ ᠶᠢ ᠬᠡᠷᠡᠭᠵᠢᠭᠦᠯᠵᠦ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2024/11/5
      ᠣᠷᠳᠣᠰ ᠬᠤᠲᠠ ᠶᠢᠨ ᠬᠢᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠤᠶᠠᠨ ᠬᠠᠲᠠᠨ ᠴᠢᠨᠠᠷᠲᠠᠶ ᠪᠠᠷ ᠭᠠᠵᠠᠷ ᠬᠠᠩᠭᠠᠬᠤ ᠲᠣᠭᠲᠠᠴᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ ᠳᠤ ᠬᠦᠴᠦᠨ ᠨᠡᠮᠡᠷᠢᠯᠡᠵᠦ ᠪᠣᠢ᠃ ᠤᠶᠠᠨ ᠬᠠᠲᠠᠨ ᠴᠢᠨᠠᠷᠲᠠᠢ ᠪᠠᠷ ᠵᠢᠯ ᠢᠶᠠᠷ ᠰᠢᠯᠵᠢᠭᠦᠯᠵᠦ ᠥᠭᠬᠦ᠂ ᠤᠷᠲᠤ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳ ᠢᠶᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠵᠦ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠭᠠᠵᠠᠷ ᠰᠢᠷᠣᠢ ᠬᠠᠩᠭᠠᠬᠤ ᠪᠣᠯᠪᠠ᠂ ᠡᠭᠦᠨ ᠳᠤ ᠤᠶᠠᠨ ᠬᠠᠲᠠᠨ ᠴᠢᠨᠠᠷᠲᠠᠶ ᠪᠠᠷ ᠵᠢᠯ ᠢᠶᠠᠷ ᠰᠢᠯᠵᠢᠭᠦᠯᠵᠦ ᠥᠭᠬᠦ ᠠᠷᠭ᠎ᠠ ᠮᠠᠶ᠋ᠢᠭ ᠤᠨ ᠰᠢᠯᠵᠢᠭᠦᠯᠵᠦ ᠥᠭᠬᠦ ᠬᠤᠭᠤᠴᠠᠭᠠᠨ ᠤ ᠲᠦᠷᠦᠭᠦᠦ ᠬᠤᠭᠤᠴᠠᠭ᠎ᠠ ᠨᠢ 10 ᠵᠢᠯ ᠪᠠᠶᠢᠵᠤ᠂ ᠤᠷᠲᠤᠳᠬᠠᠬᠤ ᠬᠤᠭᠤᠴᠠᠭ᠎ᠠ ᠶᠢ ᠪᠣᠯ 10 ᠵᠢᠯ᠂ 20 ᠵᠢᠯ᠂ 30 ᠵᠢᠯ᠂ 40 ᠵᠢᠯ ᠠᠴᠠ ᠰᠣᠩᠭᠤᠵᠤ ᠪᠣᠯᠤᠨ᠎ᠠ᠂ ᠰᠢᠯᠵᠢᠭᠦᠯᠵᠦ ᠥᠭᠬᠦ ᠶᠡᠷᠦᠩᠬᠡᠢ ᠬᠤᠭᠤᠴᠠᠭ᠎ᠠ ᠶᠢ ᠬᠠᠤᠯᠢ ᠪᠠᠷ ᠲᠣᠭᠲᠠᠭᠠᠭᠰᠠᠨ ᠰᠢᠯᠵᠢᠭᠦᠯᠵᠦ ᠥᠭᠬᠦ ᠬᠠᠮᠤᠭ ᠤᠨ ᠤᠷᠲᠤ ᠪᠣᠯᠬᠤ ᠵᠢᠯ ᠤᠨ ᠬᠢᠵᠠᠭᠠᠷ ᠠᠴᠠ ᠬᠡᠲᠦᠷᠡᠭᠦᠯᠵᠦ ᠪᠣᠯᠬᠤ ᠦᠭᠡᠢ︔ ᠤᠷᠲᠤ ᠬᠤᠭᠤᠴᠠᠭ᠎ᠠ ᠪᠠᠷ ᠳᠦᠷᠢᠶᠡᠰᠦᠯᠡᠭᠦᠯᠬᠦ ᠠᠷᠭ᠎ᠠ ᠮᠠᠶ᠋ᠢᠭ ᠤᠨ ᠳᠦᠷᠢᠶᠡᠰᠦᠯᠡᠭᠦᠯᠬᠦ ᠬᠤᠭᠤᠴᠠᠭ᠎ᠠ  ᠶᠢ ᠪᠣᠯ 5 ᠵᠢᠯ᠂ 10 ᠵᠢᠯ᠂ 15 ᠵᠢᠯ ᠪᠠᠶᠢᠯᠭᠠᠵᠤ᠂ ᠬᠠᠮᠤᠭ ᠤᠨ ᠤᠷᠲᠤ ᠳᠤ ᠪᠠᠨ 20 ᠵᠢᠯ ᠠᠴᠠ ᠬᠡᠲᠦᠷᠡᠭᠦᠯᠵᠦ ᠪᠣᠯᠬᠤ ᠦᠭᠡᠶ᠃ ᠣᠳᠣᠬᠠᠨ ᠪᠣᠯᠲᠠᠯ᠎ᠠ᠂ ᠪᠥᠬᠦ ᠬᠤᠲᠠ ᠳᠤ ᠤᠶᠠᠨ ᠬᠠᠲᠠᠨ ᠴᠢᠨᠠᠷᠲᠠᠢ ᠪᠠᠷ ᠬᠠᠩᠭᠠᠭᠰᠠᠨ ᠭᠠᠵᠠᠷ ᠰᠢᠷᠣᠢ ᠨᠡᠶᠢᠲᠡ 28 ᠬᠡᠰᠡᠭ ᠪᠠᠶᠢᠵᠤ᠂ ᠲᠠᠯᠠᠪᠠᠶ ᠨᠢ 293.1965 ᠾᠧᠺᠲ᠋ᠠᠷ ᠲᠤ ᠬᠦᠷᠴᠦ᠂ ᠠᠵᠤ ᠠᠬᠤᠶᠢᠯᠠᠯ ᠳᠤ ᠰᠢᠯᠵᠢᠭᠦᠯᠵᠦ ᠥᠭᠬᠦ ᠭᠠᠵᠠᠷ ᠰᠢᠷᠣᠶ ᠶᠢᠨ ᠮᠥᠩᠭᠦ ᠶᠢ ᠨᠡᠶᠢᠲᠡ 2.91 ᠳ᠋ᠦᠩᠰᠢᠭᠤᠷ ᠲᠥᠭᠦᠷᠢᠭ ᠠᠷᠪᠢᠯᠠᠵᠤ ᠥᠭᠪᠡ᠃
ᠢᠷᠡᠯᠲᠡ᠄ ᠤᠷᠳᠤᠰ ᠬᠤᠳᠠ ᠶᠢᠨ ᠵᠠᠰᠠᠭ ᠤᠨ ᠣᠷᠳᠣᠨ